ᠵᠡᠬᠦᠨ ᠦᠵᠦᠮᠦᠴᠢᠨ ᠬᠤᠰᠢᠭᠤ 236.25 ᠲᠦᠮᠡᠨ ᠮᠠᠯ ᠵᠠᠷᠤᠴᠠᠭᠤᠯᠵᠦ ᠲᠦᠯᠦᠪᠯᠡᠭᠰᠡᠨ ᠡᠬᠦᠷᠬᠡ ᠪᠠᠨ ᠲᠠᠪᠠᠭᠤᠯᠤᠨ ᠪᠡᠶᠡᠯᠡᠬᠦᠯᠪᠡ
ᠨᠡᠶᠢᠲᠡᠯᠡᠭᠰᠡᠨ ᠴᠠᠭ᠄
2016/11/4
    ᠡᠨᠡ ᠵᠢᠯ ᠵᠡᠬᠦᠨ ᠦᠵᠦᠮᠦᠴᠢᠨ ᠬᠤᠰᠢᠭᠤ ᠬᠤᠪᠤᠷᠬᠠᠨ ᠲᠤᠬᠢᠶᠠᠯᠳᠤᠬᠤ ᠭᠠᠩ ᠬᠠᠭᠰᠠᠷᠠᠭᠠᠨ ᠳᠤ ᠲᠠᠭᠠᠷᠢᠭᠳᠠᠵᠦ᠂ ᠬᠠᠳᠤᠯᠠᠩ ᠪᠡᠯᠴᠢᠬᠡᠷ ᠶᠡᠬᠡᠪᠡᠷ ᠮᠠᠭᠤᠲᠠᠭᠰᠠᠨ ᠪᠠ ᠮᠠᠯ ᠤᠨ ᠦᠨ᠎ᠡ ᠪᠠᠭᠤᠷᠠᠭᠰᠠᠨ ᠨᠢ ᠮᠠᠯᠴᠢᠳ ᠲᠤ ᠪᠠᠭ᠎ᠠ ᠪᠤᠰᠤ ᠬᠦᠴᠢᠷᠳᠡᠯ ᠠᠪᠴᠢᠷᠠᠵᠠᠢ᠃ ᠡᠨᠡᠬᠦ ᠪᠠᠶᠢᠳᠠᠯ ᠳᠤ ᠴᠢᠭᠯᠡᠬᠦᠯᠦᠨ᠂ ᠲᠤᠰ ᠬᠤᠰᠢᠭᠤ ᠨᠠᠷᠢᠨ ᠪᠤᠳᠠᠳᠠᠢ ᠠᠷᠭ᠎ᠠ ᠬᠡᠮᠵᠢᠶ᠎ᠡ ᠠᠪᠴᠦ᠂ ᠮᠠᠯᠴᠢᠨ ᠲᠦᠮᠡᠨ ᠳᠤ ᠬᠦᠴᠦᠳᠠᠢ ᠲᠡᠮᠵᠢᠯᠬᠡ ᠦᠵᠡᠬᠦᠯᠵᠦ᠂ 10 ᠳ᠋ᠤᠭᠠᠷ ᠰᠠᠷ᠎ᠡ ᠶᠢᠨ 19᠎ ᠤ ᠡᠳᠦᠷ ᠪᠤᠯᠳᠠᠯ᠎ᠠ᠂ 236.25 ᠲᠦᠮᠡᠨ ᠮᠠᠯ ᠵᠠᠷᠤᠴᠠᠭᠤᠯᠵᠦ᠂ ᠪᠦᠬᠦ ᠵᠢᠯ ᠤᠨ ᠡᠬᠦᠷᠭᠡ ᠪᠠᠨ ᠳᠠᠪᠠᠭᠤᠯᠤᠨ ᠪᠠᠶᠡᠯᠡᠬᠦᠯᠵᠤ᠂ 1.45 ᠳ᠋ᠦᠡᠭᠰᠢᠭᠤᠷ ᠺᠢᠯᠦᠭᠷᠠᠮ ᠡᠪᠡᠰᠦ ᠬᠠᠳᠤᠵᠦ ᠨᠥᠬᠡᠴᠡᠯᠡᠵᠡᠢ᠃         ᠵᠡᠬᠦᠨ ᠦᠵᠦᠮᠦᠴᠢᠨ ᠬᠤᠰᠢᠭᠤ ᠮᠠᠯ ᠤᠨ ᠵᠠᠷᠤᠴᠠᠭᠤᠯᠤᠯᠳᠠ ᠶᠢᠨ ᠠᠵᠢᠯ ᠢ ᠰᠠᠶᠢᠳᠣᠷ ᠬᠢᠬᠦ ᠶᠢᠨ ᠲᠤᠯᠠᠳᠠ᠂ ᠤᠬᠠᠭᠤᠯᠭ᠎ᠠ ᠵᠤᠬᠢᠴᠠᠭᠤᠯᠭ᠎ᠠ ᠶᠢᠨ ᠠᠵᠢᠯ ᠢ ᠰᠠᠶᠢᠳᠤᠷ ᠬᠢᠵᠦ᠂ ᠮᠠᠯᠴᠢᠳ ᠲᠤ ᠵᠠᠬ᠎ᠠ ᠳᠡᠯᠬᠡᠬᠦᠷ ᠤᠨ ᠪᠠᠶᠢᠳᠠᠯ ᠢ ᠤᠢᠢᠯᠠᠭᠠᠭᠤᠯᠵᠦ᠂ ᠮᠠᠯ ᠢᠶᠠᠨ ᠡᠷᠳᠡ ᠵᠠᠷᠤᠴᠠᠭᠤᠯᠵᠥ᠂ ᠤᠨᠴᠠᠭᠠᠢᠢᠯᠠᠨ ᠪᠤᠭ ᠮᠠᠯ ᠤᠨ ᠵᠠᠷᠤᠴᠠᠭᠤᠯᠤᠯᠳᠠ ᠶᠢ ᠨᠡᠮᠡᠭᠳᠡᠬᠦᠯᠵᠦ᠂ ᠡᠪᠦᠯᠵᠢᠬᠦᠯᠬᠦ ᠮᠠᠯ ᠢᠶᠠᠨ ᠴᠦᠬᠡᠳᠬᠡᠬᠦ ᠶᠢ ᠤᠬᠠᠭᠤᠯᠵᠠᠢ᠃ ᠬᠤᠰᠢᠭᠤᠨ ᠤ ᠮᠦᠩᠬᠦᠨ ᠬᠦᠢᠯᠬᠡᠬᠡᠨ ᠤ ᠰᠠᠯᠠᠭ᠎ᠠ ᠮᠦᠴᠢᠷ ᠢ ᠵᠤᠬᠢᠴᠠᠭᠤᠯᠤᠨ ᠵᠢᠬᠡᠯᠡᠯᠬᠡ ᠶᠢᠨ ᠬᠡᠪᠴᠢᠶ᠎ᠡ ᠶᠢ ᠥᠷᠬᠡᠳᠬᠡᠵᠦ᠂ ᠤᠯᠠᠭᠠᠨ ᠢᠳᠡᠬᠡᠨ ᠡᠳ᠋ᠰᠢᠬᠦᠯᠦᠨ ᠪᠣᠯᠪᠠᠰᠣᠷᠠᠭᠤᠯᠬᠤ ᠠᠵᠦ ᠠᠬᠤᠶᠢᠯᠠᠯ ᠤᠨ ᠪᠡᠯᠡ ᠮᠥᠡᠭᠭᠦᠨ ᠤ ᠬᠦᠴᠢᠷᠳᠡᠯ ᠢ ᠰᠢᠢᠳᠪᠦᠷᠢᠯᠡᠨ᠂ ᠴᠠᠭ ᠢ ᠵᠠᠪᠳᠣᠨ ᠠᠵᠢᠯᠯᠠᠵᠦ᠂ ᠮᠠᠯ ᠤᠨ ᠵᠠᠷᠣᠴᠠᠭᠤᠯᠣᠯᠳᠠ ᠶᠢ ᠪᠦᠲᠦᠮᠵᠢᠳᠠᠢ ᠠᠬᠢᠭᠤᠯᠬᠤ ᠶᠢ ᠱᠠᠭᠠᠷᠳᠠᠵᠠᠢ᠃ ᠡᠬᠦᠨ ᠤ ᠬᠠᠮᠳᠤ ᠮᠠᠯᠴᠢᠳ ᠤᠨ ᠮᠠᠯ ᠢᠶᠠᠨ ᠲᠡᠬᠡᠬᠡᠪᠦᠷᠢᠯᠡᠨ ᠵᠦᠬᠡᠬᠡᠪᠦᠷᠢᠯᠡᠬᠦ ᠳᠤ ᠰᠦᠢᠳᠬᠡᠯ ᠬᠡᠯᠳᠦᠷᠢᠬᠦᠯᠬᠦ ᠵᠡᠷᠬᠡ ᠬᠠᠷᠠᠭᠠᠯᠵᠠᠯ ᠦᠵᠡᠬᠦᠯᠦᠭᠰᠡᠨ ᠤ ᠳᠠᠭᠠᠤ᠂ ᠪᠦᠬᠦ ᠬᠤᠰᠢᠭᠤᠨ ᠤ 12 ᠠᠮᠢᠳᠣ ᠮᠠᠯ ᠤᠨ ᠰᠣᠯᠢᠯᠴᠠᠭᠠᠨ ᠤ ᠵᠠᠬ᠎ᠠ ᠶᠢᠨ ᠬᠠᠷᠢᠯᠴᠠᠬᠤ ᠠᠷᠭ᠎ᠠ᠂ ᠪᠤᠳᠠᠳᠠᠢ ᠰᠤᠯᠢᠯᠴᠠᠭᠠᠨ ᠤ ᠭᠠᠵᠠᠷ ᠪᠠ ᠴᠠᠭ ᠬᠤᠭᠤᠴᠠᠭ᠎ᠠ ᠶᠢ ᠮᠠᠯᠴᠢᠳ ᠲᠤ ᠴᠠᠭ ᠲᠤᠬᠠᠢ ᠳᠤᠨᠢ ᠮᠡᠳᠡᠭᠳᠡᠬᠦ ᠵᠡᠷᠬᠡ ᠪᠦᠳᠦᠮᠵᠢᠳᠠᠢ ᠠᠷᠭ᠎ᠠ ᠬᠡᠮᠵᠢᠶ᠎ᠡ ᠠᠪᠤᠭᠰᠠᠨ ᠠᠴᠠ ᠪᠥᠬᠦ ᠬᠤᠰᠢᠭᠤᠨ ᠤ ᠮᠠᠯ ᠤᠨ ᠵᠠᠷᠤᠴᠠᠭᠤᠯᠤᠯᠳᠠ ᠶᠢᠨ ᠠᠵᠢᠯ ᠤᠷᠤᠭᠰᠢᠳᠠᠢ ᠶᠠᠪᠤᠭᠳᠠᠵᠦ᠂ ᠤᠳᠤᠬᠠᠨ ᠪᠤᠯᠳᠠᠯ᠎ᠡ 236.25 ᠲᠦᠮᠡᠨ ᠮᠠᠯ ᠵᠠᠷᠤᠴᠠᠭᠤᠯᠵᠦ᠂ ᠡᠬᠦᠨ ᠳᠤ ᠪᠤᠳᠠ ᠮᠠᠯ 5.8 ᠲᠦᠮᠡ᠂ ᠪᠤᠭ ᠮᠠᠯ 230.45 ᠲᠦᠮᠡ ᠪᠠᠶᠢᠵᠦ᠂ ᠠᠮᠢᠳᠤ ᠮᠠᠯ ᠤᠨ ᠰᠤᠯᠢᠯᠴᠠᠭᠠᠨ ᠳᠤ 128.84 ᠲᠦᠮᠡᠨ ᠮᠠᠯ ᠵᠠᠷᠤᠴᠠᠭᠤᠯᠵᠦ᠂ 107.41 ᠲᠦᠮᠠᠡ ᠪᠤᠳᠠ ᠪᠤᠭ ᠮᠠᠯ ᠢ ᠲᠤᠬᠠᠢ ᠶᠢᠨ ᠭᠠᠵᠠᠷ ᠲᠤ ᠡᠳ᠋ᠰᠢᠬᠦᠯᠦᠨ ᠪᠤᠯᠪᠠᠰᠤᠷᠠᠭᠤᠯᠵᠦ᠂ ᠮᠠᠯ ᠤᠨ ᠵᠠᠷᠤᠴᠠᠭᠤᠯᠤᠯᠳᠠ ᠶᠢᠨ ᠵᠢᠯ ᠤᠨ ᠡᠬᠦᠷᠭᠡ ᠪᠠᠨ 103%᠎ ᠪᠠᠷ ᠪᠡᠶᠡᠯᠡᠬᠦᠯᠵᠠᠢ᠃         ᠭᠠᠬᠢᠯ ᠰᠤᠮᠤ ᠶᠢᠨ ᠡᠷᠢᠶᠠᠨᠪᠤᠯᠠᠭ ᠭᠠᠴᠠᠭᠠᠨ ᠤ ᠮᠠᠯᠴᠢᠨ ᠪᠠᠳᠮᠡᠰᠡᠷᠡᠩ ᠤᠨ ᠬᠢᠨ ᠤᠳᠤᠬᠠᠨ ᠪᠤᠯᠳᠠᠯ᠎ᠠ᠂ 800 ᠬᠤᠷᠠᠭ᠎ᠠ ᠪᠠᠨ ᠲᠡᠭᠰᠢᠳᠬᠡᠬᠡᠳ 414 ᠲᠦᠭᠦᠷᠢᠭ ᠢᠶᠠᠷ ᠬᠥᠢᠲᠡᠨ ᠬᠥᠮᠥᠷᠭᠡ ᠳᠤ ᠵᠠᠷᠤᠴᠠᠭᠤᠯᠵᠥ᠂ 150 ᠲᠤᠨ ᠡᠪᠡᠰᠦ ᠪᠤᠷᠳᠤᠭ᠎ᠠ ᠨᠥᠬᠡᠴᠡᠯᠡᠵᠡᠢ᠃ ︽ᠡᠨᠡ ᠵᠢᠯ ᠤᠨ ᠭᠠᠩ ᠶᠡᠬᠡᠲᠡᠢ᠂ ᠲᠥᠡᠭᠭᠡᠵᠢ ᠨᠠᠮᠤᠷ ᠪᠤᠯᠬᠤ ᠪᠠᠷ ᠨᠢ ᠪᠤᠷᠤᠭᠠᠨ ᠤᠷᠤᠯ᠎ᠡ᠂ ᠬᠠᠳᠤᠯᠠᠩ ᠤᠨ ᠤᠨᠠᠯᠳᠠ ᠴᠦ ᠲᠤᠩ ᠠᠨᠠᠢ᠂ 2000 ᠮᠦ ᠬᠠᠳᠤᠯᠠᠩ ᠠᠴᠠ ᠲᠥᠡᠭᠭᠡᠵᠢ 2000 ᠪᠤᠭᠤᠯᠳᠠ ᠡᠪᠡᠰᠦ ᠭᠠᠷᠤᠭᠰᠠᠨ᠂ ᠡᠮᠦᠨ᠎ᠡ ᠬᠤᠶᠠᠷ ᠡᠳᠦᠷ ᠵᠡᠬᠦᠨ ᠬᠠᠳᠠᠪᠴᠢ ᠪᠠᠯᠭᠠᠰᠤ ᠠᠴᠠ ᠲᠤᠨ ᠪᠦᠷᠢ ᠶᠢᠨ 1200 ᠲᠦᠭᠦᠷᠢᠭ ᠢᠶᠠᠷ ᠮᠤᠩᠭᠤᠯ ᠤᠯᠤᠰ ᠤᠨ ᠬᠠᠭᠤᠴᠢᠨ ᠡᠪᠡᠰᠦ ᠠᠴᠠ 150 ᠲᠤᠨ ᠠᠪᠴᠢᠷᠠᠵᠦ ᠪᠠᠭᠤᠯᠭᠠᠭᠰᠠᠨ᠂ ᠪᠠᠰᠠ ᠵᠢᠭᠠᠬᠠᠨ ᠨᠡᠮᠡᠵᠦ ᠤᠷᠤᠭᠤᠯᠬᠤ ᠰᠠᠨᠠᠭᠠᠳᠠᠢ︾ ᠬᠡᠰᠡᠨ ᠢᠶᠠᠨ ᠵᠠᠯᠭᠠᠭᠠᠳ ︽ᠮᠠᠯ ᠢᠶᠠᠨ ᠪᠠᠰᠠ ᠨᠡᠮᠡᠵᠦ ᠵᠠᠷᠤᠨ᠎ᠡ᠂ ᠡᠨᠡ ᠵᠢᠯ ᠡᠪᠡᠰᠦ ᠪᠡᠯᠴᠢᠬᠡᠷ ᠤᠨ ᠪᠠᠶᠢᠳᠠᠯ ᠳᠠᠭᠠᠨ ᠲᠤᠬᠢᠷᠠᠭᠤᠯᠤᠨ᠂ 1000 ᠬᠤᠨᠢ᠂ 100 ᠦᠬᠡᠷ ᠦᠯᠡᠳᠡᠬᠡᠬᠦ ᠰᠠᠨᠠᠭᠠᠳᠠᠢ︾ ᠬᠡᠵᠦ ᠶᠠᠷᠢᠵᠦ ᠪᠠᠶᠢᠯ᠎ᠠ᠃         ᠡᠨᠡ ᠵᠢᠯ ᠵᠡᠬᠦᠨ ᠦᠵᠦᠮᠦᠴᠢᠨ ᠬᠤᠰᠢᠭᠤᠨ ᠳᠤ ᠭᠠᠩ ᠬᠠᠭᠰᠠᠷᠠᠭᠠᠨ ᠪᠤᠯᠵᠦ᠂ 9 ᠰᠣᠮᠣ ᠪᠠᠯᠭᠠᠰᠣᠨ ᠤ 57 ᠭᠠᠴᠠᠭ᠎ᠠ᠂ 1 ᠣᠢ ᠰᠢᠭᠤᠢ ᠶᠢᠨ ᠳᠠᠯᠠᠪᠠᠢ ᠶᠢᠨ 4949.27 ᠲᠦᠮᠡᠨ ᠮᠦ ᠨᠣᠳᠤᠭ ᠪᠡᠯᠴᠢᠬᠡᠷ ᠪᠠ 6441 ᠡᠷᠦᠬᠡ ᠶᠢᠨ 297.79 ᠲᠦᠮᠡᠨ ᠮᠠᠯ ᠭᠠᠮᠰᠢᠭᠳᠠᠭᠰᠠᠨ ᠪᠠᠶᠢᠨ᠎ᠠ᠃ ᠬᠤᠷ᠎ᠡ ᠲᠤᠨᠤᠳᠠᠰᠦ ᠴᠦᠬᠡᠨ᠂ ᠪᠡᠯᠴᠢᠬᠡᠷ ᠤᠨ ᠤᠷᠭᠤᠯᠳᠠ ᠠᠨᠠᠢ ᠠᠴᠠ ᠬᠠᠳᠤᠯᠠᠩ ᠤᠨ ᠤᠨᠠᠯᠳᠠ ᠪᠠᠭᠠᠰᠴᠦ᠂ ᠡᠪᠡᠰᠦ ᠪᠤᠷᠳᠤᠭ᠎ᠠ ᠶᠡᠬᠡᠪᠡᠷ ᠳᠤᠳᠠᠭᠲᠠᠵᠦ᠂ ᠡᠪᠡᠰᠦ ᠪᠤᠷᠳᠤᠭ᠎ᠠ ᠠᠪᠬᠤ ᠵᠠᠷᠤᠯᠭ᠎ᠠ ᠶᠢ ᠨᠡᠮᠡᠭᠳᠡᠬᠦᠯᠵᠦ᠂ ᠮᠠᠯᠴᠢᠳ ᠤᠨ ᠦᠢᠯᠡᠳᠪᠦᠷᠢᠯᠡᠯ ᠠᠮᠢᠳᠤᠷᠠᠯ ᠳᠤ ᠶᠡᠭᠡ ᠨᠥᠯᠦᠬᠡ ᠦᠵᠡᠬᠦᠯᠵᠡᠢ᠃ ᠬᠤᠯᠪᠤᠭᠳᠠᠯ ᠪᠦᠬᠦᠢ ᠰᠠᠯᠠᠭ᠎ᠠ ᠮᠦᠴᠢᠷ ᠠᠴᠠ ᠤᠢᠢᠯᠠᠭᠠᠭᠰᠠᠨ ᠢᠶᠠᠷ᠂ ᠲᠤᠰ ᠬᠤᠰᠢᠭᠤ ᠡᠨᠡ ᠵᠢᠯ ᠡᠪᠦᠯᠵᠢᠬᠦᠯᠬᠦ ᠮᠠᠯ ᠳᠠᠭᠠᠨ 3.61 ᠳ᠋ᠦᠡᠭᠰᠢᠭᠤᠷ ᠺᠢᠯᠦᠭᠷᠡᠮ ᠡᠪᠡᠰᠦ ᠪᠤᠷᠳᠤᠭ᠎ᠠ ᠨᠥᠬᠡᠴᠡᠯᠡᠬᠦ ᠪᠠᠷ ᠲᠥᠯᠦᠪᠯᠡᠵᠦ᠂ ᠤᠳᠤᠬᠠᠨ ᠪᠤᠯᠲᠠᠯ᠎ᠠ 1.45 ᠳ᠋ᠦᠡᠭᠰᠢᠭᠤᠷ ᠺᠢᠯᠦᠭᠷᠠᠮ ᠡᠪᠡᠰᠦ ᠬᠠᠳᠤᠨ ᠨᠥᠬᠡᠴᠡᠯᠡᠵᠥ᠂ ᠡᠬᠦᠨ ᠳᠤ ᠬᠠᠭᠤᠴᠢᠨ ᠡᠪᠡᠰᠦ 1465 ᠲᠦᠮᠡᠨ ᠺᠢᠯᠦᠭᠷᠠᠮ ᠪᠠᠶᠢᠵᠦ᠂ 1600 ᠲᠦᠮᠡᠨ ᠺᠢᠯᠦᠭᠷᠠᠮ ᠡᠪᠡᠰᠦ ᠪᠤᠷᠳᠤᠭ᠎ᠠ ᠲᠥᠪᠯᠡᠷᠡᠬᠦᠯᠦᠨ ᠨᠥᠬᠡᠴᠡᠯᠡᠵᠡᠢ᠃     ᠬᠠᠳᠤᠯᠠᠩ ᠤᠨ ᠤᠷᠭᠤᠯᠲᠠ ᠮᠠᠭᠤ᠂ ᠡᠪᠡᠰᠦ ᠪᠤᠷᠳᠤᠭᠠᠨ ᠤ ᠳᠤᠳᠠᠭᠳᠠᠯ ᠶᠡᠭᠡ ᠪᠠᠶᠢᠳᠠᠯ ᠳᠤ ᠴᠢᠭᠯᠡᠬᠦᠯᠵᠦ᠂ ᠲᠤᠰ ᠬᠤᠰᠢᠭᠤ ᠡᠯ᠎ᠡ ᠰᠣᠮᠣ ᠪᠠᠯᠭᠠᠰᠣ ᠪᠠᠨ ᠵᠣᠬᠢᠶᠠᠨ ᠪᠠᠶᠢᠭᠤᠯᠤᠨ᠂ ᠤᠢᠢᠷ᠎ᠠ ᠬᠠᠪᠢ ᠶᠢᠨ ᠭᠠᠵᠠᠷ ᠲᠠᠢ ᠬᠠᠷᠢᠯᠴᠠᠨ ᠡᠪᠡᠰᠦ ᠤᠷᠤᠭᠤᠯᠵᠦ᠂ ᠵᠡᠬᠦᠨ ᠬᠤᠶᠢᠳᠦ ᠶᠢᠨ ᠭᠤᠷᠪᠠᠨ ᠮᠤᠵᠢ ᠪᠠ ᠮᠤᠩᠭᠤᠯ ᠤᠯᠤᠰ ᠤᠨ ᠰᠦᠬᠡᠪᠠᠭᠠᠳᠤᠷ ᠠᠶᠢᠮᠠᠭ ᠠᠴᠠ ᠡᠪᠡᠰᠦ ᠪᠤᠷᠲᠤᠭ᠎ᠠ ᠤᠷᠤᠭᠤᠯᠬᠤ ᠠᠵᠢᠯ ᠢ ᠱᠠᠯᠠᠪᠳᠠᠨ ᠬᠢᠬᠦ ᠶᠢᠨ ᠳᠠᠭᠠᠤ ᠮᠥᠡᠭᠭᠦᠨ ᠬᠦᠢᠯᠬᠡᠬᠡᠨ ᠤ ᠪᠠᠶᠢᠭᠤᠯᠤᠮᠵᠢ ᠶᠢ ᠵᠤᠬᠢᠴᠠᠭᠤᠯᠵᠦ ᠪᠠᠶᠢᠭᠠᠳ᠂ ᠮᠠᠯᠵᠢᠬᠤ ᠡᠷᠦᠬᠡ ᠳᠤ ᠵᠢᠬᠡᠯᠡᠯᠬᠡ ᠤᠯᠭᠤᠵᠦ᠂ ᠮᠠᠯᠴᠢᠳ ᠤᠨ ᠡᠪᠡᠰᠦ ᠪᠤᠷᠳᠤᠭ᠎ᠠ ᠬᠤᠳᠠᠯᠳᠤᠨ ᠠᠪᠬᠤ ᠳᠤ ᠲᠤᠰᠠᠯᠠᠵᠦ ᠪᠠᠶᠢᠨ᠎ᠠ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号