ᠯᠢᠦ ᠴᠢ ᠹᠠᠨ ᠦᠪᠡᠷᠳᠡᠭᠡᠨ ᠵᠠᠰᠠᠬᠤ ᠤᠷᠤᠨ ᠤ ᠠᠶᠦᠯᠭᠦᠢ ᠦᠢᠯᠡᠳᠪᠦᠷᠢᠯᠡᠯ ᠤᠨ ᠶᠡᠭᠡ  ᠪᠠᠶᠢᠴᠠᠭᠠᠯᠳᠠ ᠶᠢᠨ ᠨᠠᠢᠮᠠᠳᠤᠭᠠᠷ ᠱᠠᠯᠠᠪᠳᠠᠭᠤᠯᠤᠨ ᠪᠠᠶᠢᠴᠠᠭᠠᠬᠤ ᠲᠤᠭᠤᠢᠢᠯᠠᠩ ᠢ ᠲᠠᠭᠠᠭᠤᠯᠤᠨ ᠮᠠᠨ ᠤ ᠠᠶᠢᠮᠠᠭ ᠤᠨ ᠠᠶᠦᠯᠭᠦᠢ ᠦᠢᠯᠡᠳᠪᠦᠷᠢᠯᠡᠯ ᠤᠨ ᠠᠵᠢᠯ ᠢ ᠪᠠᠶᠢᠴᠠᠭᠠᠨ ᠵᠢᠯᠤᠭᠤᠳᠪᠠ
ᠨᠡᠶᠢᠲᠡᠯᠡᠭᠰᠡᠨ ᠴᠠᠭ᠄
2016/12/14
    ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠨᠢᠭᠡᠳᠦᠯᠳᠠᠢ ᠪᠠᠶᠢᠷᠢᠯᠠᠭᠤᠯᠤᠯᠳᠠ ᠶᠤᠰᠤᠭᠠᠷ᠂ 12 ᠳ᠋ᠤᠭᠠᠷ ᠰᠠᠷ᠎ᠠ ᠶᠢᠨ 6 ᠠᠴᠠ 8 ᠤ ᠡᠳᠦᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠡᠭᠭᠤ ᠶᠢᠨ ᠭᠡᠰᠢᠭᠦᠨ᠂ ᠰᠠᠬᠢᠯᠭ᠎ᠠ ᠪᠠᠳᠦ ᠪᠠᠶᠢᠴᠠᠭᠠᠬᠤ ᠬᠤᠷᠢᠶᠠᠨ ᠤ ᠱᠦᠵᠢ ᠯᠢᠦ ᠴᠢ ᠹᠠᠨ ᠦᠪᠡᠷᠳᠡᠭᠡᠨ ᠵᠠᠰᠠᠬᠤ ᠤᠷᠤᠨ ᠤ ᠠᠶᠦᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠳᠠ ᠶᠢᠨ ᠨᠠᠢᠮᠠᠳᠤᠭᠠᠷ ᠱᠠᠯᠠᠪᠳᠠᠭᠤᠯᠤᠨ ᠪᠠᠶᠢᠴᠠᠭᠠᠬᠤ ᠲᠤᠭᠤᠢᠢᠯᠠᠩ ᠢ ᠲᠠᠭᠠᠭᠤᠯᠵᠦ᠂ ᠮᠠᠨ ᠤ ᠠᠶᠢᠮᠠᠭ ᠤᠨ ᠠᠶᠦᠯᠭᠦᠢ ᠦᠢᠯᠡᠳᠪᠦᠷᠢᠯᠡᠯ ᠤᠨ ᠠᠵᠢᠯ ᠢ ᠪᠠᠶᠢᠴᠠᠭᠠᠨ ᠵᠢᠯᠤᠭᠤᠳᠪᠠ᠃     6 ᠠᠴᠠ 7 ᠤ ᠡᠳᠦᠷ ᠪᠤᠯᠳᠠᠯ᠎ᠠ᠂ ᠱᠠᠯᠠᠪᠳᠠᠭᠤᠯᠤᠨ ᠪᠠᠶᠢᠴᠠᠭᠠᠬᠤ ᠲᠤᠭᠤᠢᠢᠯᠠᠩ ᠬᠤᠶᠠᠷ ᠲᠤᠭᠤᠢᠢᠯᠠᠩ ᠬᠤᠪᠢᠶᠠᠵᠦ᠂ ᠲᠤᠰ ᠲᠤᠰ 20 ᠭᠠᠷᠦᠢ ᠨᠡᠭᠦᠷᠡᠰᠦᠨ ᠠᠭᠤᠷᠬᠠᠢ᠂ ᠨᠡᠭᠦᠷᠡᠰᠦᠨ ᠠᠴᠠ ᠪᠤᠰᠤᠳ ᠠᠭᠤᠷᠬᠠᠢ᠂ ᠴᠠᠬᠢᠯᠭᠠᠨ ᠭᠦᠴᠦ᠂ ᠵᠠᠮ ᠬᠠᠷᠢᠯᠴᠠᠭ᠎ᠠ ᠵᠡᠷᠭᠡ ᠭᠤᠤᠯᠳᠠᠯᠭ᠎ᠠ ᠲᠠᠢ ᠭᠦᠷᠢᠶ᠎ᠠ ᠭᠡᠪᠴᠢᠶᠡᠨ ᠳᠠᠬᠢ ᠠᠵᠦ ᠠᠬᠤᠢᠢᠯᠠᠯ ᠪᠤᠯᠤᠨ ᠲᠦᠷᠦᠯ ᠵᠦᠢᠯ ᠤᠨ ᠠᠬᠤᠢ ᠲᠠᠯᠠᠪᠠᠢ ᠳᠤ ᠭᠦᠷᠴᠦ᠂ ᠪᠤᠳᠠᠳᠠᠢ ᠭᠠᠵᠠᠷ ᠲᠤᠨᠢ ᠪᠠᠶᠢᠴᠠᠭᠠᠬᠤ᠂ ᠬᠠᠷᠢᠭᠤ ᠮᠡᠳᠡᠭᠦᠯᠦᠯᠳᠡ ᠰᠤᠨᠤᠰᠬᠤ᠂ ᠮᠠᠲ᠋ᠧᠷᠢᠶᠠᠯ ᠪᠠᠶᠢᠴᠠᠭᠠᠨ ᠦᠵᠡᠭᠦ ᠵᠡᠷᠭᠡ ᠭᠡᠯᠪᠡᠷᠢ ᠪᠠᠷ ᠪᠠᠶᠢᠴᠠᠭᠠᠨ ᠵᠢᠯᠤᠭᠤᠳᠪᠠ᠃     8 ᠤ ᠡᠳᠦᠷ ᠤᠨ ᠦᠳᠡ ᠶᠢᠨ ᠡᠮᠦᠨ᠎ᠠ᠂ ᠯᠢᠦ ᠴᠢ ᠹᠠᠨ ᠱᠠᠯᠠᠪᠳᠠᠭᠤᠯᠤᠨ ᠪᠠᠶᠢᠴᠠᠭᠠᠭᠰᠠᠨ ᠪᠠᠶᠢᠳᠠᠯ ᠢᠶᠠᠨ ᠬᠠᠷᠢᠭᠤ ᠲᠤᠰᠬᠠᠬᠤ ᠬᠤᠷᠠᠯ ᠬᠤᠷᠠᠯᠳᠤᠭᠤᠯᠵᠦ᠂ ᠱᠠᠯᠠᠪᠳᠠᠭᠤᠯᠤᠨ ᠪᠠᠶᠢᠴᠠᠭᠠᠭᠰᠠᠨ ᠪᠠᠶᠢᠳᠠᠯ ᠢᠶᠠᠨ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠳᠤ ᠬᠠᠷᠢᠭᠤ ᠲᠤᠰᠬᠠᠪᠠ᠃ ᠯᠢᠦ ᠴᠢ ᠹᠠᠨ᠂ ᠨᠠᠰᠤᠨᠮᠦ᠋ᠡᠭᠭᠡ ᠲᠤᠰ ᠲᠤᠰ ᠱᠠᠯᠠᠪᠳᠠᠭᠤᠯᠤᠨ ᠪᠠᠶᠢᠴᠠᠭᠠᠭᠰᠠᠨ ᠰᠠᠨᠠᠯ ᠢ ᠨᠠᠶᠢᠳᠠᠪᠤᠷᠢᠵᠢᠭᠤᠯᠬᠤ ᠠᠵᠢᠯ ᠢ ᠠᠳᠬᠤᠬᠤ ᠲᠤᠬᠠᠢ ᠱᠠᠭᠠᠷᠳᠠᠯᠭ᠎ᠠ ᠲᠤᠷᠠᠳᠴᠠᠢ᠃ ᠠᠶᠢᠮᠠᠭ ᠤᠨ ᠨᠠᠮ ᠤᠨ ᠬᠤᠷᠢᠶᠠᠨ ᠤ ᠱᠦᠵᠢ ᠯᠦᠸᠧ ᠬᠤ᠋ ᠽᠠᠢ᠂ ᠠᠶᠢᠮᠠᠭ ᠤᠨ ᠨᠠᠮ ᠤᠨ ᠬᠤᠷᠢᠶᠠᠨ ᠤ ᠲᠡᠳ᠋ ᠱᠦᠵᠢ᠂ ᠠᠶᠢᠮᠠᠭ ᠤᠨ ᠲᠠᠷᠤᠭ᠎ᠠ ᠹᠦ᠋ ᠸᠠᠨ ᠬᠤᠢ ᠤᠪᠤᠷ ᠢᠶᠠᠨ ᠢᠯᠡᠳᠭᠡᠪᠡ᠃     ᠱᠠᠯᠠᠪᠳᠠᠭᠤᠯᠤᠨ ᠪᠠᠶᠢᠴᠠᠭᠠᠬᠤ ᠲᠤᠭᠤᠢᠢᠯᠠᠩ ᠤᠨ ᠦᠵᠡᠭᠦ ᠪᠠᠷ᠂ ᠰᠢᠯᠢ ᠶᠢᠨ ᠭᠤᠤᠯ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠠᠶᠦᠯᠭᠦᠢ ᠦᠢᠯᠡᠳᠪᠦᠷᠢᠯᠡᠯ ᠤᠨ ᠠᠵᠢᠯ ᠢ ᠵᠤᠬᠢᠶᠠᠨ ᠪᠠᠶᠢᠭᠤᠯᠵᠦ ᠤᠳᠤᠷᠢᠳᠬᠤ ᠶᠢ ᠲᠡᠭᠡᠳᠦ ᠭᠡᠮᠵᠢᠶ᠎ᠠ ᠪᠠᠷ ᠴᠢᠬᠤᠯᠠᠴᠢᠯᠠᠵᠦ᠂ ᠠᠶᠦᠯᠭᠦᠢ ᠦᠢᠯᠡᠳᠪᠦᠷᠢᠯᠡᠯ ᠤᠨ ᠠᠵᠢᠯ ᠤᠨ ᠶᠡᠷᠦᠩᠭᠡᠢ ᠪᠠᠶᠢᠳᠠᠯ ᠨᠡᠯᠢᠶᠡᠳ ᠰᠠᠶᠢᠨ᠃ ᠭᠡᠪᠡᠴᠦ ᠰᠢᠯᠢ ᠶᠢᠨ ᠭᠤᠤᠯ ᠠᠶᠢᠮᠠᠭ ᠡᠬᠢ ᠪᠠᠶᠠᠯᠢᠭ ᠢᠶᠠᠷ ᠡᠯᠪᠡᠭ ᠭᠠᠵᠠᠷ ᠤᠷᠤᠨ ᠪᠤᠯᠤᠭᠰᠠᠨ ᠤ ᠬᠤᠪᠢ ᠳᠤ᠂ ᠠᠶᠦᠯᠭᠦᠢ ᠦᠢᠯᠡᠳᠪᠦᠷᠢᠯᠡᠯ ᠢ ᠬᠢᠨᠠᠯᠳᠠ ᠲᠠᠯᠪᠢᠵᠦ ᠬᠠᠮᠢᠶᠠᠷᠬᠤ ᠡᠭᠦᠷᠭᠡ ᠭᠦᠨᠳᠦ᠂ ᠪᠠᠰᠠ ᠨᠢᠭᠡ ᠪᠦᠯᠦᠭ ᠠᠰᠠᠭᠤᠳᠠᠯ ᠤᠷᠤᠰᠢᠵᠦ᠂ ᠡᠷᠭᠡᠪᠰᠢ ᠠᠵᠢᠯ ᠤᠨ ᠡᠷᠴᠢᠮ ᠢᠶᠠᠨ ᠤᠯᠠᠮ ᠴᠢᠩᠭᠠᠷᠠᠭᠤᠯᠵᠦ᠂ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠦ᠂ ᠡᠶ᠎ᠡ ᠲᠤᠭᠳᠠᠭᠤᠨ ᠰᠠᠶᠢᠨ ᠰᠠᠶᠢᠬᠠᠨ ᠪᠠᠶᠢᠳᠠᠯ ᠢ ᠦᠷᠭᠦᠯᠵᠢᠯᠡᠨ ᠪᠠᠳᠤᠯᠠᠬᠤ ᠭᠡᠷᠡᠭᠳᠠᠢ ᠭᠡᠪᠡ᠃     ᠱᠠᠯᠠᠪᠳᠠᠭᠤᠯᠤᠨ ᠪᠠᠶᠢᠴᠠᠭᠠᠬᠤ ᠲᠤᠭᠤᠢᠢᠯᠠᠩ ᠴᠢᠬᠤᠯᠠᠴᠢᠯᠠᠬᠤ ᠳᠠᠭᠠᠨ᠂ ᠰᠢᠯᠢ ᠶᠢᠨ ᠭᠤᠤᠯ ᠠᠶᠢᠮᠠᠭ ᠤᠨ ᠡᠯ᠎ᠠ ᠱᠠᠳᠤ ᠡᠯ᠎ᠠ ᠰᠠᠯᠠᠭ᠎ᠠ ᠮᠦᠴᠢᠷ ᠲᠤᠰ ᠤᠳᠠᠭᠠᠨ ᠤ ᠶᠡᠭᠡ ᠪᠠᠶᠢᠴᠠᠭᠠᠯᠳᠠ ᠶᠢᠨ ᠦᠷ᠎ᠠ ᠪᠦᠳᠦᠮᠵᠢ ᠶᠢ ᠲᠡᠭᠡᠳᠦ ᠭᠡᠮᠵᠢᠶ᠎ᠠ ᠪᠠᠷ ᠴᠢᠬᠤᠯᠠᠴᠢᠯᠠᠵᠦ᠂ ᠴᠡᠭᠴᠡᠯᠡᠨ ᠵᠠᠰᠠᠬᠤ ᠡᠭᠦᠷᠭᠡ ᠶᠢ ᠬᠤᠪᠢᠳᠠᠨ ᠬᠠᠮᠢᠶᠠᠷᠴᠦ ᠪᠠᠶᠢᠭ᠎ᠠ ᠤᠳᠤᠷᠢᠳᠤᠯᠭ᠎ᠠ᠂ ᠬᠠᠮᠢᠶ᠎ᠠ ᠪᠦᠭᠦᠢ ᠰᠠᠯᠠᠭ᠎ᠠ ᠮᠦᠴᠢᠷ ᠪᠤᠯᠤᠨ ᠪᠤᠳᠠᠳᠠᠢ ᠭᠦᠮᠦᠨ ᠳᠤ ᠨᠠᠶᠢᠳᠠᠪᠤᠷᠢᠵᠢᠭᠤᠯᠵᠦ᠂ ᠲᠦᠷᠦᠯ ᠬᠤᠪᠢᠶᠠᠨ ᠠᠯᠬᠤᠮ ᠲᠠᠷᠠᠭ᠎ᠠ ᠲᠠᠢ ᠴᠡᠭᠴᠡᠯᠡᠨ ᠰᠢᠢᠳᠪᠦᠷᠢᠯᠡᠭᠦ ᠭᠡᠷᠡᠭᠳᠠᠢ᠃ ᠲᠤᠰᠬᠠᠢ ᠲᠦᠷᠦᠯ ᠤᠨ ᠪᠠᠶᠢᠴᠠᠭᠠᠯᠳᠠ ᠶᠢ ᠪᠠᠶᠢᠡᠭᠭᠤ ᠶᠢᠨ ᠠᠵᠢᠯ ᠪᠤᠯᠭᠠᠨ ᠠᠬᠢᠭᠤᠯᠵᠦ᠂ ᠠᠰᠠᠭᠤᠳᠠᠯ ᠢ ᠡᠷᠢᠨ ᠭᠠᠷᠭᠠᠵᠦ᠂ ᠠᠶᠦᠯᠭᠦᠢ ᠦᠢᠯᠡᠳᠪᠦᠷᠢᠯᠡᠯ ᠤᠨ ᠡᠳᠦᠷ ᠲᠤᠳᠤᠮ ᠤᠨ ᠬᠠᠮᠢᠶᠠᠷᠤᠯᠳᠠ ᠶᠢ ᠰᠢᠨ᠎ᠠ ᠨᠢᠭᠡ ᠲᠦᠪᠰᠢᠨ ᠳᠤ ᠭᠦᠷᠭᠡᠭᠦ ᠭᠡᠷᠡᠭᠳᠠᠢ᠃ ᠠᠶᠦᠯᠭᠦᠢ ᠦᠢᠯᠡᠳᠪᠦᠷᠢᠯᠡᠯ ᠢ ᠲᠤᠰᠬᠠᠢ ᠲᠤᠭᠤᠷᠢᠨ ᠦᠵᠡᠭᠦ ᠠᠵᠢᠯᠯᠠᠭ᠎ᠠ ᠶᠢ ᠵᠤᠬᠢᠶᠠᠨ ᠪᠠᠶᠢᠭᠤᠯᠵᠦ᠂ ᠲᠤᠷᠰᠢᠯᠭ᠎ᠠ ᠪᠠᠨ ᠳ᠋ᠦᠡᠭᠨᠡᠵᠦ᠂ ᠡᠯ᠎ᠠ ᠱᠠᠳᠤᠨ ᠤ ᠤᠳᠤᠷᠢᠳᠤᠯᠭ᠎ᠠ ᠪᠤᠯᠤᠨ ᠬᠠᠮᠢᠶ᠎ᠠ ᠪᠦᠭᠦᠢ ᠬᠢᠨᠠᠯᠳᠠ ᠬᠠᠮᠢᠶᠠᠷᠤᠯᠳᠠ ᠶᠢᠨ ᠰᠠᠯᠠᠭ᠎ᠠ ᠮᠦᠴᠢᠷ ᠤᠨ ᠭᠦᠮᠦᠰ᠂ ᠠᠵᠦ ᠠᠬᠤᠢᠢᠯᠠᠯ ᠤᠨ ᠬᠠᠷᠢᠭᠤᠴᠠᠯᠭᠠᠳᠠᠨ ᠢ ᠲᠤᠬᠠᠢ ᠶᠢᠨ ᠲᠠᠯᠠᠪᠠᠢ ᠳᠤ ᠭᠦᠷᠴᠦ ᠰᠤᠷᠤᠯᠴᠠᠭᠤᠯᠤᠨ᠂ ᠠᠶᠦᠯᠭᠦᠢ ᠦᠢᠯᠡᠳᠪᠦᠷᠢᠯᠡᠯ ᠤᠨ ᠤᠬᠠᠮᠰᠡᠷ ᠪᠤᠯᠤᠨ ᠲᠤᠬᠠᠢᠢᠯᠠᠭᠰᠠᠨ ᠠᠵᠢᠯ ᠤᠨ ᠲᠦᠪᠰᠢᠨ ᠢ ᠨᠢ ᠲᠡᠭᠡᠭᠰᠢᠯᠡᠭᠦᠯᠭᠦ ᠭᠡᠷᠡᠭᠳᠠᠢ ᠭᠡᠪᠡ᠃     ᠱᠠᠯᠠᠪᠳᠠᠭᠤᠯᠤᠨ ᠪᠠᠶᠢᠴᠠᠭᠠᠬᠤ ᠳᠤᠭᠤᠢᠢᠯᠠᠩ ᠴᠢᠬᠤᠯᠠᠴᠢᠯᠠᠬᠤ ᠳᠠᠭᠠᠨ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠳᠡᠭᠡᠳᠦ ᠭᠡᠮᠵᠢᠶ᠎ᠠ ᠪᠠᠷ ᠬᠦᠨᠳᠦᠳᠭᠡᠨ ᠦᠵᠡᠵᠦ᠂ ᠡᠯ᠎ᠠ ᠱᠠᠳᠤᠨ ᠤ ᠨᠠᠮ ᠵᠠᠰᠠᠬ ᠤᠨ ᠭᠤᠤᠯ ᠤᠳᠤᠷᠢᠳᠤᠯᠭ᠎ᠠ ᠦᠨᠡᠨᠬᠦ ᠪᠤᠳᠠᠳᠠᠢ ᠠᠳᠬᠤᠨ᠂ ᠴᠢᠩᠭ᠎ᠠ ᠬᠠᠮᠢᠶᠠᠷᠬᠤ ᠭᠡᠷᠡᠭᠳᠠᠢ᠃ ᠡᠨᠡ ᠤᠳᠠᠭᠠᠠ ᠤ ᠶᠡᠭᠡ ᠪᠠᠶᠢᠴᠠᠭᠠᠯᠳᠡ ᠪᠠᠷ ᠳᠠᠮᠵᠢᠨ ᠠᠰᠠᠭᠤᠳᠠᠯ ᠢ ᠪᠦᠬᠦ ᠳᠠᠯ᠎ᠠ ᠪᠠᠷ ᠦᠢᠯᠠᠭᠠᠵᠦ᠂ ᠴᠡᠭᠴᠡᠯᠡᠨ ᠵᠠᠰᠠᠬᠤ ᠴᠠᠬ ᠬᠤᠭᠤᠴᠠᠭ᠎ᠠ ᠶᠢ ᠳᠤᠬᠳᠠᠭᠠᠵᠦ᠂ ᠬᠠᠷᠢᠭᠤᠴᠠᠯᠭ᠎ᠠ ᠶᠢ ᠪᠤᠳᠠᠳᠠᠢ ᠬᠦᠮᠦᠨ ᠳᠤ ᠨᠠᠶᠢᠳᠠᠪᠤᠷᠢᠵᠢᠭᠤᠯᠵᠦ᠂ ᠨᠢᠭᠡᠳ ᠨᠢᠭᠡ ᠪᠠᠷ ᠴᠡᠭᠴᠡᠯᠡᠨ ᠵᠠᠰᠠᠵᠦ᠂ ᠳᠤᠷᠰᠢᠯᠭ᠎ᠠ ᠪᠠᠨ ᠬᠢᠨᠠᠮᠠᠭᠠᠢ ᠳ᠋ᠦᠡᠭᠨᠡᠨ᠂ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠳᠡ ᠶᠢᠨ ᠠᠵᠢᠯ ᠤᠨ ᠪᠠᠶᠢᠡᠭᠭᠤ ᠶᠢᠨ ᠳᠤᠬᠳᠠᠴᠠ ᠶᠢ ᠰᠦᠪᠡᠭᠴᠢᠯᠡᠨ ᠪᠠᠶᠢᠭᠤᠯᠬᠤ ᠭᠡᠷᠡᠭᠳᠠᠢ᠃ ᠤᠳᠤᠬᠠᠨ ᠳᠤ ᠨᠡᠭᠦᠷᠡᠰᠤᠨ ᠤ ᠵᠠᠬ᠎ᠠ ᠳᠡᠯᠭᠡᠭᠦᠷ ᠤᠨ ᠦᠨ᠎ᠠ ᠰᠠᠶᠢᠨ ᠪᠠᠶᠢᠭ᠎ᠠ ᠬᠠᠨᠳᠤᠰᠢ ᠳᠤ ᠴᠢᠭᠯᠡᠭᠦᠯᠵᠦ᠂ ᠦᠢᠯᠡᠳᠪᠦᠷᠢᠯᠡᠯ ᠢᠶᠠᠨ ᠵᠤᠬᠰᠤᠬᠰᠠᠨ᠂ ᠬᠠᠭᠠᠰ ᠵᠤᠬᠰᠤᠬᠰᠠᠨ ᠠᠵᠦ ᠠᠬᠤᠢᠢᠯᠠᠯ ᠢ ᠬᠢᠨᠠᠨ ᠬᠠᠮᠢᠶᠠᠷᠬᠤ ᠠᠵᠢᠯ ᠢ ᠰᠠᠶᠢᠳᠤᠷ ᠠᠳᠬᠤᠵᠦ᠂ ᠠᠵᠦ ᠠᠬᠤᠢᠢᠯᠠᠯ ᠤᠨ ᠠᠭᠤᠷᠬᠠᠢ ᠠᠶᠤᠯ ᠤᠨ ᠭᠡᠮ ᠲᠠᠢ ᠪᠠᠶᠢᠭᠠᠳ ᠦᠢᠯᠡᠳᠪᠦᠷᠢᠯᠡᠯ ᠬᠢᠬᠦ ᠶᠢ ᠴᠢᠩᠭ᠎ᠠ ᠰᠡᠷᠭᠡᠶᠢᠯᠡᠵᠦ᠂ ᠠᠶᠤᠯ ᠤᠨ ᠳᠠᠯᠳᠡ ᠭᠡᠮ ᠢ ᠴᠠᠬ ᠳᠤᠬᠠᠢ ᠳᠤᠨᠢ ᠠᠷᠢᠯᠭᠠᠬᠤ ᠭᠡᠷᠡᠭᠳᠠᠢ᠃ ᠬᠠᠷᠢᠭᠤᠴᠠᠯᠭ᠎ᠠ ᠨᠡᠭᠡᠮᠵᠢᠯᠡᠬᠦ ᠡᠷᠴᠢᠮ ᠢ ᠴᠢᠩᠭᠠᠳᠬᠠᠵᠦ᠂ ᠠᠶᠤᠯ ᠠᠳᠡᠯ ᠭᠠᠷᠭᠠᠬᠰᠠᠨ ᠭᠠᠵᠠᠷ ᠤᠷᠤᠨ ᠤ ᠬᠤᠯᠪᠤᠬᠳᠠᠯ ᠪᠦᠬᠦᠢ ᠬᠠᠷᠢᠭᠤᠴᠠᠯᠭᠠᠳᠠᠨ ᠠᠴᠠ ᠴᠢᠩᠭ᠎ᠠ ᠪᠠᠷ ᠬᠠᠷᠢᠭᠤᠴᠠᠯᠭ᠎ᠠ ᠨᠡᠭᠡᠮᠵᠢᠯᠡᠵᠦ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠪᠤᠳᠠᠳᠠᠢ ᠨᠠᠶᠢᠳᠠᠪᠤᠷᠢᠵᠢᠭᠤᠯᠬᠤ ᠭᠡᠷᠡᠭᠳᠠᠢ ᠭᠡᠪᠡ᠃     ᠯᠦᠸᠧ ᠬᠤ᠋ ᠽᠠᠢ ᠠᠶᠢᠮᠠᠬ ᠤᠨ ᠨᠠᠮ ᠤᠨ ᠬᠤᠷᠢᠶ᠎ᠠ ᠶᠢ ᠳᠦᠯᠦᠭᠡᠯᠡᠨ ᠤᠪᠤᠷ ᠢᠶᠠᠨ ᠢᠯᠡᠳᠭᠡᠬᠦ ᠳᠡᠭᠡᠨ ᠵᠢᠭᠠᠵᠦ ᠭᠠᠷᠭᠠᠬᠰᠠᠨ ᠨᠢ᠂ ᠰᠢᠯᠢ ᠶᠢᠨ ᠭᠤᠤᠯ ᠠᠶᠢᠮᠠᠬ ᠤᠨ ᠨᠠᠮ ᠤᠨ ᠬᠤᠷᠢᠶ᠎ᠠ ᠦᠪᠡᠷᠳᠡᠭᠡᠨ ᠵᠠᠰᠠᠬᠤ ᠤᠷᠤᠨ ᠤ ᠱᠠᠯᠠᠪᠳᠠᠭᠤᠯᠤᠨ ᠪᠠᠶᠢᠴᠠᠭᠠᠬᠤ ᠳᠤᠭᠤᠢᠢᠯᠡᠩ ᠤᠨ ᠳᠤᠰᠬᠠᠬᠰᠠᠨ ᠰᠠᠨᠠᠯ ᠢ ᠳᠡᠭᠡᠳᠦ ᠭᠡᠮᠵᠢᠶ᠎ᠠ ᠪᠠᠷ ᠬᠦᠨᠳᠦᠳᠭᠡᠨ ᠦᠵᠡᠵᠦ᠂ ᠱᠠᠭᠠᠷᠳᠠᠯᠭ᠎ᠠ ᠶᠤᠰᠤᠭᠠᠷ ᠴᠡᠭᠴᠡᠯᠡᠨ ᠵᠠᠰᠠᠬᠤ ᠠᠵᠢᠯ ᠢ ᠨᠠᠶᠢᠳᠠᠪᠤᠷᠢᠵᠢᠭᠤᠯᠵᠦ᠂ ᠪᠤᠳᠠᠳᠠᠢ ᠳᠦᠰᠦᠪ ᠳᠤᠬᠳᠠᠭᠠᠨ᠂ ᠱᠠᠳᠦ ᠱᠠᠳᠦ ᠪᠠᠷ ᠡᠭᠦᠷᠭᠡ ᠬᠤᠪᠢᠶᠠᠵᠦ᠂ ᠵᠠᠰᠠᠨ ᠴᠡᠭᠴᠡᠯᠡᠬᠦ ᠪᠤᠳᠠᠳᠠᠢ ᠠᠭᠤᠯᠭ᠎ᠠ᠂ ᠬᠠᠷᠠᠯᠳᠡ᠂ ᠬᠠᠷᠢᠭᠤᠴᠠᠬᠤ ᠪᠠᠶᠢᠭᠤᠯᠭ᠎ᠠ ᠨᠢᠭᠡᠴᠡ᠂ ᠬᠠᠷᠢᠭᠤᠴᠠᠬᠤ ᠬᠦᠮᠦᠨ ᠪᠤᠯᠤᠨ ᠴᠠᠬ ᠬᠤᠭᠤᠴᠠᠭ᠎ᠠ ᠶᠢ ᠨᠢᠭᠡᠳ ᠨᠢᠭᠡ ᠪᠠᠷ ᠳᠤᠳᠤᠷᠬᠠᠢ ᠳᠤᠬᠳᠠᠭᠠᠵᠦ᠂ ᠳᠦᠢᠯᠪᠤᠷᠢᠳᠠᠢ ᠠᠳᠬᠤᠨ᠎ᠠ᠃ ᠪᠦᠬᠦ ᠠᠶᠢᠮᠠᠬ ᠲᠤ 13 ᠪᠠᠶᠢᠴᠠᠭᠠᠬᠤ ᠳᠤᠭᠤᠢᠢᠯᠠᠩ ᠪᠠᠶᠢᠭᠤᠯᠵᠦ᠂ ᠠᠶᠢᠮᠠᠬ ᠤᠨ ᠤᠳᠤᠷᠢᠳᠤᠯᠭ᠎ᠠ ᠳᠤᠭᠤᠢᠢᠯᠠᠩ ᠳᠠᠭᠠᠭᠤᠯᠵᠦ᠂ ᠠᠶᠤᠯᠬᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠳᠡ ᠬᠢᠵᠦ᠂ ᠡᠯ᠎ᠠ ᠵᠦᠢᠯ ᠤᠨ ᠠᠰᠠᠭᠤᠳᠠᠯ ᠢ ᠵᠤᠷᠪᠤᠰᠯᠠᠨ ᠭᠠᠷᠭᠠᠵᠦ᠂ ᠳᠤᠰᠬᠠᠢ ᠬᠦᠮᠦᠨ ᠢᠶᠠᠷ ᠬᠠᠷᠢᠭᠤᠴᠠᠭᠤᠯᠵᠦ᠂ ᠴᠠᠬ ᠳᠤᠬᠠᠢ ᠳᠤᠨᠢ ᠴᠡᠭᠴᠡᠯᠡᠨ ᠵᠠᠰᠠᠵᠦ᠂ ᠳᠤᠳᠤᠷᠬᠠᠢ ᠳᠠᠩᠰᠠ ᠲᠠᠢ ᠪᠠᠶᠢᠯᠭᠠᠵᠦ᠂ ᠠᠶᠤᠯ ᠤᠨ ᠳᠠᠯᠳᠡ ᠭᠡᠮ ᠢ ᠳᠦᠢᠯᠪᠤᠷᠢᠳᠠᠢ ᠠᠷᠢᠯᠭᠠᠨ᠎ᠠ᠃ ᠱᠠᠯᠠᠪᠳᠠᠭᠤᠯᠤᠨ ᠪᠠᠶᠢᠴᠠᠭᠠᠯᠳᠡ ᠪᠠᠷ ᠳᠤᠬᠢᠶᠠᠯ ᠪᠤᠯᠭᠠᠨ᠂ ᠠᠶᠤᠯᠬᠦᠢ ᠦᠢᠯᠡᠳᠪᠦᠷᠢᠯᠡᠯ ᠤᠨ ᠠᠵᠢᠯ ᠤᠨ ᠬᠢᠷᠢ ᠳᠦᠪᠰᠢᠨ ᠢᠶᠠᠨ ᠦᠨᠡᠨᠬᠦ ᠳᠡᠭᠡᠭᠰᠢᠯᠡᠭᠦᠯᠵᠦ᠂ ᠵᠤᠬᠢᠶᠠᠨ ᠪᠠᠶᠢᠭᠤᠯᠤᠯᠳᠡ ᠶᠢᠨ ᠠᠷᠭ᠎ᠠ ᠪᠡᠷᠢᠯ ᠢᠶᠠᠷ ᠠᠶᠤᠯᠬᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠰᠠᠶᠢᠳᠤᠷ ᠡᠭᠦᠷᠭᠡᠯᠡᠵᠦ᠂ ᠠᠶᠤᠯᠬᠦᠢ ᠦᠢᠯᠡᠳᠪᠦᠷᠢᠯᠡᠯ ᠤᠨ ᠬᠢᠨᠠᠨ ᠬᠠᠮᠢᠶᠠᠷᠤᠯᠳᠡ ᠪᠠᠨ ᠴᠢᠩᠭᠠᠳᠬᠠᠨ ᠰᠠᠶᠢᠵᠢᠷᠠᠭᠤᠯᠵᠦ᠂ ᠪᠠᠳᠦ ᠴᠢᠩᠭ᠎ᠠ ᠠᠷᠭ᠎ᠠ ᠪᠡᠷᠢᠯ᠂ ᠳᠦᠷᠢᠮ ᠳᠤᠬᠳᠠᠭᠠᠯ᠂ ᠰᠠᠬᠢᠯᠭ᠎ᠠ ᠪᠠᠳᠦ ᠪᠠᠷ ᠠᠶᠤᠯᠬᠦᠢ ᠦᠢᠯᠡᠳᠪᠦᠷᠢᠯᠡᠯ ᠤᠨ ᠠᠵᠢᠯ ᠢ ᠰᠠᠶᠢᠳᠤᠷ ᠠᠳᠬᠤᠵᠦ᠂ ᠪᠦᠬᠦ ᠠᠶᠢᠮᠠᠬ ᠤᠨ ᠠᠵᠦ ᠠᠬᠤᠢ ᠨᠡᠶᠢᠭᠡᠮ ᠤᠨ ᠬᠦᠭᠵᠢᠯᠳᠡ ᠳᠤ ᠠᠮᠤᠷ ᠳᠤᠬᠳᠠᠭᠤᠨ ᠤᠷᠴᠢᠨ ᠬᠠᠨᠭ᠍ᠭᠠᠬᠤ ᠪᠠᠷ ᠴᠢᠷᠮᠠᠶᠢᠨ᠎ᠠ ᠭᠡᠪᠡ᠃     ᠹᠦ᠋ ᠸᠠᠨ ᠬᠤᠢ ᠠᠶᠢᠮᠠᠬ ᠤᠨ ᠵᠠᠬᠢᠷᠭ᠎ᠠ ᠶᠢ ᠳᠦᠯᠦᠭᠡᠯᠡᠨ ᠤᠪᠤᠷ ᠢᠶᠠᠨ ᠢᠯᠡᠳᠭᠡᠬᠦ ᠳᠡᠭᠡᠨ᠂ ᠠᠰᠠᠭᠤᠳᠠᠯ ᠢ ᠦᠨᠡᠨ ᠪᠤᠳᠠᠳᠠᠢ ᠪᠠᠷ ᠢᠯᠡᠷᠡᠭᠦᠯᠵᠦ᠂ ᠰᠢᠢᠳᠪᠦᠷᠢᠯᠡᠵᠦ᠂ ᠳᠠᠯᠳᠠ ᠭᠡᠮ ᠢ ᠡᠷᠡᠰ ᠳᠦᠢᠯᠪᠤᠷᠢᠳᠠᠢ ᠠᠷᠢᠯᠭᠠᠨ᠎ᠠ᠃ ᠠᠶᠤᠯᠬᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠳᠡ ᠶᠢ ︽ᠴᠢᠩᠭ᠎ᠠ᠂ ᠬᠢᠨᠠᠮᠠᠭᠠᠢ᠂ ᠪᠤᠳᠠᠳᠠᠢ︾ ᠠᠳᠬᠤᠵᠦ᠂ ᠵᠠᠰᠠᠨ ᠴᠡᠭᠴᠡᠯᠡᠬᠦ ᠠᠵᠢᠯ ᠢ ᠪᠦᠬᠦ ᠬᠦᠴᠦ ᠪᠠᠷ ᠠᠳᠬᠤᠨ᠎ᠠ᠃ ᠠᠶᠤᠯᠬᠦᠢ ᠦᠢᠯᠡᠳᠪᠦᠷᠢᠯᠡᠯ ᠤᠨ ᠭᠤᠤᠯ ᠴᠤᠬᠴᠠ ᠶᠢᠨ ᠬᠠᠷᠢᠭᠤᠴᠠᠯᠭ᠎ᠠ ᠪᠤᠯᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠦᠨᠡᠨᠬᠦ ᠨᠠᠶᠢᠳᠠᠪᠤᠷᠢᠵᠢᠭᠤᠯᠵᠦ᠂ ᠠᠶᠤᠯᠬᠦᠢ ᠦᠢᠯᠡᠳᠪᠦᠷᠢᠯᠡᠯ ᠤᠨ ᠠᠵᠢᠯ ᠤᠨ ᠬᠢᠷᠢ ᠳᠦᠪᠰᠢᠨ ᠢ ᠰᠢᠨ᠎ᠠ ᠳᠡᠭᠳᠡᠷ ᠲᠤ ᠭᠠᠷᠭᠠᠨ᠎ᠠ ᠭᠡᠵᠠᠢ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号