ᠥᠪᠡᠷᠲᠡᠭᠡᠨ ᠵᠠᠰᠠᠬᠤ ᠤᠷᠤᠨ ᠤ ᠤᠬᠠᠭᠤᠯᠤᠨ ᠲᠠᠶᠢᠯᠪᠤᠷᠢᠯᠠᠬᠤ ᠪᠥᠯᠬᠦᠮ ᠮᠠᠨ ᠤ ᠠᠶᠢᠮᠠᠭ ᠲᠤ ᠥᠪᠡᠷᠲᠡᠭᠡᠨ ᠵᠠᠰᠠᠬᠤ ᠤᠷᠤᠨ ᠤ ᠠᠷᠪᠠᠲᠤᠭᠠᠷ ᠤᠲᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠤᠷᠢᠭ ᠰᠠᠨᠠᠭ᠎ᠠ ᠶᠢ ᠤᠬᠠᠭᠤᠯᠪᠠ
ᠨᠡᠶᠢᠲᠡᠯᠡᠭᠰᠡᠨ ᠴᠠᠭ᠄
2016/12/14
    12 ᠳ᠋ᠤᠭᠠᠷ ᠰᠠᠷ᠎ᠠ ᠶᠢᠨ 5 ᠤ ᠡᠲᠥᠷ᠂ ᠥᠪᠡᠷᠲᠡᠭᠡᠨ ᠵᠠᠰᠠᠬᠤ ᠤᠷᠤᠨ ᠤ ᠤᠬᠠᠭᠤᠯᠤᠨ ᠲᠠᠶᠢᠯᠪᠤᠷᠢᠯᠠᠬᠤ ᠪᠥᠯᠬᠦᠮ ᠮᠠᠨ ᠤ ᠠᠶᠢᠮᠠᠭ ᠲᠤ ᠢᠷᠡᠵᠥ᠂ ᠥᠪᠡᠷᠲᠡᠭᠡᠨ ᠵᠠᠰᠠᠬᠤ ᠤᠷᠤᠨ ᠤ ᠠᠷᠪᠠᠲᠤᠭᠠᠷ ᠤᠲᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠤᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠬᠤ ᠮᠡᠲᠡᠬᠦᠯᠥᠯᠲᠡ ᠬᠢᠪᠡ᠃ ᠥᠪᠡᠷᠲᠡᠭᠡᠨ ᠵᠠᠰᠠᠬᠤ ᠤᠷᠤᠨ ᠤ ᠤᠬᠠᠭᠤᠯᠤᠨ ᠲᠠᠶᠢᠯᠪᠤᠷᠢᠯᠠᠬᠤ ᠪᠥᠯᠬᠦᠮ ᠤᠨ ᠬᠡᠰᠢᠬᠦᠨ᠂ ᠥᠪᠤᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠨᠠᠮ ᠤᠨ ᠬᠤᠷᠢᠶᠠᠨ ᠤ ᠱᠥᠵᠢ ᠹᠥ᠋ ᠶᠥᠡᠭ ᠴᠥᠨ ᠤᠬᠠᠭᠤᠯᠤᠨ ᠲᠠᠶᠢᠯᠪᠤᠷᠢᠯᠠᠬᠤ ᠮᠡᠲᠡᠬᠦᠯᠥᠯᠲᠡ ᠬᠢᠪᠡ᠃ ᠠᠶᠢᠮᠠᠭ ᠤᠨ ᠨᠠᠮ ᠤᠨ ᠬᠤᠷᠢᠶᠠᠨ ᠤ ᠱᠥᠵᠢ ᠯᠥᠸᠧ ᠬᠤ᠋ ᠽᠠᠢ ᠮᠡᠲᠡᠬᠦᠯᠥᠯᠲᠡ ᠶᠢᠨ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃     ᠹᠥ᠋ ᠶᠥᠡᠭ ᠴᠥᠨ ᠥᠪᠤᠷ ᠮᠤᠩᠭᠤᠯ ᠤᠨ ᠥᠪᠡᠷᠲᠡᠭᠡᠨ ᠵᠠᠰᠠᠬᠤ ᠤᠷᠤᠨ ᠤ ᠠᠷᠪᠠᠲᠤᠭᠠᠷ ᠤᠲᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠤᠯ ᠵᠤᠷᠢᠭ ᠰᠠᠨᠠᠭ᠎ᠠ ᠪᠤᠯᠤᠨ ᠡᠬᠦᠷᠭᠡ ᠱᠠᠭᠠᠷᠲᠠᠯᠭ᠎ᠠ ᠶᠢ ᠬᠥᠨᠵᠡᠭᠡᠢ ᠥᠬᠦᠯᠡᠵᠥ᠂ ᠮᠠᠨ ᠤ ᠠᠶᠢᠮᠠᠭ ᠤᠨ ᠨᠠᠮ ᠤᠨ ᠬᠡᠰᠢᠬᠦᠨ ᠺᠠᠳ᠋ᠷᠴᠤᠳ ᠶᠡᠭᠡ ᠬᠤᠷᠠᠯ ᠤᠨ ᠵᠤᠷᠢᠭ ᠰᠠᠨᠠᠭ᠎ᠠ ᠶᠢ ᠬᠥᠨᠵᠡᠭᠡᠢ ᠰᠤᠷᠤᠯᠴᠠᠨ᠂ ᠪᠥᠬᠦ ᠲᠠᠯ᠎ᠠ ᠪᠠᠷ ᠤᠨᠤᠪᠴᠢᠲᠠᠢ ᠡᠵᠡᠮᠰᠢᠬᠦ ᠳᠤ ᠵᠢᠯᠤᠭᠤᠲᠤᠯᠭ᠎ᠠ ᠬᠠᠨᠭ᠍ᠭᠠᠵᠠᠢ᠃     ᠯᠥᠸᠧ ᠬᠤ᠋ ᠽᠠᠢ ᠴᠢᠬᠤᠯᠠᠴᠢᠯᠠᠬᠤ ᠳᠠᠭᠠᠨ᠂ ᠡᠯ᠎ᠠ ᠱᠠᠲᠤᠨ ᠤ ᠨᠠᠮ ᠤᠨ ᠵᠤᠬᠢᠶᠠᠨ ᠪᠠᠶᠢᠭᠤᠯᠤᠯᠲᠠ ᠥᠪᠡᠷᠲᠡᠭᠡᠨ ᠵᠠᠰᠠᠬᠤ ᠤᠷᠤᠨ ᠤ ᠠᠷᠪᠠᠲᠤᠭᠠᠷ ᠤᠲᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ᠴᠢᠬᠤᠯᠠ ᠤᠯᠤᠰ ᠲᠥᠷᠥ ᠶᠢᠨ ᠡᠬᠦᠷᠭᠡ ᠪᠤᠯᠭᠠᠵᠥ᠂ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠤᠢᠢᠯᠠᠭᠠᠬᠤ᠂ ᠤᠬᠠᠭᠤᠯᠤᠨ ᠲᠠᠶᠢᠯᠪᠤᠷᠢᠯᠠᠬᠤ᠂ ᠬᠥᠮᠥᠵᠢᠯ ᠪᠤᠯᠪᠠᠰᠤᠷᠠᠯ ᠡᠷᠬᠢᠯᠡᠬᠦ ᠵᠡᠷᠭᠡ ᠠᠵᠢᠯ ᠢ ᠰᠠᠶᠢᠲᠤᠷ ᠠᠳᠬᠤᠵᠥ᠂ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠤᠷᠢᠭ ᠰᠠᠨᠠᠭ᠎ᠠ ᠪᠠᠷ ᠥᠢᠯᠡᠲᠥᠯᠭᠡ ᠪᠠᠨ ᠵᠢᠯᠤᠭᠤᠲᠤᠭᠤᠯᠵᠥ᠂ ᠠᠵᠢᠯ ᠢᠶᠠᠨ ᠠᠬᠢᠭᠤᠯᠬᠤ ᠬᠡᠷᠡᠭᠲᠡᠢ᠃ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠬᠤ ᠪᠠ ᠶᠡᠷᠥᠩᠭᠡᠢ ᠱᠥᠵᠢ ᠰᠢ ᠶᠢᠨ ᠫᠢᠡᠭ ᠤᠨ ᠴᠢᠬᠤᠯᠠ ᠶᠠᠷᠢᠶ᠎ᠠ ᠨᠤᠭᠤᠳ ᠪᠤᠯᠤᠨ ᠲᠥᠷᠥ ᠶᠢ ᠵᠠᠰᠠᠵᠥ ᠵᠠᠰᠠᠭ ᠢ ᠡᠷᠬᠢᠯᠡᠬᠦ ᠰᠢᠨ᠎ᠠ ᠥᠵᠡᠯ ᠰᠠᠨᠠᠭ᠎ᠠ ᠰᠢᠨ᠎ᠠ ᠪᠠᠶᠢᠯᠲᠤᠬᠤ ᠪᠤᠲᠤᠯᠭ᠎ᠠ ᠶᠢ ᠰᠤᠷᠤᠯᠴᠠᠬᠤ᠂ ᠨᠠᠮ ᠤᠨ ᠠᠷᠪᠠᠨ ᠨᠠᠢᠮᠠᠲᠤᠭᠠᠷ ᠬᠤᠭᠤᠴᠠᠭᠠᠨ ᠤ ᠲᠥᠪ ᠬᠤᠷᠢᠶᠠᠨ ᠤ ᠵᠢᠷᠭᠤᠲᠤᠭᠠᠷ ᠪᠥᠬᠦᠲᠠ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠬᠤ᠂ ᠯᠢ ᠵᠢᠢ ᠾᠸᠡᠭ ᠱᠥᠵᠢ ᠶᠢᠨ ᠮᠠᠨ ᠤ ᠠᠶᠢᠮᠠᠭ ᠲᠤ ᠰᠢᠨᠵᠢᠯᠡᠨ ᠪᠠᠶᠢᠴᠠᠭᠠᠯᠲᠠ ᠬᠢᠭᠰᠡᠨ ᠴᠢᠬᠤᠯᠠ ᠵᠢᠭᠠᠪᠤᠷᠢ ᠪᠤᠯᠤᠨ ᠶᠠᠷᠢᠶᠠᠨ ᠤ ᠵᠤᠷᠢᠭ ᠰᠠᠨᠠᠭ᠎ᠠ ᠶᠢ ᠰᠤᠷᠤᠯᠴᠠᠬᠤ᠂ ︽ᠬᠤᠶᠠᠷ ᠢ ᠰᠤᠷᠤᠯᠴᠠᠵᠥ ᠬᠢᠷᠢ ᠲᠡᠩᠴᠡᠭᠰᠡᠨ ᠨᠠᠮ ᠤᠨ ᠬᠡᠰᠢᠬᠦᠨ ᠪᠤᠯᠬᠤ︾ ᠰᠤᠷᠤᠯᠴᠠᠯᠭ᠎ᠠ ᠬᠥᠮᠥᠵᠢᠯ ᠵᠢᠴᠢ ᠤᠲᠤᠬᠠᠨ ᠪᠤᠯᠤᠨ ᠲᠠᠷᠠᠭᠠᠴᠢ ᠶᠢᠨ ᠠᠵᠢᠯ ᠢ ᠠᠬᠢᠭᠤᠯᠬᠤ ᠲᠠᠢ ᠨᠢᠭᠲᠠ ᠤᠶᠠᠯᠲᠤᠭᠤᠯᠵᠥ᠂ ᠠᠵᠢᠯ ᠬᠢᠵᠥ ᠥᠢᠯᠡᠰ ᠪᠥᠲᠥᠭᠡᠬᠦ ᠡᠷᠴᠢ ᠵᠤᠷᠢᠭ ᠢᠶᠠᠨ ᠤᠯᠠᠮ ᠴᠢᠩᠭ᠎ᠠ ᠬᠥᠪᠴᠢᠯᠡᠵᠥ᠂ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠤᠷᠢᠭ ᠰᠠᠨᠠᠭ᠎ᠠ ᠶᠢ ᠥᠨᠡᠨᠬᠦ ᠰᠠᠶᠢᠲᠤᠷ ᠲᠤᠤᠱᠯᠠᠭᠤᠯᠵᠥ᠂ ᠪᠤᠲᠠᠲᠤ ᠥᠷ᠎ᠠ ᠪᠥᠲᠥᠮᠵᠢ ᠭᠠᠷᠭᠠᠬᠤ ᠬᠡᠷᠡᠭᠲᠡᠢ ᠬᠡᠪᠡ᠃     ᠯᠥᠸᠧ ᠬᠤ᠋ ᠽᠠᠢ ᠴᠢᠬᠤᠯᠠᠴᠢᠯᠠᠬᠤ ᠳᠠᠭᠠᠨ᠂ ᠡᠯ᠎ᠠ ᠭᠠᠵᠠᠷ ᠡᠯ᠎ᠠ ᠰᠠᠯᠠᠭ᠎ᠠ ᠮᠥᠴᠢᠷ ᠬᠥᠭᠵᠢᠯᠲᠡ ᠶᠢᠨ ᠰᠡᠳᠬᠢᠴᠡ ᠪᠠᠨ ᠤᠯᠠᠮ ᠲᠡᠬᠦᠯᠲᠡᠷᠵᠢᠬᠦᠯᠵᠥ᠂ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠤᠷᠢᠭ ᠰᠠᠨᠠᠭ᠎ᠠ ᠶᠢ ᠠᠵᠢᠯ ᠢᠶᠠᠨ ᠰᠠᠶᠢᠲᠤᠷ ᠬᠢᠬᠦ ᠵᠢᠯᠤᠭᠤᠲᠤᠮᠵᠢ ᠪᠤᠯᠭᠠᠬᠤ ᠬᠡᠷᠡᠭᠲᠡᠢ᠃ ᠬᠥᠭᠵᠢᠯᠲᠡ ᠬᠡᠬᠦ ᠲᠡᠷᠢᠬᠦᠨ ᠴᠢᠬᠤᠯᠠ ᠡᠬᠦᠷᠭᠡ ᠶᠢ ᠢᠮᠠᠭᠲᠠ ᠪᠠᠷᠢᠮᠲᠠᠯᠠᠵᠥ᠂ ᠭᠠᠵᠠᠷ ᠤᠷᠤᠨ ᠤ ᠠᠵᠤ ᠠᠬᠤᠢ ᠶᠢᠨ ᠶᠡᠷᠥᠩᠭᠡᠶᠢᠯᠡᠭᠰᠡᠨ ᠪᠤᠲᠠᠲᠤ ᠬᠥᠴᠥᠨ ᠢ ᠲᠡᠭᠡᠭᠰᠢᠯᠡᠬᠦᠯᠵᠥ᠂ ᠠᠷᠠᠳ ᠤᠨ ᠠᠮᠢᠲᠤᠷᠠᠯ ᠢ ᠪᠠᠲᠤᠯᠠᠨ ᠰᠠᠶᠢᠵᠢᠷᠠᠭᠤᠯᠵᠥ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠲᠠ ᠶᠢ ᠴᠢᠩᠭᠠᠳᠬᠠᠵᠥ᠂ ᠨᠡᠶᠢᠭᠡᠮ ᠤᠨ ᠡᠶ᠎ᠡ ᠲᠤᠭᠲᠠᠭᠤᠨ ᠢ ᠬᠠᠮᠠᠭᠠᠯᠠᠬᠤ ᠬᠡᠷᠡᠭᠲᠡᠢ᠃ ᠤᠲᠤᠬᠠᠨ ᠤ ᠡᠯ᠎ᠠ ᠵᠥᠢᠯ ᠤᠨ ᠭᠤᠤᠯᠲᠠᠯᠭ᠎ᠠ ᠲᠠᠢ ᠠᠵᠢᠯ ᠢ ᠰᠠᠶᠢᠲᠤᠷ ᠠᠳᠬᠤᠵᠥ᠂ ᠪᠥᠬᠦ ᠵᠢᠯ ᠤᠨ ᠬᠠᠷᠠᠯᠲᠠ ᠡᠬᠦᠷᠭᠡ ᠶᠢ ᠠᠮᠵᠢᠯᠲᠠᠲᠠᠢ ᠪᠡᠶᠡᠯᠡᠬᠦᠯᠬᠦ ᠬᠡᠷᠡᠭᠲᠡᠢ ᠬᠡᠪᠡ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号