ᠠᠪᠠᠭ᠎ᠠ ᠬᠤᠰᠢᠭᠤ 30 ᠲᠥᠮᠡᠨ ᠲᠥᠭᠦᠷᠢᠭ ᠭᠠᠷᠭᠠᠵᠤ ᠶᠠᠳᠠᠭᠤ ᠡᠷᠦᠬᠡ ᠶᠢᠨ 3 ᠲᠦᠮᠡᠨ ᠬᠤᠨᠢ ᠶᠢ ᠴᠠᠭ ᠠᠭᠤᠷ ᠤᠨ ᠨᠥᠯᠥᠭᠡᠯᠡᠯ ᠠᠴᠠ ᠪᠤᠯᠬᠤ ᠭᠠᠮᠰᠢᠭ ᠤᠨ ᠳᠠᠭᠠᠳᠬᠠᠯ ᠳᠤ ᠤᠷᠤᠭᠤᠯᠪᠠ
ᠨᠡᠶᠢᠲᠡᠯᠡᠭᠰᠡᠨ ᠴᠠᠭ᠄
2016/11/4
    ᠤᠢᠢᠷ᠎ᠠ ᠳᠤ᠂ ᠥᠪᠤᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠲᠢᠩᠭᠢᠮ᠂ ᠶᠠᠲᠠᠭᠤ ᠶᠢ ᠲᠡᠳᠬᠦᠬᠦ ᠠᠯᠪᠠᠨ ᠭᠡᠷ ᠠᠴᠠ ᠲᠤᠮᠲᠠᠲᠤ ᠤᠯᠤᠰ ᠤᠨ ᠠᠷᠠᠳ ᠤᠨ ᠡᠳ᠋ ᠬᠥᠷᠥᠩᠭᠡ ᠶᠢᠨ ᠲᠠᠭᠠᠳᠬᠠᠯ ᠤᠨ ᠬᠤᠪᠢ ᠤᠷᠤᠭᠤᠯᠤᠯᠲᠠ ᠶᠢᠨ ᠬᠢᠵᠠᠭᠠᠷᠲᠤ ᠺᠤᠮᠫᠠᠨᠢ ᠶᠢᠨ ᠥᠪᠤᠷ ᠮᠤᠩᠭᠤᠯ ᠳᠠᠬᠢ ᠬᠤᠪᠢᠶᠠᠷᠢ ᠺᠤᠮᠫᠠᠨᠢ ᠲᠠᠢ ᠬᠠᠮᠲᠤᠷᠠᠨ᠂ ᠠᠪᠠᠭ᠎ᠠ ᠬᠤᠰᠢᠭᠤᠨ ᠳᠤ ︽ᠮᠠᠯᠵᠢᠬᠤ ᠤᠷᠤᠨ ᠤ ᠬᠤᠨᠢ ᠥᠭᠡᠷ ᠢ ᠴᠠᠭ ᠠᠭᠤᠷ ᠤᠨ ᠨᠥᠯᠥᠭᠡᠯᠡᠯ ᠠᠴᠠ ᠪᠤᠯᠬᠤ ᠭᠠᠮᠰᠢᠭ ᠤᠨ ᠲᠠᠭᠠᠳᠬᠠᠯ ᠳᠤ ᠤᠷᠤᠭᠤᠯᠬᠤ︾ ᠠᠵᠢᠯ ᠢ ᠡᠬᠢᠯᠡᠨ ᠭᠡᠷᠡᠭᠵᠢᠬᠦᠯᠪᠡ᠃ ᠤᠲᠤᠬᠠᠨ ᠠᠪᠠᠭ᠎ᠠ ᠬᠤᠰᠢᠭᠤᠨ ᠤ ᠵᠠᠰᠠᠭ ᠤᠨ ᠤᠷᠲᠤᠨ 30 ᠲᠥᠮᠡᠨ ᠲᠥᠭᠦᠷᠢᠭ ᠪᠡᠯᠡ ᠭᠠᠷᠭᠠᠵᠥ᠂ ᠶᠠᠲᠠᠭᠤ ᠬᠥᠴᠢᠷᠲᠡᠯᠲᠡᠢ ᠡᠷᠥᠭᠡ ᠶᠢᠨ 3 ᠲᠥᠮᠡᠨ ᠮᠠᠯ ᠳᠤ ᠴᠠᠭ ᠠᠭᠤᠷ ᠤᠨ ᠨᠥᠯᠥᠭᠡᠯᠡᠯ ᠠᠴᠠ ᠪᠤᠯᠬᠤ ᠭᠠᠮᠰᠢᠭ ᠤᠨ ᠲᠠᠭᠠᠳᠬᠠᠯ ᠤᠨ ᠮᠥᠡᠭᠭᠦ ᠲᠤᠰᠢᠶᠠᠵᠥ᠂ ᠶᠠᠲᠠᠭᠤ ᠡᠷᠥᠭᠡ ᠶᠢᠨ ᠮᠠᠯᠵᠢᠬᠤ ᠥᠢᠯᠡᠳᠪᠤᠷᠢᠯᠡᠯ ᠢᠶᠠᠨ ᠲᠤᠭᠲᠠᠭᠤᠨ ᠢᠶᠠᠷ ᠬᠥᠭᠵᠢᠬᠦᠯᠬᠦ ᠵᠢᠴᠢ ᠭᠠᠮᠰᠢᠭ ᠠᠴᠠ ᠪᠤᠯᠵᠥ ᠶᠠᠲᠠᠭᠤᠷᠠᠬᠤ ᠶᠢ ᠰᠡᠷᠭᠡᠶᠢᠯᠡᠬᠦ ᠳᠤ ᠬᠥᠴᠥᠲᠡᠢ ᠪᠠᠲᠤᠯᠠᠭ᠎ᠠ ᠬᠠᠨᠭ᠍ᠭᠠᠵᠠᠢ᠃       ᠲᠤᠰ ᠬᠤᠰᠢᠭᠤᠨ ᠳᠤ ᠡᠨᠡᠬᠦ ᠰᠢᠨ᠎ᠠ ᠲᠠᠭᠠᠳᠬᠠᠯ ᠤᠨ ᠲᠥᠷᠥᠯ ᠵᠥᠢᠯ ᠢ ᠬᠡᠷᠡᠭᠵᠢᠬᠦᠯᠬᠦ ᠴᠢᠮᠡᠭᠡ ᠶᠢ ᠰᠤᠨᠤᠰᠤᠭᠰᠠᠨ ᠨᠠᠷᠠᠨᠪᠤᠯᠠᠭ ᠰᠤᠮᠤᠨ ᠤ ᠪᠠᠶᠠᠨᠰᠢᠯᠢ ᠭᠠᠴᠠᠭᠠᠨ ᠤ ᠨᠠᠮ ᠤᠨ ᠡᠬᠦᠷ ᠤᠨ ᠱᠥᠵᠢ ᠭᠠᠨᠭ᠍ᠵᠤᠷᠢᠭ ᠲᠠᠷᠠ ᠲᠠᠷᠤᠢ ᠳᠤᠨᠢ ᠸᠢᠴᠠᠲ ᠢᠶᠠᠷ ᠮᠠᠯᠴᠢᠳ ᠲᠠᠭᠠᠨ ᠲᠠᠮᠵᠢᠭᠤᠯᠵᠥ ᠪᠠᠶᠢᠯ᠎ᠠ᠃ ︽ᠨᠢᠲᠤᠨᠤᠨ ᠮᠠᠨ ᠤ ᠭᠠᠴᠠᠭᠠᠨ ᠤ 78 ᠡᠷᠥᠭᠡ ᠪᠠᠷᠤᠭ ᠪᠥᠬᠦᠨ ᠢᠶᠠᠷ ᠭᠠᠮᠰᠢᠭᠲᠠᠵᠥ᠂ ᠥᠡᠭᠭᠡᠷᠡᠭᠰᠡᠨ ᠵᠢᠯ ᠤᠳ ᠢ ᠪᠤᠲᠤᠪᠠᠯ ᠤᠷᠤᠯᠭ᠎ᠠ ᠨᠢ ᠬᠠᠭᠠᠰ ᠢᠶᠠᠷ ᠬᠠᠰᠤᠭᠲᠠᠭᠰᠠᠨ ᠰᠢᠥ᠃ ᠨᠢᠭᠡ ᠬᠤᠨᠢᠨ ᠤ 10 ᠲᠥᠭᠦᠷᠢᠭ ᠤᠨ ᠲᠠᠭᠠᠳᠬᠠᠯ ᠥᠨᠲᠤᠷ ᠪᠢᠰᠢ᠂ ᠲᠡᠷᠡ ᠮᠥᠷᠲᠡᠭᠡᠨ ᠲᠠᠭᠠᠳᠬᠠᠯ ᠠᠴᠠ ᠲᠥᠯᠥᠪᠤᠷᠢᠯᠡᠬᠦ ᠬᠠᠷᠢᠴᠠᠯ ᠴᠥ ᠥᠨᠲᠤᠷ᠃ ᠮᠠᠨ ᠤ ᠭᠠᠴᠠᠭᠠᠨ ᠤ 1 ᠲᠥᠮᠡᠨ ᠬᠤᠨᠢ ᠶᠢ ᠲᠠᠭᠠᠳᠬᠠᠯ ᠳᠤ ᠤᠷᠤᠭᠤᠯᠬᠤ ᠪᠠᠷ ᠲᠤᠭᠲᠠᠯ᠎ᠠ︾ ᠭᠡᠵᠥ ᠶᠠᠷᠢᠵᠥ ᠪᠠᠶᠢᠯ᠎ᠠ᠃       10 ᠳ᠋ᠤᠭᠠᠷ ᠰᠠᠷ᠎ᠠ ᠶᠢᠨ 20᠎ ᠤ ᠡᠲᠥᠷ᠂ ᠠᠪᠠᠭ᠎ᠠ ᠬᠤᠰᠢᠭᠤᠨ ᠤ ᠵᠠᠰᠠᠭ ᠤᠨ ᠤᠷᠲᠤᠨ ᠪᠠ ᠲᠤᠮᠲᠠᠲᠤ ᠤᠯᠤᠰ ᠤᠨ ᠠᠷᠠᠳ ᠤᠨ ᠡᠳ᠋ ᠬᠥᠷᠥᠩᠭᠡ ᠶᠢᠨ ᠲᠠᠭᠠᠳᠬᠠᠯ ᠤᠨ ᠬᠤᠪᠢ ᠤᠷᠤᠭᠤᠯᠤᠯᠲᠠ ᠶᠢᠨ ᠬᠢᠵᠠᠭᠠᠷᠲᠤ ᠺᠤᠮᠫᠠᠨᠢ ᠶᠢᠨ ᠥᠪᠤᠷ ᠮᠤᠩᠭᠤᠯ ᠳᠠᠬᠢ ᠬᠤᠪᠢᠶᠠᠷᠢ ᠺᠤᠮᠫᠠᠨᠢ ︽ᠮᠠᠯᠵᠢᠬᠤ ᠤᠷᠤᠨ ᠤ ᠬᠤᠨᠢ ᠥᠭᠡᠷ ᠢ ᠴᠠᠭ ᠠᠭᠤᠷ ᠤᠨ ᠨᠥᠯᠥᠭᠡᠯᠡᠯ ᠠᠴᠠ ᠪᠤᠯᠬᠤ ᠭᠠᠮᠰᠢᠭ ᠤᠨ ᠲᠠᠭᠠᠳᠬᠠᠯ ᠳᠤ ᠤᠷᠤᠭᠤᠯᠬᠤ ᠬᠠᠮᠵᠢᠯᠴᠠᠭᠠᠨ ᠤ ᠵᠥᠪᠲᠡᠯᠴᠡᠭᠡᠷ ︾ ᠲᠤᠭᠲᠠᠵᠥ᠂ ᠲᠤᠰ ᠬᠤᠰᠢᠭᠤᠨ ᠤ ᠵᠠᠰᠠᠭ ᠤᠨ ᠤᠷᠲᠤᠨ ᠠᠴᠠ 30 ᠲᠥᠮᠡᠨ ᠲᠥᠭᠦᠷᠢᠭ ᠪᠡᠯᠡ ᠮᠥᠡᠭᠭᠦ ᠭᠠᠷᠭᠠᠵᠥ᠂ ᠲᠠᠩᠰᠠ ᠡᠪᠭᠡᠮᠡᠯ ᠲᠠᠢ 234 ᠡᠷᠥᠭᠡ ᠶᠢᠨ 3 ᠲᠥᠮᠡᠨ ᠬᠤᠨᠢ ᠶᠢ ᠲᠠᠭᠠᠳᠬᠠᠯ ᠳᠤ ᠤᠷᠤᠭᠤᠯᠤᠭᠰᠠᠨ ᠪᠠᠶᠢᠨ᠎ᠠ᠃ ᠵᠥᠪᠲᠡᠯᠴᠡᠭᠡᠷ ᠤᠨ ᠠᠭᠤᠯᠭ᠎ᠠ ᠶᠢ ᠥᠨᠲᠤᠰᠤᠯᠡᠪᠡᠯ᠂ ᠬᠤᠨᠢ ᠨᠢᠭᠡᠪᠤᠷᠢ ᠶᠢ ᠲᠠᠭᠠᠳᠬᠠᠯ ᠳᠤ ᠤᠷᠤᠭᠤᠯᠬᠤ ᠰᠥᠢᠳᠭᠡᠯ ᠨᠢ 10 ᠲᠥᠭᠦᠷᠢᠭ ᠪᠠᠶᠢᠵᠥ᠂ ᠥᠭᠡᠷ ᠨᠢᠭᠡᠪᠤᠷᠢ ᠶᠢ ᠲᠠᠭᠠᠳᠬᠠᠯ ᠳᠤ ᠤᠷᠤᠭᠤᠯᠬᠤ ᠰᠥᠢᠳᠭᠡᠯ ᠨᠢ 50 ᠲᠥᠭᠦᠷᠢᠭ ᠪᠤᠯᠤᠨ᠎ᠠ᠃ ᠲᠠᠭᠠᠳᠬᠠᠯ ᠠᠴᠠ ᠲᠥᠯᠥᠪᠤᠷᠢᠯᠡᠬᠦ ᠬᠡᠮᠵᠢᠶ᠎ᠠ ᠶᠢ ᠭᠠᠮᠰᠢᠭᠲᠠᠭᠰᠠᠨ ᠬᠤᠭᠤᠴᠠᠭᠠᠨ ᠳᠤ ᠬᠡᠷᠡᠭᠰᠡᠬᠦ ᠡᠪᠡᠰᠥ ᠪᠤᠷᠲᠤᠭᠠᠨ ᠤ ᠥᠷᠲᠡᠭ ᠤᠨ ᠵᠤᠬᠢᠬᠤ ᠬᠠᠷᠢᠴᠠᠯ ᠢᠶᠠᠷ ᠲᠤᠭᠲᠠᠭᠠᠵᠥ᠂ ᠨᠢᠭᠡ ᠬᠤᠨᠢ ᠳᠤ 120 ᠲᠥᠭᠦᠷᠢᠭ ᠲᠥᠯᠥᠪᠤᠷᠢᠯᠡᠵᠥ᠂ ᠡᠬᠦᠨ ᠳᠤ ᠴᠠᠰᠤᠨ ᠳᠤ ᠭᠠᠮᠰᠢᠭᠲᠠᠭᠰᠠᠨ ᠲᠠᠭᠠᠳᠬᠠᠯ ᠤᠨ ᠲᠥᠯᠥᠪᠤᠷᠢᠯᠡᠬᠦ ᠬᠡᠮᠵᠢᠶ᠎ᠠ ᠨᠢ ᠨᠢᠭᠡ ᠬᠤᠨᠢ ᠶᠢᠨ ᠬᠠᠮᠤᠭ ᠥᠨᠲᠤᠷ ᠲᠡᠭᠡᠨ 95 ᠲᠥᠭᠦᠷᠢᠭ᠂ ᠭᠠᠨᠭ᠌ ᠬᠠᠭᠰᠠᠷᠠᠭᠠᠨ ᠳᠤ ᠭᠠᠮᠰᠢᠭᠲᠠᠭᠰᠠᠨ ᠲᠠᠭᠠᠳᠬᠠᠯ ᠤᠨ ᠲᠥᠯᠥᠪᠤᠷᠢᠯᠡᠬᠦ ᠬᠡᠮᠵᠢᠶ᠎ᠠ ᠨᠢ ᠬᠠᠮᠤᠭ ᠥᠨᠲᠤᠷ ᠲᠡᠭᠡᠨ 35 ᠲᠥᠭᠦᠷᠢᠭ ᠪᠠᠶᠢᠵᠥ᠂ ᠨᠢᠭᠡ ᠥᠭᠡᠷ ᠲᠤ ᠬᠠᠮᠤᠭ ᠥᠨᠲᠤᠷ ᠲᠡᠭᠡᠨ 475 ᠲᠥᠭᠦᠷᠢᠭ ᠨᠥᠬᠦᠪᠤᠷᠢᠯᠡᠨ᠎ᠠ᠃       ᠪᠡᠯᠬᠦᠲᠡᠢ ᠪᠠᠯᠭᠠᠰᠤ ᠶᠢᠨ ᠠᠯᠳᠠᠨᠬᠠᠡᠭᠭᠠᠢ ᠭᠠᠴᠠᠭᠠᠨ ᠤ ᠮᠠᠯᠴᠢᠨ ᠲᠠᠨᠲᠢᠭ᠎ᠠ᠄ ︽ᠨᠢᠭᠡ ᠬᠤᠨᠢ ᠡᠲᠥᠷ ᠲᠤ ᠬᠠᠭᠠᠰ ᠵᠢᠩ ᠪᠤᠷᠲᠤᠭ᠎ᠠ᠂ 2 ᠵᠢᠩ ᠡᠪᠡᠰᠥ ᠬᠡᠷᠡᠭᠰᠡᠬᠦ ᠪᠠᠷ ᠪᠤᠲᠤᠪᠠᠯ ᠨᠢᠭᠡ ᠡᠲᠥᠷ ᠲᠤ ᠨᠢᠭᠡ ᠲᠥᠬᠦᠷᠢᠭ ᠢᠯᠡᠬᠦᠥ ᠵᠤᠭᠤᠰ ᠬᠡᠷᠡᠭᠰᠡᠨ᠎ᠠ᠃ ᠲᠠᠭᠠᠳᠬᠠᠯ ᠶᠤᠰᠤᠭᠠᠷ ᠵᠠᠰᠠᠭ ᠤᠨ ᠤᠷᠲᠤᠨ ᠠᠴᠠ ᠨᠢᠭᠡ ᠡᠲᠥᠷ ᠲᠤ ᠨᠢᠭᠡ ᠲᠥᠭᠦᠷᠢᠭ ᠨᠥᠬᠦᠪᠤᠷᠢᠯᠡᠬᠦ ᠨᠢ ᠪᠢᠲᠠᠨ ᠳᠤ ᠪᠠᠭ᠎ᠠ ᠪᠤᠰᠤ ᠲᠡᠮᠵᠢᠯᠭᠡ ᠪᠤᠯᠤᠨ᠎ᠠ︾ ᠭᠡᠵᠥ ᠰᠤᠷᠪᠤᠯᠵᠢᠯᠠᠬᠴᠢ ᠳᠤ ᠬᠡᠯᠡᠪᠡ᠃ ᠲᠤᠰ ᠬᠤᠰᠢᠭᠤ ︽ᠬᠤᠨᠢ ᠥᠭᠡᠷ ᠤᠨ ᠴᠠᠭ ᠠᠭᠤᠷ ᠤᠨ ᠨᠥᠯᠥᠭᠡᠯᠡᠯ ᠠᠴᠠ ᠪᠤᠯᠬᠤ ᠭᠠᠮᠰᠢᠭ ᠤᠨ ᠲᠠᠭᠠᠳᠬᠠᠯ︾᠎ ᠢ 7 ᠰᠤᠮᠤ ᠪᠠᠯᠭᠠᠰᠤᠨ ᠳᠤ ᠲᠤᠷᠰᠢᠯᠲᠠ ᠶᠢᠨ ᠴᠢᠨᠠᠷᠲᠠᠢ ᠬᠡᠷᠡᠭᠵᠢᠬᠦᠯᠵᠥ᠂ ᠲᠠᠩᠰᠠ ᠡᠪᠭᠡᠮᠡᠯ ᠲᠠᠢ 234 ᠡᠷᠥᠭᠡ ᠶᠢ ᠪᠠᠭᠲᠠᠭᠠᠭᠰᠠᠨ 743 ᠮᠠᠯᠵᠢᠬᠤ ᠡᠷᠥᠭᠡ ᠶᠢᠨ ᠮᠠᠯ ᠢ ᠲᠠᠭᠠᠳᠬᠠᠯ ᠳᠤ ᠤᠷᠤᠭᠤᠯᠵᠠᠢ᠃       ᠲᠤᠮᠲᠠᠲᠤ ᠤᠯᠤᠰ ᠤᠨ ᠠᠷᠠᠳ ᠤᠨ ᠡᠳ᠋ ᠬᠥᠷᠥᠩᠭᠡ ᠶᠢᠨ ᠲᠠᠭᠠᠳᠬᠠᠯ ᠤᠨ ᠶᠡᠷᠥᠩᠭᠡᠢ ᠺᠤᠮᠫᠠᠨᠢ ᠶᠢᠨ ᠬᠠᠷᠢᠭᠤᠴᠠᠯᠭᠠᠲᠠᠨ ᠵᠠᠢ ᠶᠢᠨ ᠬᠤᠸᠠ ᠰᠤᠷᠪᠤᠯᠵᠢᠯᠠᠬᠴᠢ ᠳᠤ᠄ ︽ᠲᠠᠭᠠᠳᠬᠠᠯ ᠨᠢ ᠵᠠᠬ᠎ᠠ ᠲᠡᠯᠭᠡᠭᠦᠷᠴᠢᠯᠡᠭᠰᠡᠨ ᠠᠶᠤᠯ ᠲᠥᠭᠰᠢᠬᠦᠷᠢ ᠶᠢᠨ ᠬᠠᠮᠢᠶᠠᠷᠤᠯᠲᠠ ᠶᠢᠨ ᠠᠷᠭ᠎ᠠ ᠬᠡᠯᠪᠡᠷᠢ ᠪᠤᠯᠤᠨ ᠲᠥᠷᠢᠮ ᠤᠨ ᠲᠤᠬᠢᠷᠠᠭᠤᠯᠤᠯᠲᠠ ᠪᠤᠯᠤᠭᠰᠠᠨ ᠤ ᠬᠤᠪᠢ ᠳᠤ᠂ ᠶᠠᠲᠠᠭᠤ ᠠᠴᠠ ᠠᠩᠭᠢᠵᠢᠷᠠᠭᠤᠯᠬᠤ ᠠᠵᠢᠯ ᠳᠤ ᠵᠠᠶᠢᠯᠠᠭᠤᠯᠵᠥ ᠪᠤᠯᠤᠰᠢ ᠥᠭᠡᠢ ᠬᠠᠷᠢᠭᠤᠴᠠᠯᠭ᠎ᠠ ᠲᠠᠢ᠃ ᠨᠠᠮ ᠤᠨ ᠠᠷᠪᠠᠨ ᠨᠠᠢᠮᠠᠲᠤᠭᠠᠷ ᠬᠤᠭᠤᠴᠠᠭᠠᠨ ᠤ ᠲᠥᠪ ᠬᠤᠷᠢᠶᠠᠨ ᠤ ᠲᠠᠪᠤᠲᠤᠭᠠᠷ ᠪᠥᠬᠦᠲᠠ ᠬᠤᠷᠠᠯ ᠳᠤ ᠪᠠᠰᠠ᠂ 2020 ᠤᠨ ᠪᠤᠯᠬᠤ ᠳᠤ ᠮᠠᠯᠵᠢᠬᠤ ᠳᠠᠷᠢᠶᠠᠯᠠᠬᠤ ᠤᠷᠤᠨ ᠤ ᠶᠠᠲᠠᠭᠤ ᠬᠥᠴᠢᠷᠲᠡᠯᠲᠡᠢ ᠬᠥᠮᠥᠨ ᠠᠮᠠ ᠶᠢ ᠪᠥᠬᠦᠨ ᠢ ᠶᠠᠲᠠᠭᠤ ᠠᠴᠠ ᠠᠩᠭᠢᠵᠢᠷᠠᠭᠤᠯᠬᠤ ᠬᠡᠷᠡᠭᠲᠡᠢ ᠬᠡᠵᠥ ᠲᠤᠷᠠᠳᠪᠠ᠃ ᠡᠨᠡ ᠤᠲᠠᠭᠠᠨ ᠤ ᠲᠠᠭᠠᠳᠬᠠᠯ ᠤᠨ ᠲᠥᠷᠥᠯ ᠵᠥᠢᠯ ᠨᠢ ᠤᠨᠢᠨ ᠳᠡᠭᠡᠷ᠎ᠡ ᠨᠢ ᠶᠠᠲᠠᠭᠤ ᠶᠢ ᠲᠡᠳᠬᠦᠬᠦ ᠵᠢᠴᠢ ᠮᠠᠯᠵᠢᠬᠤ ᠲᠠᠷᠢᠶᠠᠯᠠᠬᠤ ᠡᠷᠥᠭᠡ ᠶᠢᠨ ᠭᠠᠮᠰᠢᠭ ᠤᠨ ᠲᠠᠷᠠᠭᠠᠬᠢ ᠥᠢᠯᠡᠳᠪᠤᠷᠢᠯᠡᠯ ᠢ ᠲᠡᠮᠵᠢᠬᠦ ᠳᠤ ᠬᠥᠴᠥᠲᠡᠢ ᠲᠡᠮᠵᠢᠯᠭᠡ ᠪᠤᠯᠤᠨ᠎ᠠ︾ ᠭᠡᠵᠥ ᠶᠠᠷᠢᠯ᠎ᠠ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号