ᠰᠢᠯᠢ ᠶᠢᠨ ᠬᠤᠲᠠ ᠶᠢᠨ ᠮᠤᠩᠭᠤᠯ ᠳᠤᠮᠳᠠᠳᠤ ᠰᠤᠷᠭᠠᠭᠤᠯᠢ ᠶᠢᠨ ᠪᠠᠭᠰᠢ ᠭᠡᠷᠡᠯᠲᠤ ︽ᠰᠤ᠋ ᠪᠦ᠋ ᠴᠢᠩ ᠤᠨ ᠲᠤᠭᠠᠨ ᠤ ᠤᠬᠠᠭᠠᠨ ᠤ ᠰᠤᠷᠭᠠᠨ ᠬᠦᠮᠦᠵᠢᠯ ᠤᠨ ᠱᠠᠩᠨᠠᠯ︾ ᠲᠤᠰᠴᠠᠢ
ᠨᠡᠶᠢᠲᠡᠯᠡᠭᠰᠡᠨ ᠴᠠᠭ᠄
2016/11/29
    11 ᠳ᠋ᠤᠭᠡᠷ ᠰᠠᠷ᠎ᠠ ᠶᠢᠨ 26 ᠤ ᠡᠳᠥᠷ ᠠᠷᠪᠠᠨ ᠨᠢᠭᠡᠳᠥᠭᠡᠷ ᠬᠤᠭᠤᠴᠠᠭᠠᠨ ᠤ ︽ᠰᠦ᠋ ᠪᠦ᠋ ᠴᠢᠩ ᠤᠨ ᠲᠤᠭᠠᠨ ᠤ ᠤᠬᠠᠭᠠᠨ ᠤ ᠰᠤᠷᠭᠠᠨ ᠬᠥᠮᠥᠵᠢᠯ ᠤᠨ ᠱᠠᠩᠨᠠᠯ︾ ᠤᠨ ᠱᠠᠩᠨᠠᠯ ᠤᠯᠭᠤᠬᠤ ᠶᠤᠰᠤᠯᠠᠯ ᠵᠧᠵᠢᠶᠠᠩ ᠮᠤᠵᠢ ᠶᠢᠨ ᠸᠧᠨᠵᠸᠥ ᠬᠤᠳᠠ ᠳᠤ ᠶᠠᠪᠤᠭᠳᠠᠵᠥ᠂ ᠪᠥᠬᠦ ᠤᠯᠤᠰ ᠤᠨ 21 ᠮᠤᠵᠢ᠂ ᠬᠤᠳᠠ᠂ ᠥᠪᠡᠷᠳᠡᠭᠡᠨ ᠵᠠᠰᠠᠬᠤ ᠤᠷᠤᠨ ᠠᠴᠠ ᠢᠷᠡᠭᠰᠡᠨ 25 ᠪᠠᠭᠰᠢ ᠲᠤᠰ ᠱᠠᠩᠨᠠᠯ ᠢ ᠲᠤᠰᠴᠥ᠂ ᠡᠬᠦᠨ ᠤ ᠲᠤᠳᠤᠷ᠎ᠠ ᠰᠢᠯᠢ ᠶᠢᠨ ᠬᠤᠳᠠ ᠶᠢᠨ ᠮᠤᠩᠭᠤᠯ ᠲᠤᠮᠳᠠᠳᠥ ᠰᠤᠷᠭᠠᠭᠤᠯᠢ ᠶᠢᠨ ᠪᠠᠭᠰᠢ ᠡ᠊ · ᠭᠡᠷᠡᠯᠳᠥ ᠪᠤᠯ ᠮᠠᠨ ᠤ ᠤᠷᠤᠨ ᠤ ᠴᠤᠷ ᠤᠨ ᠭᠠᠭᠴᠠ ᠱᠠᠩᠨᠠᠯ ᠭᠠᠷᠳᠠᠭᠴᠢ ᠮᠥᠷᠳᠡᠭᠡᠨ ᠪᠥᠬᠦ ᠤᠯᠤᠰ ᠤᠨ ᠴᠥᠬᠡᠨ ᠲᠤᠭᠠᠳᠥ ᠥᠨᠳᠥᠰᠥᠳᠡᠨ ᠤ ᠴᠤᠷ ᠤᠨ ᠭᠠᠭᠴᠠ ᠱᠠᠩᠨᠠᠯ ᠲᠤᠰᠤᠭᠰᠠᠨ ᠪᠠᠭᠰᠢ ᠪᠤᠯᠤᠨ᠎ᠠ᠃     ᠡ᠊ · ᠭᠡᠷᠡᠯᠳᠥ ᠪᠠᠭᠰᠢ 1983 ᠤᠨ ᠳᠤ ᠥᠪᠥᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠠᠴᠠ ᠲᠡᠬᠦᠰᠴᠥ᠂ ᠤᠷᠢᠳ ᠬᠤᠵᠢᠳ ᠬᠥᠪᠡᠭᠡᠳᠥ ᠰᠢᠷ᠎ᠠ ᠬᠤᠰᠢᠭᠤᠨ ᠤ ᠮᠤᠩᠭᠤᠯ ᠲᠤᠮᠳᠠᠳᠥ ᠰᠤᠷᠭᠠᠭᠤᠯᠢ᠂ ᠰᠢᠯᠢ ᠶᠢᠨ ᠬᠤᠳᠠ ᠶᠢᠨ ᠮᠤᠩᠭᠤᠯ ᠲᠤᠮᠳᠠᠳᠥ ᠰᠤᠷᠭᠠᠭᠤᠯᠢ ᠳᠤ ᠪᠠᠭᠰᠢᠯᠠᠵᠥ᠂ ᠭᠤᠴᠢ ᠭᠠᠷᠤᠢ ᠵᠢᠯ ᠤᠨ ᠲᠤᠷᠰᠢ ᠥᠨᠳᠥᠰᠥᠳᠡᠨ ᠤ ᠰᠣᠷᠭᠠᠨ ᠬᠥᠮᠥᠵᠢᠯ ᠤᠨ ᠡᠮᠤᠨ᠎ᠡ ᠹᠷᠤᠨᠲ ᠲᠤ ᠭᠠᠪᠰᠢᠭᠠᠶᠢᠯᠠᠭᠰᠠᠭᠠᠷ ᠢᠷᠡᠵᠡᠢ᠃ ᠡ᠊ · ᠭᠡᠷᠡᠯᠳᠥ ᠪᠠᠭᠰᠢ ᠮᠤᠩᠭᠤᠯ ᠰᠤᠷᠤᠭᠴᠢ ᠶᠢᠨ ᠤᠨᠴᠠᠯᠢᠭ ᠢ ᠥᠨᠳᠥᠰᠥᠯᠡᠨ᠂ ᠰᠡᠬᠡᠭᠡᠷᠡᠬᠦᠯᠬᠦ ᠬᠡᠯᠪᠡᠷᠢ ᠶᠢᠨ ᠵᠢᠭᠠᠨ ᠰᠤᠷᠭᠠᠯᠳᠠ ᠶᠢᠨ ᠠᠷᠭ᠎ᠠ ᠪᠠ ᠪᠠᠶᠠᠷ ᠬᠥᠷ ᠲᠠᠢ ᠰᠤᠷᠤᠯᠴᠠᠬᠤ ᠵᠢᠭᠠᠨ ᠰᠤᠷᠭᠠᠯᠳᠠ ᠶᠢᠨ ᠠᠷᠭ᠎ᠠ ᠶᠢ ᠤᠶᠠᠯᠳᠤᠭᠤᠯᠤᠨ ᠬᠡᠷᠡᠭᠯᠡᠵᠥ᠂ ᠲᠤᠭᠠᠨ ᠤ ᠬᠢᠴᠢᠶᠡᠯ ᠢ ᠠᠮᠢᠳᠤᠯᠢᠭ ᠰᠤᠨᠢᠷᠬᠠᠯᠳᠠᠢ ᠤᠷᠤᠳᠠᠭ ᠠᠴᠠ ᠲᠡᠬᠦᠨ ᠤ ᠵᠢᠭᠠᠭᠰᠠᠨ ᠰᠤᠷᠤᠭᠴᠢᠳ ᠲᠤᠭᠠᠨ ᠤ ᠰᠢᠯᠭᠠᠯᠳᠠ ᠳᠤ ᠢᠯᠡᠷᠬᠡᠢ ᠰᠠᠶᠢᠨ ᠬᠢᠷᠢ ᠪᠥᠳᠥᠮᠵᠢ ᠤᠯᠵᠥ᠂ ᠨᠡᠯᠢᠶᠡᠳ ᠬᠡᠳᠥᠨ ᠰᠤᠷᠤᠭᠴᠢ ᠶᠡᠭᠡ ᠲᠡᠭᠡᠳᠥ ᠰᠤᠷᠭᠠᠭᠤᠯᠢ ᠳᠤ ᠲᠡᠪᠰᠢᠬᠦ ᠤᠯᠤᠰ ᠤᠨ ᠨᠢᠭᠡᠳᠥᠯᠳᠠᠢ ᠰᠢᠯᠭᠠᠯᠳᠠ ᠳᠤ ᠲᠤᠭᠠᠨ ᠤ ᠬᠢᠷᠢ ᠪᠥᠳᠥᠮᠵᠢ ᠪᠠᠷ ᠢᠶᠠᠨ ᠠᠶᠢᠮᠠᠭ ᠲᠠᠭᠠᠨ ᠲᠡᠷᠢᠬᠦᠯᠡᠭᠰᠡᠨ ᠪᠥᠭᠡᠳ ᠤᠨᠴᠠᠭᠠᠶᠢᠯᠠᠨ ᠲᠤᠷᠠᠳᠤᠭᠤᠰᠢᠳᠠᠢ ᠨᠢ ᠲᠡᠬᠦᠨ ᠤ ᠰᠤᠷᠤᠭᠴᠢ ᠰᠤᠳᠤᠪᠢᠯᠢᠭ᠌ 2003 ᠤᠨ ᠤ ᠤᠯᠤᠰ ᠤᠨ ᠰᠢᠯᠭᠠᠯᠳᠠ ᠳᠤ 132 ᠬᠤᠪᠢ ᠪᠠᠷ ᠪᠥᠬᠦ ᠤᠷᠤᠨ ᠳᠤ ᠲᠡᠷᠢᠬᠦᠯᠡᠵᠥ ᠥᠩᠭᠡᠷᠡᠵᠡᠢ᠃ ᠡ᠊ · ᠭᠡᠷᠡᠯᠳᠥ ᠪᠠᠭᠰᠢ ᠶᠢᠨ ᠠᠩᠭᠢ ᠠᠴᠠ ᠤᠷᠢᠳ ᠬᠤᠵᠢᠳ 200 ᠭᠠᠷᠤᠢ ᠰᠤᠷᠤᠭᠴᠢ ᠶᠡᠭᠡ ᠲᠡᠭᠡᠳᠥ ᠰᠤᠷᠭᠠᠭᠤᠯᠢ ᠳᠤ ᠰᠢᠯᠭᠠᠨ ᠤᠷᠤᠭᠰᠠᠨ ᠪᠥᠭᠡᠳ ᠰᠢᠯᠢ ᠶᠢᠨ ᠬᠤᠳᠠ ᠶᠢᠨ ᠮᠤᠩᠭᠤᠯ ᠲᠤᠮᠳᠠᠳᠥ ᠰᠤᠷᠭᠠᠭᠤᠯᠢ ᠶᠢᠨ ᠶᠡᠭᠡ ᠲᠡᠭᠡᠳᠥ ᠰᠤᠷᠭᠠᠭᠤᠯᠢ ᠳᠤ ᠲᠡᠪᠰᠢᠭᠰᠡᠨ ᠨᠤᠷᠮ᠎ᠠ 84.6% ᠬᠥᠷᠥᠭᠰᠡᠨ ᠲᠡᠮᠳᠡᠭᠯᠡᠯ ᠢ ᠲᠡᠬᠦᠨ ᠤ ᠠᠩᠭᠢ ᠡᠬᠦᠳᠥᠭᠰᠡᠨ ᠪᠢᠯᠡ᠃     ᠤᠳᠠᠭᠠᠨ ᠵᠢᠯ ᠤᠨ ᠲᠤᠷᠰᠢ ᠡ᠊ · ᠭᠡᠷᠡᠯᠳᠥ ᠪᠠᠭᠰᠢ ᠬᠢᠴᠢᠶᠡᠯ ᠵᠢᠭᠠᠬᠤ ᠶᠢ ᠪᠠᠷᠢᠮᠳᠠᠯᠠᠬᠤ ᠶᠢᠨ ᠬᠠᠮᠳᠥ ᠵᠢᠭᠠᠨ ᠰᠤᠷᠭᠠᠯᠳᠠ ᠶᠢ ᠰᠤᠳᠤᠯᠬᠤ ᠳᠤ ᠰᠢᠮᠳᠠᠨ᠂ ᠥᠪᠡᠷᠳᠡᠭᠡᠨ ᠵᠠᠰᠠᠬᠤ ᠤᠷᠤᠨ ᠤ ᠲᠡᠰ ᠤᠨ ᠰᠤᠳᠤᠯᠭᠠᠨ ᠤ ᠰᠡᠳᠤᠪ ︽ᠪᠤᠶᠢᠳᠠ ᠪᠥᠭᠯᠡᠬᠦᠥ ᠤᠷᠤᠨ ᠤ ᠴᠥᠬᠡᠨ ᠲᠤᠭᠠᠳᠥ ᠥᠨᠳᠥᠰᠥᠳᠡᠨ ᠤ ᠰᠤᠷᠤᠭᠴᠢ ᠶᠢᠨ ᠰᠤᠷᠤᠯᠴᠠᠯᠭ᠎ᠠ ᠵᠢᠯᠤᠭᠤᠳᠤᠯᠭ᠎ᠠ ᠶᠢᠨ ᠰᠤᠳᠤᠯᠭᠠᠨ︾᠂ ᠲᠤᠮᠳᠠᠳᠥ ᠤᠯᠤᠰ ᠤᠨ ᠰᠤᠷᠭᠠᠨ ᠬᠥᠮᠥᠵᠢᠯ ᠤᠨ ᠰᠤᠳᠤᠯᠭᠠᠨ ᠤ ᠨᠡᠶᠢᠭᠡᠮᠯᠢᠭ ᠤᠨ ᠰᠤᠳᠤᠯᠭᠠᠨ ᠤ ᠰᠡᠳᠤᠪ ︽ᠮᠤᠩᠭᠤᠯ ᠢᠶᠠᠷ ᠬᠢᠴᠢᠶᠡᠯᠯᠡᠬᠦ ᠲᠤᠭᠠᠨ ᠤ ᠬᠢᠴᠢᠶᠡᠯ ᠤᠨ ᠤᠶᠤᠨ ᠤ ᠪᠠ ᠤᠶᠤᠨ ᠤ ᠪᠤᠰᠤ ᠵᠢᠭᠠᠨ ᠰᠤᠷᠭᠠᠯᠳᠠ ᠶᠢᠨ ᠰᠤᠳᠤᠯᠭᠠᠨ︾ ᠵᠡᠷᠭᠡ ᠴᠢᠬᠤᠯᠠ ᠰᠤᠳᠤᠯᠭᠠᠨ ᠤ ᠰᠡᠳᠤᠪ ᠲᠤ ᠤᠷᠤᠯᠴᠠᠵᠥ᠂ ︽ᠲᠡᠩᠴᠡᠬᠦᠥ ᠬᠠᠷᠢᠴᠠᠭᠠᠳᠥ ᠴᠤᠪᠤᠭ᠎ᠠ ᠲᠤᠭ᠎ᠠ ᠶᠢᠨ ᠲᠤᠬᠠᠢ ᠵᠢᠭᠠᠬᠤ ᠲᠥᠯᠥᠪᠯᠡᠭᠡ︾ ᠵᠡᠷᠭᠡ ᠤᠯᠠᠨ ᠥᠬᠦᠯᠡᠯ ᠨᠢ ᠲᠥᠪ ᠤᠨ ᠪᠠ ᠮᠤᠵᠢ ᠶᠢᠨ ᠲᠡᠰ ᠤᠨ ᠰᠡᠳᠬᠦᠯ ᠲᠡᠭᠡᠷ᠎ᠡ ᠨᠡᠶᠢᠳᠡᠯᠡᠭᠳᠡᠵᠡᠢ᠃     ᠤᠶᠢᠯᠠᠭᠠᠭᠰᠠᠨ ᠢᠶᠠᠷ᠂ ︽ᠰᠦ᠋ ᠪᠦ᠋ ᠴᠢᠩ ᠤᠨ ᠲᠤᠭᠠᠨ ᠤ ᠤᠬᠠᠭᠠᠨ ᠤ ᠰᠤᠷᠭᠠᠨ ᠬᠥᠮᠥᠵᠢᠯ ᠤᠨ ᠱᠠᠩᠨᠠᠯ︾ ᠨᠢ 1991 ᠤᠨ ᠤ 9 ᠳ᠋ᠤᠭᠡᠷ ᠰᠠᠷ᠎ᠠ ᠳᠤ ᠰᠢᠶᠠᠩ ᠦ᠋ ᠢ ᠫᠷᠤᠹᠧᠰᠰᠤᠷ ᠵᠡᠷᠭᠡ ᠡᠷᠳᠡᠮᠳᠡᠳ ᠤᠨ ᠰᠠᠨᠠᠭᠠᠴᠢᠯᠠᠭ᠎ᠠ ᠪᠠᠷ ᠹᠦᠳᠠᠨ ᠶᠡᠭᠡ ᠰᠤᠷᠭᠠᠭᠤᠯᠢ᠂ ᠱᠠᠩᠬᠠᠢ ᠬᠤᠳᠠ ᠶᠢᠨ ᠰᠤᠷᠭᠠᠨ ᠬᠥᠮᠥᠵᠢᠯ ᠤᠨ ᠲᠤᠪᠴᠢᠶ᠎ᠠ᠂ ᠱᠠᠩᠬᠠᠢ ᠬᠤᠳᠠ ᠶᠢᠨ ᠲᠤᠮᠳᠠᠳᠥ ᠪᠠᠭ᠎ᠠ ᠰᠤᠷᠭᠠᠭᠤᠯᠢ ᠴᠡᠴᠡᠷᠯᠢᠭ ᠤᠨ ᠪᠠᠭᠰᠢ ᠶᠢ ᠱᠠᠩᠨᠠᠨ ᠬᠥᠬᠢᠬᠦᠯᠬᠦ ᠰᠠᠭᠤᠷᠢ ᠮᠥᠩᠭᠦᠨ ᠤ ᠨᠡᠶᠢᠭᠡᠮᠯᠢᠭ ᠠᠴᠠ ᠬᠠᠮᠳᠤᠷᠠᠨ ᠪᠠᠶᠢᠭᠤᠯᠵᠥ᠂ ᠮᠠᠨ ᠤ ᠤᠯᠤᠰ ᠤᠨ ᠲᠤᠮᠳᠠᠳᠥ ᠰᠤᠷᠭᠠᠭᠤᠯᠢ ᠶᠢᠨ ᠲᠤᠭᠠᠨ ᠤ ᠤᠬᠠᠭᠠᠨ ᠤ ᠰᠤᠷᠭᠠᠨ ᠬᠥᠮᠥᠵᠢᠯ ᠤᠨ ᠬᠢᠨ ᠤ ᠬᠠᠮᠤᠭ ᠤᠨ ᠲᠡᠭᠡᠳᠥ ᠱᠠᠩᠨᠠᠯ ᠪᠤᠯᠤᠨ᠎ᠠ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号