ᠮᠠᠨ ᠤ ᠠᠶᠢᠮᠠᠭ 2 ᠳ᠋ᠦᠡᠭᠰᠢᠭᠤᠷ 7177 ᠲᠦᠮᠡᠨ ᠮᠦ ᠨᠤᠳᠤᠭ ᠪᠡᠯᠴᠢᠬᠡᠷ ᠲᠤ ᠰᠢᠨ᠎ᠡ ᠨᠢᠭᠡᠨ ᠡᠬᠡᠯᠵᠢ ᠶᠢᠨ ᠨᠤᠳᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠳᠠ ᠶᠢᠨ ᠨᠦᠬᠦᠪᠤᠷᠢ ᠱᠠᠩᠨᠠᠯ ᠤᠨ ᠲᠦᠷᠦ ᠶᠢᠨ ᠪᠤᠳᠤᠯᠭ᠎ᠠ ᠬᠡᠷᠡᠭᠵᠢᠬᠦᠯᠦᠨ᠎ᠡ
ᠨᠡᠶᠢᠲᠡᠯᠡᠭᠰᠡᠨ ᠴᠠᠭ᠄
2016-12-14
    12 ᠳ᠋ᠤᠭᠠᠷ ᠰᠠᠷ᠎ᠠ ᠶᠢᠨ 8᠎ ᠤ ᠡᠳᠤᠷ ᠤᠨ ᠦᠳᠡ ᠶᠢᠨ ᠬᠤᠶᠢᠨ᠎ᠠ ᠠᠶᠢᠮᠠᠭ ᠤᠨ ᠵᠠᠬᠢᠷᠭ᠎ᠠ ᠠᠴᠠ ᠬᠤᠷᠠᠯᠳᠤᠭᠤᠯᠤᠡᠡᠰᠡᠨ ᠰᠢᠨ᠎ᠠ ᠨᠢᠭᠡᠨ ᠡᠭᠡᠯᠵᠢ ᠶᠢᠨ ᠨᠤᠳᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠳᠠ ᠶᠢᠨ ᠨᠦᠬᠦᠪᠤᠷᠢ ᠱᠠᠩᠨᠠᠯ ᠤᠨ ᠳᠦᠷᠤ ᠶᠢᠨ ᠪᠤᠳᠤᠯᠭ᠎ᠠ ᠶᠢᠨ ᠳᠤᠬᠠᠢ ᠰᠤᠨᠢᠨ ᠮᠡᠳᠡᠭᠡ ᠨᠡᠶᠢᠳᠡᠯᠡᠬᠦ ᠬᠤᠷᠠᠯ ᠠᠴᠠ ᠤᠢᠢᠯᠠᠭᠠᠡᠡᠰᠡᠨ ᠢᠶᠠᠷ᠂ ᠰᠢᠨ᠎ᠡ ᠨᠢᠭᠡᠨ ᠡᠭᠡᠯᠵᠢ ᠶᠢᠨ ᠨᠤᠳᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠳᠠ ᠶᠢᠨ ᠨᠦᠬᠦᠪᠤᠷᠢ ᠱᠠᠩᠨᠠᠯ ᠤᠨ ᠳᠦᠷᠤ ᠶᠢᠨ ᠪᠤᠳᠤᠯᠭ᠎ᠠ ᠶᠢ 2016 ᠤᠨ ᠠᠴᠠ 2020 ᠤᠨ ᠪᠤᠯᠳᠠᠯ᠎ᠠ ᠲᠠᠪᠤᠨ ᠵᠢᠯ ᠤᠨ ᠬᠤᠭᠤᠴᠠᠭ᠎ᠠ ᠲᠠᠢ ᠬᠡᠷᠡᠭᠵᠢᠬᠦᠯᠵᠤ᠂ ᠨᠤᠳᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠳᠠ ᠶᠢᠨ ᠨᠦᠬᠦᠪᠤᠷᠢ ᠱᠠᠩᠨᠠᠯ ᠢ ᠪᠡᠯᠴᠢᠭᠡᠷᠯᠡᠬᠦᠯᠬᠦ ᠶᠢ ᠵᠤᠡᠡᠰᠤᠭᠠᠬᠤ ᠤᠷᠤᠨ ᠪᠠ ᠮᠠᠯ ᠪᠡᠯᠴᠢᠭᠡᠷ ᠤᠨ ᠳᠡᠩᠴᠡᠬᠦᠷᠢ ᠶᠢ ᠪᠠᠳᠤᠯᠠᠬᠤ ᠤᠷᠤᠨ ᠭᠡᠵᠤ ᠬᠤᠶᠠᠷ ᠶᠡᠭᠡ ᠳᠦᠷᠤᠯ ᠳᠤ ᠬᠤᠪᠢᠶᠠᠨ ᠶᠠᠪᠤᠡᠡᠳᠠᠭᠤᠯᠤᠨ᠎ᠠ᠃ ᠮᠠᠨ ᠤ ᠠᠶᠢᠮᠠᠭ ᠤᠨ ᠰᠢᠨ᠎ᠡ ᠨᠢᠭᠡᠨ ᠡᠭᠡᠯᠵᠢ ᠶᠢᠨ ᠨᠤᠳᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠳᠠ ᠶᠢᠨ ᠨᠦᠬᠦᠪᠤᠷᠢ ᠱᠠᠩᠨᠠᠯ ᠤᠨ ᠤᠷᠤᠨ ᠤ ᠶᠡᠷᠤᠩᠭᠡᠢ ᠬᠡᠪᠴᠢᠶ᠎ᠡ ᠨᠢ 2 ᠳ᠋ᠦ᠋ᠩᠰᠢᠭᠤᠷ 7177 ᠳᠦᠮᠡᠨ ᠮᠤ᠋ ᠪᠠᠶᠢᠵᠤ᠂ ᠡᠬᠦᠨ ᠳᠤ ᠪᠡᠯᠴᠢᠭᠡᠷᠯᠡᠬᠦᠯᠬᠦ ᠶᠢ ᠵᠤᠡᠡᠰᠤᠭᠠᠬᠤ ᠳᠠᠯᠠᠪᠠᠢ 5083.9 ᠳᠦᠮᠡᠨ ᠮᠤ᠋᠂ ᠮᠠᠯ ᠪᠡᠯᠴᠢᠬᠡᠷ ᠤᠨ ᠳᠡᠩᠴᠡᠬᠦᠷᠢ ᠶᠢ ᠪᠠᠳᠤᠯᠠᠬᠤ ᠳᠠᠯᠠᠪᠠᠢ 22093.1 ᠳᠦᠮᠡᠨ ᠮᠤ᠋ ᠳᠤ ᠬᠦᠷᠤᠨ᠎ᠠ᠃     ᠰᠢᠨ᠎ᠡ ᠨᠢᠭᠡᠨ ᠡᠭᠡᠯᠵᠢ ᠶᠢᠨ ᠨᠤᠳᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠳᠠ ᠶᠢᠨ ᠨᠦᠬᠦᠪᠤᠷᠢ ᠱᠠᠩᠨᠠᠯ ᠤᠨ ᠳᠦᠷᠤ ᠶᠢᠨ ᠪᠤᠳᠤᠯᠭ᠎ᠠ ᠳᠤ ᠪᠡᠯᠴᠢᠭᠡᠷᠯᠡᠬᠦᠯᠬᠦ ᠶᠢ ᠵᠤᠡᠡᠰᠤᠭᠠᠬᠤ ᠨᠦᠬᠦᠪᠤᠷᠢ ᠶᠢᠨ ᠪᠠᠷᠢᠮᠵᠢᠶ᠎ᠠ ᠶᠢ ᠤᠤᠯ ᠤᠨ ᠮᠤ᠋ ᠪᠦᠷᠢ ᠳᠤ ᠵᠢᠯ ᠳᠤ 6.36 ᠳᠦᠬᠦᠷᠢᠭ ᠪᠠᠶᠢᠡᠡᠰᠡᠨ ᠠᠴᠠ 9 ᠳᠦᠬᠦᠷᠢᠭ ᠪᠤᠯᠭᠠᠨ ᠳᠡᠭᠡᠭᠰᠢᠯᠡᠬᠦᠯᠵᠤ᠂ ᠡᠮᠤᠨ᠎ᠡ ᠭᠡᠰᠡᠭ ᠤᠨ ᠬᠤᠰᠢᠭᠤ ᠪᠠ ᠬᠤᠶᠢᠨ᠎ᠠ ᠭᠡᠰᠡᠭ ᠤᠨ ᠬᠤᠰᠢᠭᠤᠨ ᠤ ᠮᠠᠯᠵᠢᠬᠤ ᠡᠷᠤᠭᠡ ᠶᠢᠨ ᠳᠤᠮᠳᠠᠴᠢ ᠨᠤᠳᠤᠭ ᠪᠡᠯᠴᠢᠭᠡᠷ ᠤᠨ ᠲᠠᠯᠠᠪᠠᠢ ᠶᠢᠨ ᠵᠦᠷᠢᠶ᠎ᠡ ᠶᠡᠭᠡ ᠵᠡᠷᠭᠡ ᠡᠯᠧᠮᠧᠨ᠋ᠲ ᠢ ᠪᠤᠳᠤᠯᠭᠢᠯᠠᠵᠤ᠂ ᠨᠦᠬᠦᠪᠤᠷᠢ ᠶᠢᠨ ᠪᠠᠷᠢᠮᠵᠢᠶ᠎ᠠ ᠶᠢ ᠬᠠᠮᠤᠭ ᠦᠨᠳᠤᠷ ᠲᠡᠭᠡᠨ ᠨᠢᠭᠡᠳᠤᠭᠡᠷ ᠡᠭᠡᠯᠵᠢ ᠶᠢᠨ ᠬᠦᠮᠤᠨ ᠪᠦᠷᠢ ᠵᠢᠯ ᠳᠤ 12306 ᠳᠦᠬᠦᠷᠢᠭ ᠪᠠᠶᠢᠡᠡᠰᠡᠨ ᠠᠴᠠ 18000 ᠳᠦᠬᠦᠷᠢᠭ ᠪᠤᠯᠭᠠᠨ ᠳᠡᠭᠡᠭᠰᠢᠯᠡᠬᠦᠯᠵᠤ᠂ ᠬᠠᠮᠤᠭ ᠳᠤᠤᠷ᠎ᠠ ᠳᠠᠭᠠᠨ ᠨᠢᠭᠡᠳᠤᠭᠡᠷ ᠡᠭᠡᠯᠵᠢ ᠶᠢᠨ ᠬᠦᠮᠤᠨ ᠪᠦᠷᠢ ᠵᠢᠯ ᠳᠤ 3000 ᠳᠦᠬᠦᠷᠢᠭ ᠪᠠᠶᠢᠡᠡᠰᠡᠨ ᠠᠴᠠ 5000 ᠳᠦᠬᠦᠷᠢᠭ ᠪᠤᠯᠭᠠᠨ ᠳᠡᠭᠡᠭᠰᠢᠯᠡᠬᠦᠯᠪᠡ᠃ ᠮᠠᠯ ᠪᠡᠯᠴᠢᠭᠡᠷ ᠤᠨ ᠳᠡᠩᠴᠡᠬᠦᠷᠢ ᠶᠢ ᠪᠠᠳᠤᠯᠠᠬᠤ ᠱᠠᠩᠨᠠᠯ ᠤᠨ ᠪᠠᠷᠢᠮᠵᠢᠶ᠎ᠠ ᠶᠢ ᠮᠤ᠋ ᠪᠦᠷᠢ ᠳᠤ ᠵᠢᠯ ᠳᠤ 1.71 ᠳᠦᠬᠦᠷᠢᠭ ᠪᠠᠶᠢᠡᠡᠰᠡᠨ ᠠᠴᠠ 3 ᠳᠦᠬᠦᠷᠢᠭ ᠪᠤᠯᠭᠠᠨ ᠳᠡᠭᠡᠭᠰᠢᠯᠡᠬᠦᠯᠪᠡ᠃ ᠬᠠᠳᠤᠯᠠᠩ ᠤᠨ ᠲᠠᠯᠠᠪᠠᠢ ᠶᠢᠨ ᠨᠦᠬᠦᠪᠤᠷᠢ ᠶᠢ ᠨᠡᠮᠡᠨ ᠳᠤᠬᠢᠷᠠᠭᠤᠯᠵᠤ᠂ ᠮᠤ᠋ ᠪᠦᠷᠢ ᠵᠢᠯ ᠳᠤ 5 ᠳᠦᠬᠦᠷᠢᠭ ᠤᠨ ᠪᠠᠷᠢᠮᠵᠢᠶ᠎ᠠ ᠪᠠᠷ ᠳᠤᠡᠡᠳᠠᠪᠠ᠃     2011 ᠤᠨ ᠳᠤ ᠨᠢᠭᠡᠳᠤᠭᠡᠷ ᠡᠭᠡᠯᠵᠢ ᠶᠢᠨ ᠨᠤᠳᠤᠭ ᠪᠡᠯᠴᠢᠭᠡᠷ ᠤᠨ ᠨᠦᠬᠦᠪᠤᠷᠢ ᠱᠠᠩᠨᠠᠯ ᠤᠨ ᠳᠦᠷᠤ ᠶᠢᠨ ᠪᠤᠳᠤᠯᠭ᠎ᠠ ᠶᠢ ᠬᠡᠷᠡᠭᠵᠢᠬᠦᠯᠵᠤ ᠡᠬᠢᠯᠡᠭᠰᠡᠨ ᠠᠴᠠ ᠨᠠᠰᠢ᠂ ᠮᠠᠨ ᠤ ᠠᠶᠢᠮᠠᠭ ᠮᠠᠯᠴᠢᠳ ᠤᠨ ᠭᠤᠤᠯ ᠴᠤᠡᠡᠴᠠ ᠶᠢᠨ ᠦᠢᠯᠡᠳᠤᠯ ᠢ ᠬᠦᠢᠴᠡᠳ ᠪᠠᠳᠠᠷᠠᠭᠤᠯᠵᠤ᠂ ᠦᠢᠯᠡᠳᠪᠤᠷᠢᠯᠡᠯ ᠡᠵᠡᠩᠨᠡᠯᠳᠡ ᠶᠢᠨ ᠠᠷᠭ᠎ᠠ ᠬᠡᠯᠪᠡᠷᠢ ᠪᠠᠨ ᠢᠳᠡᠪᠬᠢᠳᠠᠢ ᠬᠤᠪᠢᠷᠠᠭᠤᠯᠵᠤ᠂ ᠳᠦᠷᠤ ᠶᠢᠨ ᠪᠤᠳᠤᠯᠭ᠎ᠠ ᠶᠢᠨ ᠪᠦᠳᠤᠮᠵᠢᠳᠠᠢ ᠨᠠᠶᠢᠳᠠᠪᠤᠷᠢᠵᠢᠭᠤᠯᠤᠯᠳᠠ ᠶᠢ ᠪᠠᠳᠤᠯᠠᠪᠠ᠃ ᠨᠢᠭᠡᠳᠤᠭᠡᠷ ᠡᠭᠡᠯᠵᠢ ᠶᠢᠨ ᠨᠤᠳᠤᠭ ᠪᠡᠯᠴᠢᠭᠡᠷ ᠤᠨ ᠨᠦᠬᠦᠪᠤᠷᠢ ᠱᠠᠩᠨᠠᠯ ᠤᠨ ᠳᠦᠷᠤ ᠶᠢᠨ ᠪᠤᠳᠤᠯᠭ᠎ᠠ ᠶᠢᠨ ᠶᠡᠷᠤᠩᠭᠡᠢ ᠬᠡᠪᠴᠢᠶ ᠎ᠠ ᠨᠢ 27138.64 ᠳᠦᠮᠡᠨ ᠮᠤ᠋ ᠪᠠᠶᠢᠵᠤ᠂ ᠡᠬᠦᠨ ᠳᠤ᠂ ᠪᠡᠯᠴᠢᠭᠡᠷᠯᠡᠬᠦᠯᠬᠦ ᠶᠢ ᠵᠤᠡᠡᠰᠤᠭᠠᠡᠡᠰᠡᠨ ᠲᠠᠯᠠᠪᠠᠢ 6168.93 ᠳᠦᠮᠡᠨ ᠮᠤ᠋᠂ ᠮᠠᠯ ᠪᠡᠯᠴᠢᠭᠡᠷ ᠤᠨ ᠳᠡᠩᠴᠡᠬᠦᠷᠢ ᠶᠢ ᠪᠠᠳᠤᠯᠠᠬᠤ ᠲᠠᠯᠠᠪᠠᠢ 20969.71 ᠳᠦᠮᠡᠨ ᠮᠤ᠋ ᠳᠤ ᠬᠦᠷᠴᠠᠢ᠃ ᠪᠦᠬᠦ ᠠᠶᠢᠮᠠᠭ ᠤᠨ 12 ᠬᠤᠰᠢᠭᠤ ᠬᠤᠳᠠ ︵ᠤᠷᠤᠨ︶᠎ ᠶᠢᠨ ᠲᠠᠪᠢᠭᠠᠳ ᠰᠤᠮᠤ ᠪᠠᠯᠭᠠᠰᠤᠨ ︵ᠲᠠᠯᠠᠪᠠᠢ︶᠎ ᠤ 600 ᠭᠠᠷᠤᠢ ᠭᠠᠴᠠᠭ᠎ᠠ ᠳᠤᠰᠬᠤᠨ ︵ᠬᠤᠪᠢᠶᠠᠷᠢ ᠲᠠᠯᠠᠪᠠᠢ︶᠎ ᠢ ᠬᠠᠮᠤᠷᠴᠤ᠂ ᠨᠡᠶᠢᠳᠡ 42.85 ᠳ᠋ᠦᠡᠭᠰᠢᠭᠤᠷ ᠳᠦᠬᠦᠷᠢᠭ ᠤᠨ ᠨᠦᠬᠦᠪᠤᠷᠢ ᠱᠠᠩᠨᠠᠯ ᠤᠨ ᠪᠡᠯᠡ ᠤᠷᠤᠭᠤᠯᠵᠤ᠂ ᠨᠠᠰᠤᠵᠢᠯ᠂ ᠰᠤᠷᠤᠯᠭ᠎ᠠ ᠶᠢᠨ ᠳᠡᠳᠬᠦᠮᠵᠢ᠂ ᠦᠢᠯᠡᠰ ᠪᠤᠰᠬᠠᠬᠤ᠂ ᠵᠠᠯᠭᠠᠮᠵᠢ ᠠᠵᠤ ᠦᠢᠯᠡᠰ ᠤᠨ ᠬᠦᠭᠵᠢᠯᠳᠡ ᠵᠡᠷᠭᠡ ᠠᠯᠢ ᠤᠯᠠᠨ ᠢᠵᠢ ᠪᠦᠷᠢᠳᠦᠭᠰᠡᠨ ᠳᠡᠮᠵᠢᠯᠭᠡ ᠶᠢᠨ ᠳᠦᠷᠤ ᠶᠢᠨ ᠪᠤᠳᠤᠯᠭ᠎ᠠ ᠪᠠᠷ 7 ᠳᠦᠮᠡ ᠭᠠᠷᠤᠢ ᠡᠷᠤᠭᠡ ᠶᠢᠨ 20 ᠳᠦᠮᠡ ᠭᠠᠷᠤᠢ ᠮᠠᠯᠴᠢᠨ ᠳᠤ ᠠᠰᠢᠭ ᠬᠦᠷᠳᠡᠭᠡᠪᠡ᠃ 2011 — 2015 ᠤᠨ ᠤ ᠪᠦᠬᠦ ᠠᠶᠢᠮᠠᠭ ᠤᠨ ᠨᠤᠳᠤᠭ ᠪᠡᠯᠴᠢᠭᠡᠷ ᠤᠨ ᠳᠤᠮᠳᠠᠴᠢ ᠤᠷᠭᠤᠮᠠᠯ ᠤᠨ ᠪᠦᠷᠬᠦᠴᠡ ᠶᠢᠨ ᠨᠤᠷᠮ᠎ᠠ 49.66%᠂ ᠦᠨᠳᠤᠷ ᠤᠨ ᠬᠡᠮᠵᠢᠶ᠎ᠡ ᠨᠢ 32.24 ᠰᠡᠨᠲ᠋ᠢᠮᠧᠲᠷ᠂ ᠡᠪᠡᠰᠤᠨ ᠤ ᠭᠠᠷᠤᠯᠳᠠ ᠮᠤ᠋ ᠪᠦᠷᠢ ᠳᠤ 58.12 ᠺᠢᠯᠦᠭᠷᠡᠮ ᠳᠤ ᠬᠦᠷᠴᠤ᠂ 2010 ᠤᠨ ᠠᠴᠠ ᠳᠤᠰᠪᠤᠷᠢ 3.96%᠂ 51.36%᠂ 24.72%᠎ ᠢᠶᠠᠷ ᠳᠡᠭᠡᠭᠰᠢᠯᠡᠪᠡ᠃ 2015 ᠤᠨ ᠳᠤ ᠪᠦᠬᠦ ᠠᠶᠢᠮᠠᠭ ᠤᠨ ᠮᠠᠯᠵᠢᠬᠤ ᠤᠷᠤᠨ ᠤ ᠪᠠᠶᠢᠡᠭᠭᠤ ᠰᠠᠭᠤᠭ᠎ᠠ ᠰᠠᠭᠤᠭᠠᠯᠢ ᠠᠷᠠᠳ ᠤᠨ ᠬᠦᠮᠤᠨ ᠳᠤᠮᠳᠠᠴᠢ ᠶᠢᠨ ᠳᠤᠬᠢᠷᠠᠭᠤᠯᠵᠤ ᠪᠤᠯᠬᠤᠢᠢᠴᠠ ᠤᠷᠤᠯᠭ᠎ᠠ 1.6 ᠳᠦᠮᠡᠨ ᠳᠦᠬᠦᠷᠢᠭ ᠲᠤ ᠬᠦᠷᠴᠤ᠂ 2010 ᠤᠨ ᠠᠴᠠ 0.9 ᠳᠦᠮᠡᠨ ᠳᠦᠬᠦᠷᠢᠭ ᠨᠡᠮᠡᠭᠳᠡᠵᠤ᠂ ᠡᠬᠦᠨ ᠳᠤ ᠨᠤᠳᠤᠭ ᠪᠡᠯᠴᠢᠭᠡᠷ ᠤᠨ ᠠᠮᠢ ᠠᠬᠤᠢ ᠶᠢᠨ ᠨᠦᠬᠦᠪᠤᠷᠢ ᠱᠠᠩᠨᠠᠯ ᠤᠨ ᠳᠦᠷᠤ ᠶᠢᠨ ᠪᠤᠳᠤᠯᠭ᠎ᠠ ᠶᠢᠨ ᠪᠡᠯᠡ ᠮᠦᠡᠭᠬᠦ ᠨᠢ ᠮᠠᠯᠴᠢᠳ ᠤᠨ ᠬᠦᠮᠤᠨ ᠳᠤᠮᠳᠠᠴᠢ ᠶᠢᠨ ᠤᠷᠤᠯᠭ᠎ᠠ ᠶᠢ ᠰᠢᠭᠤᠳ 3460 ᠳᠦᠬᠦᠷᠢᠭ ᠨᠡᠮᠡᠭᠳᠡᠬᠦᠯᠵᠤ᠂ ᠲᠠᠯ᠎ᠠ ᠨᠤᠳᠤᠭ ᠤᠨ ᠠᠮᠢ ᠠᠬᠤᠢ ᠠᠭᠠᠵᠢᠮ ᠢᠶᠠᠷ ᠰᠡᠷᠬᠦᠵᠤ᠂ ᠮᠠᠯᠴᠢᠳ ᠤᠨ ᠠᠮᠢᠳᠤᠷᠠᠯ ᠤᠨ ᠳᠦᠪᠰᠢᠨ ᠳᠤᠡᠡᠳᠠᠭᠤᠨ ᠢᠶᠠᠷ ᠳᠡᠭᠡᠭᠰᠢᠯᠡᠵᠤ᠂ ᠮᠠᠯ ᠠᠵᠤ ᠠᠬᠤᠢ ᠳᠤᠡᠡᠳᠠᠭᠤᠨ ᠬᠦᠭᠵᠢᠭᠰᠡᠨ ᠮᠡᠳᠡᠭᠳᠡᠬᠦ᠋ᠢᠴᠡ ᠦᠷ᠎ᠡ ᠠᠰᠢᠭ ᠤᠯᠵᠤ᠂ ᠠᠮᠢ ᠠᠬᠤᠢ ᠶᠢᠨ ᠬᠠᠮᠠᠭᠠᠯᠠᠯᠳᠠ ᠶᠢᠨ ᠤᠷᠳᠤ ᠬᠤᠭᠤᠴᠠᠭᠠᠨ ᠤ ᠦᠷ᠎ᠠ ᠪᠦᠳᠤᠮᠵᠢᠳᠤ ᠳᠤᠬᠳᠠᠴᠠ ᠪᠦᠷᠢᠯᠳᠤᠬᠦ ᠶᠢ ᠬᠦᠴᠤᠳᠠᠢ ᠠᠬᠢᠭᠤᠯᠪᠠ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号