ᠲᠠᠶᠢᠹᠤᠰᠧ ᠬᠤᠰᠢᠭᠤ ︽ᠪᠡᠯᠴᠢᠭᠡᠷ ᠰᠡᠷᠭᠦᠬᠡᠵᠦ ᠪᠡᠯᠴᠢᠭᠡᠷᠯᠡᠬᠦᠯᠬᠦ ᠶᠢ ᠴᠠᠭᠠᠵᠠᠯᠬᠠᠤ ᠬᠠᠮᠢᠶᠠᠷᠤᠯᠳᠠ ᠶᠢᠨ | ᠠᠷᠭ᠎ᠠ︾ ᠶᠢ ᠴᠢᠩᠭ᠎ᠠ ᠭᠡᠷᠡᠭᠵᠢᠬᠦᠯᠦᠨ᠂ ︽ᠬᠤᠨᠢ ᠶᠢ ᠴᠦᠬᠡᠳᠭᠡᠵᠦ᠂ ᠦᠬᠡᠷ ᠢ ᠦᠰᠭᠡᠬᠦ︾ ᠪᠠᠶᠢᠯᠳᠤᠬᠤ | ᠪᠤᠳᠤᠯᠭ᠎ᠠ ᠶᠢ ᠲᠦᠯᠬᠢᠨ ᠠᠬᠢᠭᠤᠯᠵᠤ᠂ ᠠᠮᠢ ᠠᠬᠤᠢ ᠶᠢᠨ ᠪᠦᠳᠦᠭᠡᠨ ᠪᠠᠶᠢᠭᠤᠯᠤᠯᠳᠠ ᠶᠢᠨ ᠦᠷ᠎ᠡ ᠪᠦᠳᠦᠮᠵᠢ ᠶᠢ | ᠦᠨᠡᠨᠬᠦ ᠬᠠᠮᠠᠭᠠᠯᠬᠠᠤ ᠶᠢᠨ ᠲᠦᠯᠦᠬᠡ᠂ 10 ᠳ᠋ᠤᠭᠠᠷ ᠰᠠᠷ᠎ᠠ ᠶᠢᠨ 25 ᠤ ᠡᠳᠦᠷ ᠠᠴᠠ ᠡᠬᠢᠯᠡᠨ ᠢᠷᠡᠬᠦ ᠵᠢᠯ ᠤᠨ | ᠡᠬᠢ ᠬᠦᠷᠳᠡᠯ᠎ᠡ ᠪᠦᠬᠦ ᠬᠤᠰᠢᠭᠤᠨ ᠤ ᠲᠠᠷᠢᠶᠠᠯᠬᠠᠤ ᠤᠷᠤᠨ ᠳᠤ ᠪᠤᠭ ᠮᠠᠯ ᠤᠨ ᠪᠡᠯᠴᠢᠭᠡᠷᠯᠡᠬᠦᠯᠬᠦ ᠶᠢ ᠴᠠᠭᠠᠵᠠᠯᠬᠠᠤ | ᠠᠵᠢᠯ ᠢ ᠴᠢᠩᠭᠠᠳᠬᠠᠬᠤ ᠲᠤᠰᠬᠠᠢ ᠴᠡᠭᠴᠡᠯᠡᠯᠳᠡ ᠶᠠᠪᠤᠭᠤᠯᠬᠤ ᠪᠠᠷ ᠪᠠᠶᠢᠨ᠎ᠠ᠃ | ᠲᠤᠰ ᠬᠤᠰᠢᠭᠤ ᠶᠠᠭᠤᠨ ᠤ ᠤᠷᠢᠳ ᠤᠢ ᠰᠢᠭᠤᠢ᠂ ᠨᠤᠳᠤᠭ ᠪᠡᠯᠴᠢᠭᠡᠷ ᠤᠨ ᠬᠠᠮᠢᠶᠠᠷᠤᠯᠳᠠ ᠶᠢᠨ ᠰᠠᠯᠠᠭ᠎ᠠ | ᠮᠦᠴᠢᠷ ᠬᠢᠭᠡᠳ ᠡᠯ᠎ᠡ ᠰᠢᠶᠠᠩ ᠪᠠᠯᠭᠠᠰᠤ ᠶᠢᠨ ᠭᠤᠤᠯ ᠤᠳᠤᠷᠢᠳᠤᠯᠭ᠎ᠠ ᠪᠠᠷ ᠪᠦᠷᠢᠯᠳᠦᠭᠰᠡᠨ ᠲᠠᠷᠢᠶᠠᠯᠬᠠᠤ ᠤᠷᠤᠨ ᠤ | ᠪᠤᠭ ᠮᠠᠯ ᠤᠨ ᠪᠡᠯᠴᠢᠭᠡᠷᠯᠡᠬᠦᠯᠬᠦ ᠶᠢ ᠴᠠᠭᠠᠵᠠᠯᠬᠠᠤ ᠲᠤᠰᠬᠠᠢ ᠴᠡᠭᠴᠡᠯᠡᠯᠳᠡ ᠶᠢᠨ ᠠᠵᠢᠯᠯᠠᠭᠠᠨ ᠤ ᠤᠳᠤᠷᠢᠳᠬᠤ | ᠲᠤᠭᠤᠶᠢᠯᠠᠩ ᠢ ᠪᠠᠶᠢᠭᠤᠯᠵᠤ᠂ ᠲᠤᠤᠷ᠎ᠠ ᠨᠢ ᠪᠠᠰᠠ 7 ᠠᠵᠢᠯᠯᠬᠠᠤ ᠠᠩᠬᠢ ᠲᠤᠬᠢᠷᠠᠭᠤᠯᠤᠨ᠂ ᠡᠯ᠎ᠡ ᠰᠢᠶᠠᠩ | ᠪᠠᠯᠭᠠᠰᠤ ᠶᠢᠨ ᠬᠠᠮᠢᠶᠠᠷᠤᠯᠳᠠ ᠶᠢᠨ ᠠᠵᠢᠯ ᠢ ᠬᠠᠷᠢᠭᠤᠴᠠᠭᠤᠯᠤᠭᠰᠠᠨ ᠤ ᠬᠠᠮᠳᠤ ᠰᠢᠶᠠᠩ ᠪᠠᠯᠭᠠᠰᠤ ᠶᠢ ᠬᠤᠪᠢᠳᠠᠵᠤ | ᠲᠠᠭᠠᠭᠠᠴᠢᠯᠠᠭᠰᠠᠨ ᠭᠠᠵᠠᠷ ᠤᠨ ᠲᠡᠰ ᠤᠨ ᠤᠳᠤᠷᠢᠳᠬᠤ ᠺᠠᠳ᠋ᠷ ᠨᠠᠷ ᠴᠤ ᠦᠪᠡᠷ ᠦᠪᠡᠷ ᠤᠨ ᠴᠢᠭ᠋ ᠲᠡᠭᠡᠨ | ᠬᠦᠨᠵᠡᠬᠡᠶᠢᠷᠡᠨ᠂ ᠲᠤᠭᠤᠷᠢᠨ ᠪᠠᠶᠢᠴᠠᠭᠠᠵᠤ ᠬᠢᠨᠠᠨ ᠵᠢᠯᠤᠭᠤᠳᠬᠤ ᠠᠵᠢᠯ ᠢ ᠬᠢᠵᠦ᠂ ᠡᠯ᠎ᠡ ᠰᠢᠶᠠᠩ ᠪᠠᠯᠭᠠᠰᠤ ᠪᠠ ᠤᠢ | ᠰᠢᠭᠤᠢ ᠶᠢᠨ ᠴᠠᠭᠳᠠᠭ᠎ᠠ ᠶᠢᠨ ᠲᠤᠮᠢᠯᠠᠭᠰᠠᠨ ᠰᠠᠯᠪᠤᠷᠢ ᠨᠢ ᠬᠤᠯᠪᠤᠭᠠᠯᠠᠨ᠂ ᠡᠯ᠎ᠡ ᠲᠤᠰᠬᠤᠨ ᠤ ᠠᠮᠢ ᠠᠬᠤᠢ ᠶᠢᠨ | ᠬᠠᠮᠢᠶᠠᠷᠤᠯᠳᠠ ᠶᠢᠨ ᠠᠵᠢᠯᠳᠠᠨ ᠪᠠ ᠤᠢ ᠰᠢᠭᠤᠢ ᠶᠢᠨ ᠬᠠᠮᠠᠭᠠᠯᠠᠭᠴᠢ ᠨᠢ ᠦᠢᠯᠡᠳᠦᠯ ᠢᠶᠠᠨ ᠬᠦᠢᠴᠡᠳ ᠪᠠᠳᠠᠷᠠᠭᠤᠯᠵᠤ | ᠂ ᠪᠠᠶᠢᠷᠢ ᠰᠤᠯᠢᠵᠤ ᠬᠠᠤᠯᠢ ᠭᠡᠷᠡᠭᠵᠢᠬᠦᠯᠬᠦ ᠠᠷᠭ᠎ᠠ ᠪᠠᠷ ᠨᠢᠭᠤᠷ ᠲᠠᠯ᠎ᠠ ᠬᠠᠷᠬᠠᠤ ᠦᠵᠡᠭᠳᠡᠯ ᠢ ᠪᠦᠳᠦᠮᠵᠢᠳᠡᠢ | ᠬᠤᠷᠢᠭᠯᠠᠨ᠂ ᠠᠮᠢ ᠠᠬᠤᠢ ᠡᠪᠳᠡᠭᠰᠡᠨ ᠬᠠᠤᠯᠢ ᠪᠤᠰᠤ ᠠᠵᠢᠯᠯᠠᠭ᠎ᠠ ᠳᠤ ᠢᠯᠳᠠᠷ ᠬᠠᠶ᠋ᠬᠠᠤ ᠦᠬᠡᠢ ᠴᠢᠩᠭ᠎ᠠ ᠴᠤᠬᠢᠯᠳᠠ | ᠦᠭᠴᠦ ᠪᠠᠶᠢᠨ᠎ᠠ᠃ ᠬᠤᠰᠢᠭᠤ ᠵᠠᠰᠠᠭ ᠤᠨ ᠤᠷᠳᠤᠨ ᠠᠴᠠ ︽ᠲᠠᠷᠢᠶᠠᠯᠬᠠᠤ ᠤᠷᠤᠨ ᠳᠤ ᠪᠡᠯᠴᠢᠭᠡᠷᠯᠡᠬᠦᠯᠬᠦ ᠶᠢ | ᠴᠠᠭᠠᠵᠠᠯᠬᠠᠤ ᠲᠤᠰᠬᠠᠢ ᠴᠡᠭᠴᠡᠯᠡᠯᠳᠡ ᠶᠠᠪᠤᠭᠤᠯᠬᠤ ᠲᠤᠬᠠᠢ ᠠᠯᠪᠠᠨ ᠵᠠᠷ︾ ᠢ ᠨᠡᠶᠢᠳᠡᠯᠡᠵᠦ᠂ ᠷᠠᠳᠢᠤ᠋ ᠲᠧᠯᠸᠢᠰ᠂ | ᠸᠢᠴᠠᠲ᠂ ᠤᠬᠠᠭᠤᠯᠭ᠎ᠠ ᠶᠢᠨ ᠤᠷᠢᠶ᠎ᠠ ᠵᠡᠷᠭᠡ ᠶᠢ ᠠᠰᠢᠭᠯᠠᠵᠤ᠂ ︽ᠤᠢ ᠢᠭᠤᠢ ᠶᠢᠨ ᠬᠠᠤᠯᠢ︾᠂ ︽ᠡᠯᠡᠰᠦ ᠶᠢ | ᠰᠡᠷᠭᠡᠶᠢᠯᠡᠨ ᠵᠠᠰᠬᠠᠤ ᠬᠠᠤᠯᠢ︾᠂ ︽ᠦᠪᠦᠷ ᠮᠤᠩᠭᠤᠯ ᠤᠨ ᠦᠪᠡᠷᠳᠡᠭᠡᠨ ᠵᠠᠰᠬᠠᠤ ᠤᠷᠤᠨ ᠤ ᠲᠠᠯ᠎ᠠ ᠨᠤᠳᠤᠭ ᠤᠨ | ᠬᠠᠮᠠᠭᠠᠯᠠᠯᠳᠠ ᠶᠢᠨ ᠲᠦᠷᠢᠮ︾᠂ ︽ᠲᠠᠶᠢᠹᠤᠰᠧ ᠬᠤᠰᠢᠭᠤᠨ ᠤ ᠪᠡᠯᠴᠢᠭᠡᠷ ᠰᠡᠷᠭᠦᠬᠡᠵᠦ ᠪᠡᠯᠴᠢᠭᠡᠷᠯᠡᠬᠦᠯᠬᠦ ᠶᠢ | ᠴᠠᠭᠠᠵᠠᠯᠬᠠᠤ ᠬᠠᠮᠢᠶᠠᠷᠤᠯᠳᠠ ᠶᠢᠨ ᠠᠷᠭ᠎ᠠ︾ ᠵᠡᠷᠭᠡ ᠬᠠᠤᠯᠢ ᠲᠦᠷᠢᠮ ᠢ ᠬᠦᠴᠦᠳᠡᠢ ᠤᠬᠠᠭᠤᠯᠤᠨ᠂ ᠠᠷᠠᠳ ᠤᠯᠠᠨ | ᠨᠡᠶᠢᠬᠡᠮ ᠨᠡᠶᠢᠳᠡ ᠶᠢᠨ ᠠᠮᠢ ᠠᠬᠤᠢ ᠶᠢᠨ ᠬᠠᠮᠠᠭᠠᠯᠠᠯᠳᠠ ᠶᠢᠨ ᠲᠤᠬᠠᠢ ᠤᠬᠠᠮᠰᠠᠷ ᠲᠠᠨᠢᠯᠳᠠ ᠶᠢ ᠲᠡᠭᠡᠭᠰᠢᠯᠡᠬᠦᠯᠦᠭᠰᠡᠨ | ᠪᠦᠬᠡᠳ ᠬᠢᠨᠠᠯᠳᠠ ᠲᠠᠯᠪᠢᠵᠤ ᠢᠯᠡᠴᠢᠯᠡᠨ ᠮᠡᠳᠡᠬᠦᠯᠬᠦ ᠲᠤᠰᠬᠠᠢ ᠤᠳᠠᠰᠤ ᠶᠢ ᠲᠤᠬᠢᠷᠠᠭᠤᠯᠵᠤ᠂ ᠱᠠᠩᠨᠠᠨ | ᠵᠤᠷᠢᠭᠵᠢᠭᠤᠯᠬᠤ ᠠᠷᠭ᠎ᠠ ᠪᠠᠷ ᠤᠯᠠᠨ ᠲᠦᠮᠡᠨ ᠤ ᠬᠠᠤᠯᠢ ᠪᠤᠰᠤ ᠠᠵᠢᠯᠯᠠᠭ᠎ᠠ ᠶᠢ ᠢᠯᠡᠴᠢᠯᠡᠨ ᠮᠡᠳᠡᠬᠦᠯᠬᠦ ᠶᠢ | ᠲᠠᠶᠢᠴᠢᠯᠠᠵᠠᠢ᠃ ᠠᠵᠢᠯᠳᠠᠳ ᠤᠨ ᠬᠠᠤᠯᠢ ᠶᠤᠰᠤᠭᠠᠷ ᠠᠵᠢᠯ ᠢᠶᠠᠨ ᠦᠷᠨᠢᠬᠦᠯᠬᠦ ᠳᠤ ᠬᠢᠨᠠᠯᠳᠠ ᠲᠠᠯᠪᠢᠵᠤ᠂ ᠡᠷᠭᠡ | ᠲᠡᠭᠰᠢ᠂ ᠲᠦᠪ ᠭᠤᠤᠯᠴᠢ᠂ ᠢᠯᠡ ᠲᠤᠳᠤ ᠬᠠᠤᠯᠢ ᠭᠡᠷᠡᠭᠵᠢᠬᠦᠯᠬᠦ ᠶᠢ ᠪᠠᠳᠤᠯᠠᠨ᠂ ᠬᠤᠰᠢᠭᠤᠨ ᠤ ᠵᠤᠬᠢᠶᠠᠨ | ᠪᠠᠶᠢᠭᠤᠯᠬᠤ ᠬᠡᠯᠳᠡᠰ᠂ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ᠂ ᠮᠡᠳᠡᠭᠡ ᠵᠠᠩᠬᠢ ᠱᠠᠭᠠᠷᠳᠠᠨ ᠪᠠᠶᠢᠴᠠᠭᠠᠬᠤ ᠠᠯᠪᠠᠨ | ᠭᠡᠷ᠂ ᠤᠢ ᠰᠢᠭᠤᠢ ᠶᠢᠨ ᠲᠤᠪᠴᠢᠶ᠎ᠠ ᠪᠠ ᠲᠧᠯᠸᠢᠰ ᠬᠤᠷᠢᠶ᠎ᠠ ᠵᠡᠷᠭᠡ ᠰᠠᠯᠠᠭ᠎ᠠ ᠮᠦᠴᠢᠷ ᠨᠢ ᠬᠤᠯᠪᠤᠭᠠᠯᠠᠨ | ᠪᠠᠶᠢᠴᠠᠭᠠᠬᠤ ᠲᠤᠭᠤᠶᠢᠯᠠᠩ ᠪᠠᠶᠢᠭᠤᠯᠵᠤ᠂ ᠪᠦᠬᠦ ᠬᠤᠰᠢᠭᠤᠨ ᠤ ᠪᠡᠯᠴᠢᠭᠡᠷᠯᠡᠬᠦᠯᠬᠦ ᠶᠢ ᠴᠠᠭᠠᠵᠠᠯᠬᠠᠤ ᠲᠦᠷᠦ ᠶᠢᠨ | ᠪᠤᠳᠤᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠲᠤᠭᠤᠷᠢᠨ ᠪᠠᠶᠢᠴᠠᠭᠠᠯᠳᠠ ᠬᠢᠵᠦ᠂ ᠭᠡᠷᠡᠭᠵᠢᠬᠦᠯᠦᠯᠳᠡ ᠰᠤᠯᠠ | ᠂ ᠠᠷᠭ᠎ᠠ ᠠᠪᠴᠡᠯ ᠬᠦᠴᠦᠨ ᠦᠬᠡᠢ ᠰᠢᠶᠠᠩ ᠪᠠᠯᠭᠠᠰᠤ ᠪᠠ ᠲᠤᠰᠬᠤᠨ ᠤ ᠭᠤᠤᠯ ᠤᠳᠤᠷᠢᠳᠤᠯᠭ᠎ᠠ ᠳᠤ | ᠰᠡᠷᠡᠮᠵᠢᠯᠡᠬᠦᠯᠦᠯ ᠦᠭᠴᠦ᠂ ᠪᠠᠶᠢᠳᠠᠯ ᠢ ᠪᠦᠬᠦ ᠬᠤᠰᠢᠭᠤᠨ ᠳᠤ ᠨᠡᠶᠢᠳᠡᠯᠡᠨ ᠮᠡᠳᠡᠭᠡᠯᠡᠬᠦ ᠶᠢᠨ ᠬᠠᠮᠳᠤ ᠵᠢᠯ ᠤᠨ | ᠡᠴᠦᠰ ᠤᠨ ᠬᠢᠨᠠᠨ ᠰᠢᠯᠭᠠᠯᠳᠠ ᠳᠤ ᠤᠷᠤᠭᠤᠯᠬᠤ ᠪᠠᠷ ᠲᠤᠭᠳᠠᠪᠠ᠃ ᠲᠤᠰᠬᠠᠢ ᠴᠡᠭᠴᠡᠯᠡᠯᠳᠡ ᠶᠢ | ᠡᠬᠢᠯᠡᠬᠦᠯᠥᠭᠰᠡᠨ ᠠᠴᠠ ᠨᠠᠰᠢ᠂ ᠲᠤᠰ ᠬᠤᠰᠢᠭᠤ ᠨᠢᠬᠡᠨᠳᠡ ᠬᠠᠤᠯᠢ ᠲᠦᠷᠢᠮ ᠵᠦᠷᠢᠴᠡᠵᠦ ᠬᠤᠯᠠᠭᠠᠢ ᠪᠠᠷ | ᠪᠡᠯᠴᠢᠭᠡᠷᠯᠡᠬᠦᠯᠦᠭᠰᠡᠨ ᠭᠡᠷᠡᠭ ᠢ 28 ᠤᠳᠠᠭ᠎ᠠ ᠪᠠᠶᠢᠴᠠᠭᠠᠨ ᠰᠢᠢᠳᠪᠦᠷᠢᠯᠡᠵᠦ᠂ ᠨᠡᠶᠢᠳᠡ 36200 ᠲᠦᠬᠦᠷᠢᠭ ᠤᠨ | ᠠᠵᠤ ᠠᠬᠤᠢ ᠶᠢᠨ ᠲᠤᠷᠭᠠᠭᠤᠯᠢ ᠶᠠᠪᠤᠭᠤᠯᠵᠠᠢ᠃ |