ᠯᠥᠸᠧ ᠬᠤ᠋ ᠽᠠᠢ ᠪᠦᠭᠦ ᠠᠶᠢᠮᠠᠭ ᠤᠨ ᠠᠶᠦᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠳᠠ ᠶᠢᠨ ᠲᠤᠰᠬᠠᠢ ᠰᠡᠳᠦᠪᠳᠦ ᠪᠠᠶᠢᠷᠢᠯᠠᠭᠤᠯᠤᠯᠳᠠ ᠶᠢᠨ ᠬᠤᠷᠠᠯ ᠠᠴᠠ ᠴᠢᠬᠤᠯᠠᠴᠢᠯᠠᠭᠰᠠᠨ ᠨᠢ — ᠬᠠᠲᠠᠭᠤ ᠴᠢᠩᠭ᠎ᠠ  ᠳᠦᠷᠡᠮ ᠳᠤᠭᠲᠠᠭᠠᠯ ᠪᠤᠯᠤᠨ ᠰᠠᠬᠢᠯᠭ᠎ᠠ ᠪᠠᠲᠤ ᠪᠠᠷ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢ ᠰᠠᠶᠢᠲᠤᠷ ᠠᠳᠬᠤᠬᠤ ᠬᠡᠷᠡᠭᠲᠡᠢ
ᠨᠡᠶᠢᠲᠡᠯᠡᠭᠰᠡᠨ ᠴᠠᠭ᠄
2016/12/14
    12 ᠳ᠋ᠤᠭᠠᠷ ᠰᠠᠷ᠎ᠠ ᠶᠢᠨ 5 ᠤ ᠡᠳᠦᠷ᠂ ᠦᠪᠡᠷᠳᠡᠭᠡᠨ ᠵᠠᠰᠠᠬᠤ ᠤᠷᠤᠨ ᠤ ᠠᠶᠦᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠳᠠ ᠶᠢ ᠲᠠᠶᠢᠴᠢᠯᠠᠨ ᠪᠠᠶᠢᠷᠢᠯᠠᠭᠤᠯᠬᠤ ᠲᠧᠯᠸᠢᠰ ᠤᠳᠠᠰᠦ ᠬᠤᠷᠠᠯ ᠦᠨᠳᠦᠷᠯᠡᠭᠰᠡᠨ ᠤ ᠲᠠᠷᠠᠭ᠎ᠠ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠪᠦᠭᠦ ᠠᠶᠢᠮᠠᠭ ᠤᠨ ᠠᠶᠦᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠳᠠ ᠶᠢᠨ ᠲᠤᠰᠬᠠᠢ ᠰᠡᠳᠦᠪᠳᠦ ᠪᠠᠶᠢᠷᠢᠯᠠᠭᠤᠯᠤᠯᠳᠠ ᠶᠢᠨ ᠬᠤᠷᠠᠯ ᠬᠤᠷᠠᠯᠳᠤᠭᠤᠯᠵᠦ᠂ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠤᠳᠤᠷᠢᠳᠤᠯᠭ᠎ᠠ ᠶᠢᠨ ᠴᠢᠬᠤᠯᠠ ᠴᠤᠬᠤᠯᠠᠪᠤᠷᠢ ᠪᠤᠯᠤᠨ ᠪᠦᠭᠦ ᠤᠷᠤᠨ ᠤ ᠠᠶᠦᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠳᠠ ᠶᠢ ᠲᠠᠶᠢᠴᠢᠯᠠᠨ ᠪᠠᠶᠢᠷᠢᠯᠠᠭᠤᠯᠬᠤ ᠬᠤᠷᠠᠯ ᠤᠨ ᠵᠤᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠦ᠂ ᠪᠦᠭᠦ ᠠᠶᠢᠮᠠᠭ ᠤᠨ ᠠᠶᠦᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠳᠠ ᠶᠢᠨ ᠠᠵᠢᠯ ᠢ ᠲᠡᠬᠢᠨ ᠲᠠᠶᠢᠴᠢᠯᠠᠵᠦ ᠲᠠᠬᠢᠨ ᠪᠠᠶᠢᠷᠢᠯᠠᠭᠤᠯᠪᠠ᠃ ᠬᠤᠷᠠᠯ ᠠᠴᠠ ᠴᠢᠬᠤᠯᠠᠴᠢᠯᠠᠬᠤ ᠳᠠᠭᠠᠨ᠂ ᠪᠦᠭᠦ ᠠᠶᠢᠮᠠᠭ ᠢᠶᠠᠷ ᠢᠶᠠᠨ ᠴᠠᠭ ᠢᠮᠠᠬᠳᠠ ᠠᠶᠦᠯᠭᠦᠢ ᠦᠢᠯᠡᠳᠪᠦᠷᠢᠯᠡᠯ ᠤᠨ ᠤᠬᠠᠮᠰᠡᠷ ᠢᠶᠠᠨ ᠴᠢᠩᠭᠠᠳᠬᠠᠵᠦ᠂ ᠠᠮᠤᠷ ᠲᠦᠪᠰᠢᠨ ᠢ ᠲᠡᠷᠢᠭᠦᠨ ᠪᠠᠶᠢᠷᠢᠨ ᠳᠤ ᠲᠠᠯᠪᠢᠵᠦ᠂ ᠬᠠᠷᠢᠭᠤᠴᠠᠯᠭ᠎ᠠ ᠪᠠᠨ ᠲᠡᠭᠡᠳᠦᠯᠡᠵᠦ᠂ ᠬᠠᠳᠠᠭᠤ ᠴᠢᠩᠭ᠎ᠠ ᠲᠦᠷᠢᠮ ᠲᠤᠭᠳᠠᠭᠠᠯ ᠪᠤᠯᠤᠨ ᠰᠠᠬᠢᠯᠭ᠎ᠠ ᠪᠠᠳᠦ ᠪᠠᠷ ᠠᠶᠦᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠳᠠ ᠶᠢ ᠰᠠᠶᠢᠳᠦᠷ ᠠᠳᠬᠤᠵᠦ᠂ ᠪᠦᠭᠦ ᠠᠶᠢᠮᠠᠭ ᠤᠨ ᠠᠶᠦᠯᠭᠦᠢ ᠦᠢᠯᠡᠳᠪᠦᠷᠢᠯᠡᠯ ᠤᠨ ᠦᠷᠭᠦᠯᠵᠢᠯᠡᠭᠰᠡᠨ ᠲᠤᠭᠳᠠᠭᠤᠨ ᠪᠠᠶᠢᠳᠠᠯ ᠢ ᠠᠬᠢᠭᠤᠯᠬᠤ ᠭᠡᠷᠡᠭᠳᠠᠢ ᠭᠡᠪᠡ᠃     ᠠᠶᠢᠮᠠᠭ ᠤᠨ ᠨᠠᠮ ᠤᠨ ᠬᠤᠷᠢᠶᠠᠨ ᠤ ᠱᠦᠵᠢ ᠯᠦᠸᠧ ᠬᠤ᠋ ᠽᠠᠢ ᠬᠤᠷᠠᠯ ᠡᠷᠬᠢᠯᠡᠭᠰᠡᠨ ᠪᠦᠭᠡᠳ ᠴᠢᠬᠤᠯᠠ ᠶᠠᠷᠢᠶ᠎ᠠ ᠲᠠᠯᠪᠢᠵᠦ᠂ ᠠᠶᠢᠮᠠᠭ ᠤᠨ ᠨᠠᠮ ᠤᠨ ᠬᠤᠷᠢᠶᠠᠨ ᠤ ᠲᠡᠳ᠋ ᠱᠦᠵᠢ᠂ ᠠᠶᠢᠮᠠᠭ ᠤᠨ ᠲᠠᠷᠤᠭ᠎ᠠ ᠹᠦ᠋ ᠸᠠᠨ ᠬᠤᠢ ᠬᠤᠷᠠᠯ ᠳᠤ ᠤᠷᠤᠯᠴᠠᠭᠰᠠᠨ ᠪᠦᠭᠡᠳ ᠪᠦᠭᠦ ᠠᠶᠢᠮᠠᠭ ᠤᠨ ᠠᠶᠦᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠳᠠ ᠶᠢᠨ ᠠᠵᠢᠯ ᠢ ᠪᠠᠶᠢᠷᠢᠯᠠᠭᠤᠯᠵᠠᠢ᠃     ᠯᠦᠸᠧ ᠬᠤ᠋ ᠽᠠᠢ ᠴᠢᠬᠤᠯᠠᠴᠢᠯᠠᠬᠤ ᠳᠠᠭᠠᠨ᠂ ᠪᠦᠭᠦ ᠠᠶᠢᠮᠠᠭ ᠢᠶᠠᠷ ᠢᠶᠠᠨ ᠬᠠᠷᠢᠭᠤᠴᠠᠯᠭᠠᠳᠦ ᠰᠡᠳᠬᠢᠯᠭᠡ ᠪᠠᠨ ᠤᠯᠠᠮ ᠴᠢᠩᠭᠠᠳᠬᠠᠵᠦ᠂ ᠤᠢᠢᠷ᠎ᠠ ᠶᠢᠨ ᠬᠤᠭᠤᠴᠠᠭᠠᠨ ᠳᠤ ᠡᠭᠦᠰᠦᠭᠰᠡᠨ ᠤᠨᠴᠠ ᠶᠡᠭᠡ ᠠᠳᠡᠯ ᠠᠴᠠ ᠰᠤᠷᠭᠠᠮᠵᠢ ᠠᠪᠴᠦ᠂ ᠠᠶᠦᠯᠭᠦᠢ ᠦᠢᠯᠡᠳᠪᠦᠷᠢᠯᠡᠯ ᠤᠨ ᠠᠵᠢᠯ ᠢ ᠭᠤᠤᠯᠳᠠᠯᠭ᠎ᠠ ᠶᠢᠨ ᠲᠤᠳᠤᠷᠠᠭᠢ ᠭᠤᠤᠯᠳᠠᠯᠭ᠎ᠠ ᠪᠤᠯᠭᠠᠵᠦ᠂ ᠤᠨᠴᠠ ᠶᠡᠭᠡ ᠠᠳᠡᠯ ᠡᠭᠦᠰᠭᠦ ᠶᠢ ᠪᠦᠳᠦᠮᠵᠢᠳᠠᠢ ᠰᠡᠷᠭᠡᠶᠢᠯᠡᠭᠦ ᠪᠠ ᠡᠷᠡᠰ ᠬᠤᠷᠢᠬᠯᠠᠬᠤ ᠭᠡᠷᠡᠭᠳᠠᠢ᠃ ᠡᠯ᠎ᠠ ᠱᠠᠳᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠠᠶᠦᠯᠭᠦᠢ ᠦᠢᠯᠡᠳᠪᠦᠷᠢᠯᠡᠯ ᠪᠤᠯᠤᠨ ᠠᠵᠦ ᠠᠬᠤᠢ ᠶᠢᠨ ᠠᠵᠢᠯ ᠢ ᠵᠡᠷᠭᠡᠪᠡᠷ ᠠᠳᠬᠤᠵᠦ᠂ ᠵᠡᠷᠭᠡᠪᠡᠷ ᠪᠠᠶᠢᠷᠢᠯᠠᠭᠤᠯᠵᠦ᠂ ᠵᠡᠷᠭᠡᠪᠡᠷ ᠪᠠᠶᠢᠴᠠᠭᠠᠨ᠂ ᠤᠳᠤᠷᠢᠳᠬᠤ ᠪᠠᠭ ᠤᠨ ᠭᠡᠰᠢᠭᠦᠳ ᠬᠤᠪᠢᠳᠠᠨ ᠬᠠᠮᠢᠶᠠᠷᠴᠦ ᠪᠠᠶᠢᠭ᠎ᠠ ᠭᠦᠷᠢᠶ᠎ᠠ ᠭᠡᠪᠴᠢᠶᠡᠨ ᠳᠠᠬᠢ ᠠᠶᠦᠯᠭᠦᠢ ᠦᠢᠯᠡᠳᠪᠦᠷᠢᠯᠡᠯ ᠤᠨ ᠠᠵᠢᠯ ᠤᠨ ᠡᠭᠦᠷᠭᠡ ᠬᠠᠷᠢᠭᠤᠴᠠᠯᠭ᠎ᠠ ᠶᠢ ᠦᠨᠡᠨᠭᠦ ᠭᠦᠢᠴᠡᠳᠭᠡᠵᠦ᠂ ᠠᠵᠦ ᠠᠬᠤᠢᠢᠯᠠᠯ ᠢ ᠠᠶᠦᠯᠭᠦᠢ ᠦᠢᠯᠡᠳᠪᠦᠷᠢᠯᠡᠯ ᠤᠨ ᠭᠤᠤᠯ ᠴᠤᠭᠴᠠ ᠶᠢᠨ ᠬᠠᠷᠢᠭᠤᠴᠠᠯᠭ᠎ᠠ ᠪᠠᠨ ᠭᠦᠢᠴᠡᠳᠭᠡᠭᠦ ᠶᠢ ᠱᠠᠯᠠᠪᠳᠠᠭᠤᠯᠬᠤ ᠭᠡᠷᠡᠭᠳᠠᠢ ᠭᠡᠪᠡ᠃     ᠯᠥᠸᠧ ᠬᠤ᠋ ᠽᠠᠢ ᠴᠢᠬᠤᠯᠠᠴᠢᠯᠠᠬᠤ ᠳᠠᠭᠠᠨ᠂ ᠡᠯ᠎ᠠ ᠭᠠᠵᠠᠷ ᠤᠷᠤᠨ ᠪᠠᠶᠢᠴᠠᠭᠠᠬᠤ ᠭᠤᠤᠯᠲᠠᠯᠭ᠎ᠠ ᠶᠢ ᠲᠤᠪᠤᠶᠢᠯᠭᠠᠵᠥ᠂ ᠶᠡᠭᠡ ᠪᠠᠶᠢᠴᠠᠭᠠᠯᠲᠠ ᠶᠢᠨ ᠲᠥᠰᠥᠯ ᠢ ᠲᠡᠬᠦᠯᠲᠡᠷᠵᠢᠬᠦᠯᠥᠨ ᠨᠠᠷᠢᠯᠢᠬᠵᠢᠭᠤᠯᠵᠥ᠂ ᠠᠮᠠᠷᠬᠠᠨ ᠠᠲᠡᠯ ᠬᠡᠷᠡᠭ ᠡᠬᠦᠰᠬᠦ ᠭᠤᠤᠯᠲᠠᠯᠭ᠎ᠠ ᠲᠠᠢ ᠠᠵᠢᠯ ᠲᠥᠷᠥᠯ ᠤᠨ ᠬᠡᠪᠴᠢᠶᠡᠨ ᠳᠤ ᠪᠥᠬᠦ ᠲᠠᠯ᠎ᠠ ᠶᠢᠨ ᠪᠠᠶᠢᠴᠠᠭᠠᠯᠲᠠ ᠶᠢ ᠵᠤᠬᠢᠶᠠᠨ ᠪᠠᠶᠢᠭᠤᠯᠤᠨ ᠥᠷᠨᠢᠬᠦᠯᠬᠦ ᠬᠡᠷᠡᠭᠲᠡᠢ᠃ ᠬᠠᠷᠢᠭᠤᠴᠠᠯᠭ᠎ᠠ ᠨᠡᠭᠡᠮᠵᠢᠯᠡᠬᠦ ᠶᠢ ᠴᠢᠩᠭᠠᠳᠬᠠᠵᠥ᠂ ᠶᠡᠭᠡ ᠪᠠᠶᠢᠴᠠᠭᠠᠯᠲᠠ ᠥᠷᠨᠢᠬᠦᠯᠥᠭᠰᠡᠨ ᠪᠠᠶᠢᠲᠠᠯ ᠢ ᠡᠯ᠎ᠠ ᠱᠠᠲᠤᠨ ᠤ ᠡᠯ᠎ᠠ ᠬᠠᠮᠢᠶ᠎ᠠ ᠪᠥᠬᠦᠢ ᠰᠠᠯᠠᠭ᠎ᠠ ᠮᠥᠴᠢᠷ ᠤᠨ ᠪᠥᠬᠦ ᠵᠢᠯ ᠤᠨ ᠠᠶᠤᠯᠬᠦᠢ ᠥᠢᠯᠡᠳᠪᠤᠷᠢᠯᠡᠯ ᠤᠨ ᠬᠠᠷᠢᠭᠤᠴᠠᠯᠭ᠎ᠠ ᠶᠢ ᠬᠢᠨᠠᠨ ᠰᠢᠯᠭᠠᠬᠤ ᠭᠤᠤᠯ ᠠᠭᠤᠯᠭ᠎ᠠ ᠳᠤ ᠤᠷᠤᠭᠤᠯᠬᠤ ᠬᠡᠷᠡᠭᠲᠡᠢ ᠬᠡᠪᠡ᠃     ᠹᠥ᠋ ᠸᠠᠨ ᠬᠤᠢ ᠪᠥᠬᠦ ᠠᠶᠢᠮᠠᠭ ᠤᠨ ᠠᠶᠤᠯᠬᠦᠢ ᠥᠢᠯᠡᠳᠪᠤᠷᠢᠯᠡᠯ ᠤᠨ ᠶᠡᠭᠡ ᠪᠠᠶᠢᠴᠠᠭᠠᠯᠲᠠ ᠶᠢᠨ ᠠᠵᠢᠯ ᠢ ᠪᠠᠶᠢᠷᠢᠯᠠᠭᠤᠯᠬᠤ ᠳᠠᠭᠠᠨ᠂ ᠡᠯ᠎ᠠ ᠭᠠᠵᠠᠷ ᠡᠯ᠎ᠠ ᠰᠠᠯᠠᠭ᠎ᠠ ᠮᠥᠴᠢᠷ ᠵᠢᠶᠠᠩᠰᠢ ᠶᠢᠨ ︽11 · 24︾᠂ ᠤᠯᠠᠭᠠᠨᠬᠠᠲᠠ ᠬᠤᠲᠠ ᠶᠢᠨ ︽12 · 3︾ ᠵᠡᠷᠭᠡ ᠲᠤᠮᠤ ᠠᠲᠡᠯ ᠬᠡᠷᠡᠭ ᠠᠴᠠ ᠰᠤᠷᠭᠠᠮᠵᠢ ᠠᠪᠴᠥ᠂ ᠥᠵᠡᠯ ᠰᠠᠨᠠᠭᠠᠨ ᠤ ᠲᠠᠯ᠎ᠠ ᠠᠴᠠ ᠠᠶᠤᠯᠬᠦᠢ ᠥᠢᠯᠡᠳᠪᠤᠷᠢᠯᠡᠯ ᠳᠤ ᠴᠢᠩᠭ᠎ᠠ ᠰᠡᠷᠡᠮᠵᠢ ᠲᠠᠢ ᠪᠠᠶᠢᠬᠤ ᠬᠡᠷᠡᠭᠲᠡᠢ᠃ ᠠᠶᠤᠯᠬᠦᠢ ᠥᠢᠯᠡᠳᠪᠤᠷᠢᠯᠡᠯ ᠤᠨ ᠲᠤᠮᠤ ᠪᠠᠶᠢᠴᠠᠭᠠᠯᠲᠠ᠂ ᠲᠤᠮᠤ ᠴᠡᠭᠴᠡᠯᠡᠯᠲᠡ ᠶᠢᠨ ᠠᠵᠢᠯᠯᠠᠭ᠎ᠠ ᠶᠢ ᠪᠥᠬᠦ ᠲᠠᠯ᠎ᠠ ᠪᠠᠷ ᠬᠥᠨᠵᠡᠭᠡᠢ ᠥᠷᠨᠢᠬᠦᠯᠵᠥ᠂ ᠬᠠᠷᠢᠭᠤᠴᠠᠯᠭ᠎ᠠ ᠶᠢ ᠥᠨᠡᠨᠬᠦ ᠨᠠᠶᠢᠲᠠᠪᠤᠷᠢᠵᠢᠭᠤᠯᠵᠥ᠂ ᠠᠮᠤᠷ ᠲᠤᠭᠲᠠᠭᠤᠨ ᠢ ᠥᠨᠡᠨᠬᠦ ᠪᠠᠲᠤᠯᠠᠬᠤ ᠬᠡᠷᠡᠭᠲᠡᠢ ᠬᠡᠵᠥ ᠴᠢᠬᠤᠯᠠᠴᠢᠯᠠᠪᠠ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号