ᠹᠦ᠋ ᠸᠠᠨ ᠬᠤᠢ 2016 ᠤᠨ ᠤ ᠠᠶᠢᠮᠠᠭ ᠤᠨ ᠵᠠᠬᠢᠷᠭ᠎ᠠ ᠶᠢᠨ ᠠᠷᠪᠠᠨ ᠬᠤᠶᠠᠳᠤᠭᠠᠷ ᠤᠳᠠᠭ᠎ᠠ ᠶᠢᠨ ᠪᠠᠶᠢᠡᠭᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2016/12/1
    11 ᠳ᠋ᠤᠭᠡᠷ ᠰᠠᠷ᠎ᠠ ᠶᠢᠨ 28 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠲᠡᠳ᠋ ᠱᠦᠵᠢ᠂ ᠠᠶᠢᠮᠠᠭ ᠤᠨ ᠲᠠᠷᠤᠭ᠎ᠠ ᠹᠦ᠋ ᠸᠠᠨ ᠬᠤᠢ 2016 ᠤᠨ ᠤ ᠠᠶᠢᠮᠠᠭ ᠤᠨ ᠵᠠᠬᠢᠷᠭ᠎ᠠ ᠶᠢᠨ ᠠᠷᠪᠠᠨ ᠬᠤᠶᠠᠳᠤᠭᠠᠷ ᠤᠳᠠᠭ᠎ᠠ ᠶᠢᠨ ᠪᠠᠶᠢᠡᠭᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠦ᠂ ᠦᠪᠡᠷᠳᠡᠭᠡᠨ ᠵᠠᠰᠠᠬᠤ ᠤᠷᠤᠨ ᠤ ᠠᠷᠪᠠᠳᠤᠭᠠᠷ ᠤᠳᠠᠭ᠎ᠠ ᠶᠢᠨ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠵᠦ᠂ ᠮᠠᠨ ᠤ ᠠᠶᠢᠮᠠᠭ ᠤᠨ ᠤᠳᠤᠬᠠᠨ ᠪᠤᠯᠤᠨ ᠲᠠᠷᠠᠭᠠᠴᠢ ᠶᠢᠨ ᠨᠢᠭᠡ ᠬᠤᠭᠤᠴᠠᠭᠠᠨ ᠤ ᠠᠵᠢᠯ ᠢ ᠪᠠᠶᠢᠷᠢᠯᠠᠭᠤᠯᠪᠠ᠃     ᠬᠤᠷᠠᠯ ᠲᠡᠭᠡᠷ᠎ᠠ ︽ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠭᠢᠮ ᠤᠨ ︿ᠤᠷᠤᠨ ᠨᠤᠳᠤᠭ ᠤᠨ ᠵᠠᠰᠠᠭ ᠤᠨ ᠤᠷᠳᠤᠨ ᠤ ᠥᠷᠢ ᠦᠭᠴᠡᠭᠡ ᠶᠢᠨ ᠲᠦᠭᠰᠢᠭᠦᠷᠢ ᠶᠢ ᠪᠠᠴᠢᠮ ᠠᠷᠭᠠᠴᠠᠨ ᠰᠢᠢᠳᠪᠦᠷᠢᠯᠡᠭᠦ ᠲᠦᠰᠦᠯ﹀ ᠢ ᠭᠡᠪᠯᠡᠨ ᠲᠠᠷᠬᠠᠭᠠᠬᠤ ᠲᠤᠬᠠᠢ ᠮᠡᠳᠡᠭᠳᠡᠯ︾ ᠤᠨ ᠵᠤᠷᠢᠭ ᠰᠠᠨᠠᠭ᠎ᠠ ᠶᠢ ᠤᠯᠠᠮᠵᠢᠯᠠᠵᠦ᠂ ᠡᠨᠡ ᠵᠢᠯ ᠠᠴᠠ ᠨᠠᠰᠢᠭᠢ ᠪᠦᠭᠦ ᠠᠶᠢᠮᠠᠭ ᠤᠨ ᠠᠵᠦ ᠠᠬᠤᠢ ᠶᠢᠨ ᠤᠷᠴᠢᠯ᠂ ᠡᠳ᠋ ᠤᠨ ᠵᠠᠰᠠᠭ ᠤᠨ ᠤᠷᠤᠯᠭ᠎ᠠ ᠵᠠᠷᠤᠯᠭ᠎ᠠ᠂ ᠭᠤᠤᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠵᠡᠷᠭᠡ ᠠᠵᠢᠯ ᠤᠨ ᠬᠠᠷᠢᠭᠤ ᠮᠡᠳᠡᠭᠦᠯᠦᠯᠳᠡ ᠶᠢ ᠰᠤᠨᠤᠰᠴᠦ᠂ ︽ᠰᠢᠯᠢ ᠶᠢᠨ ᠭᠤᠤᠯ ᠠᠶᠢᠮᠠᠭ ᠤᠨ ᠰᠢᠯᠢᠳᠡᠭ ᠡᠭᠦᠯᠳᠡᠷ ᠤᠨ ᠦᠭᠡᠷ ᠮᠠᠯᠵᠢᠬᠤ ᠠᠵᠦ ᠦᠢᠯᠡᠰ ᠤᠨ ᠭᠦᠭᠵᠢᠯᠳᠡ ᠶᠢ ᠲᠡᠮᠵᠢᠭᠦ ᠲᠦᠷᠦ ᠶᠢᠨ ᠪᠤᠳᠤᠯᠭ᠎ᠠ ︵ᠲᠤᠷᠰᠢᠨ ᠭᠡᠷᠡᠭᠵᠢᠭᠦᠯᠭᠦ︶︾ ︽2016 ᠤᠨ ᠤ ᠠᠶᠢᠮᠠᠭ ᠤᠨ ᠱᠠᠳᠤᠨ ᠤ ᠡᠳ᠋ ᠤᠨ ᠵᠠᠰᠠᠭ ᠤᠨ ᠳᠦᠰᠦᠪ ᠤᠨ ᠲᠤᠬᠢᠷᠠᠭᠤᠯᠤᠯᠳᠡ ᠶᠢᠨ ᠲᠦᠰᠦᠯ︾ ︽ᠠᠶᠢᠮᠠᠭ ᠠᠴᠠ ᠬᠤᠰᠢᠭᠤ ᠰᠢᠶᠠᠨ ᠤ ᠡᠳ᠋ ᠤᠨ ᠵᠠᠰᠠᠭ ᠢ ᠬᠠᠮᠢᠶᠠᠷᠬᠤ ᠪᠠᠶᠢᠭᠤᠯᠤᠮᠵᠢ ᠶᠢ ᠲᠡᠭᠦᠯᠳᠡᠷᠵᠢᠭᠦᠯᠭᠦ ᠲᠦᠰᠦᠯ︾ ᠵᠡᠷᠭᠡ ᠵᠦᠢᠯᠡᠰ ᠢ ᠰᠤᠳᠤᠯᠵᠠᠢ᠃     ᠬᠤᠷᠠᠯ ᠠᠴᠠ ᠱᠠᠭᠠᠷᠳᠠᠬᠤ ᠳᠠᠭᠠᠨ᠂ ᠡᠯ᠎ᠠ ᠭᠠᠵᠠᠷ ᠡᠯ᠎ᠠ ᠰᠠᠯᠠᠭ᠎ᠠ ᠮᠦᠴᠢᠷ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠪᠤᠯᠤᠨ ᠪᠡᠯᠡ ᠤᠷᠤᠭᠤᠯᠤᠯᠳᠠ ᠶᠢᠨ ᠠᠬᠢᠴᠠ ᠶᠢ ᠲᠦᠷᠭᠡᠳᠭᠡᠵᠦ᠂ ᠡᠳ᠋ ᠤᠨ ᠵᠠᠰᠠᠭ ᠭᠠᠶᠢᠯᠢ ᠶᠢᠨ ᠤᠷᠤᠯᠭ᠎ᠠ ᠶᠢᠨ ᠬᠠᠮᠢᠶᠠᠷᠤᠯᠳᠠ ᠶᠢ ᠠᠳᠬᠤᠵᠦ᠂ ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠤᠷᠤᠯᠭ᠎ᠠ ᠶᠢ ᠨᠡᠮᠡᠭᠳᠡᠭᠦᠯᠭᠦ ᠭᠡᠷᠡᠭᠳᠠᠢ︔ ᠨᠤᠳᠤᠭ ᠪᠡᠯᠴᠢᠭᠡᠷ ᠤᠨ ᠬᠠᠮᠠᠭᠠᠯᠠᠯᠳᠠ ᠶᠢᠨ ᠨᠦᠭᠦᠪᠦᠷᠢ ᠱᠠᠩᠨᠠᠯ ᠤᠨ ᠲᠦᠷᠦ ᠶᠢᠨ ᠪᠤᠳᠤᠯᠭ᠎ᠠ ᠶᠢ ᠰᠠᠶᠢᠳᠦᠷ ᠲᠤᠤᠱᠯᠠᠭᠤᠯᠵᠦ᠂ ᠠᠮᠢ ᠠᠬᠤᠢ ᠶᠢᠨ ᠤᠷᠴᠢᠨ ᠲᠤᠭᠤᠷᠢᠨ ᠤ ᠬᠠᠤᠯᠢ ᠭᠡᠷᠡᠭᠵᠢᠭᠦᠯᠦᠯᠳᠡ ᠪᠤᠯᠤᠨ ᠴᠡᠭᠴᠡᠯᠡᠨ ᠵᠠᠰᠠᠯᠳᠠ ᠶᠢ ᠴᠢᠩᠭᠠᠳᠬᠠᠬᠤ ᠭᠡᠷᠡᠭᠳᠠᠢ︔ ᠰᠢᠯᠢᠳᠡᠭ ᠡᠭᠦᠯᠳᠡᠷ ᠤᠨ ᠦᠭᠡᠷ ᠬᠤᠨᠢ ᠮᠠᠯᠵᠢᠬᠤ ᠦᠢᠯᠡᠰ ᠢ ᠠᠬᠢᠭᠤᠯᠵᠦ᠂ ᠵᠤᠭᠠᠴᠠᠯ ᠤᠨ ᠦᠢᠯᠡᠰ᠂ ᠦᠢᠯᠡᠴᠢᠯᠡᠭᠡᠨ ᠤ ᠦᠢᠯᠡᠰ ᠢ ᠬᠦᠭᠵᠢᠭᠦᠯᠵᠦ᠂ ᠠᠷᠠᠳ ᠤᠨ ᠤᠷᠤᠯᠭ᠎ᠠ ᠶᠢ ᠨᠡᠮᠡᠭᠳᠡᠭᠦᠯᠵᠦ ᠴᠢᠨᠡᠭᠡᠯᠢᠭᠵᠢᠭᠦᠯᠭᠦ ᠭᠡᠷᠡᠭᠳᠠᠢ︔ ᠴᠡᠪᠡᠷ ᠡᠨᠧᠷᠭᠢ ᠭᠠᠳᠠᠭᠰᠢ ᠲᠠᠮᠵᠢᠭᠤᠯᠬᠤ ᠰᠠᠭᠤᠷᠢᠨ ᠢ ᠪᠦᠳᠦᠭᠡᠨ ᠪᠠᠶᠢᠭᠤᠯᠬᠤ ᠪᠠᠷ ᠭᠤᠤᠯᠳᠠᠯᠭ᠎ᠠ ᠪᠤᠯᠭᠠᠵᠦ᠂ ᠤᠯᠠᠮᠵᠢᠯᠠᠯᠳᠦ ᠠᠵᠦ ᠦᠢᠯᠡᠳᠪᠦᠷᠢ ᠶᠢ ᠳᠡᠰ ᠳᠡᠪᠰᠢᠭᠦᠯᠦᠨ᠂ ᠰᠤᠷᠠᠭ ᠵᠠᠩᠭᠢ ᠶᠢᠨ ᠡᠬᠢ ᠪᠡᠶᠠᠯᠢᠭ ᠢ ᠨᠢᠭᠡᠳᠦᠭᠦᠯᠭᠦ ᠪᠠ ᠲᠤᠮᠤ ᠳ᠋ᠠᠶᠢᠲ᠋ᠠ ᠶᠢᠨ ᠠᠵᠦ ᠦᠢᠯᠡᠰ ᠢ ᠭᠦᠭᠵᠢᠭᠦᠯᠭᠦ ᠭᠡᠷᠡᠭᠳᠠᠢ ᠭᠡᠪᠡ᠃  
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号