ᠠᠶᠢᠮᠠᠭ ᠤᠨ ᠲᠥᠷᠪᠡᠨ ᠶᠡᠭᠡ ᠤᠲᠤᠷᠢᠳᠬᠤ ᠪᠠᠭ ᠤᠨ ᠤᠳᠤᠷᠢᠳᠤᠯᠭ᠎ᠠ ᠰᠢᠯᠢ ᠶᠢᠨ ᠬᠤᠳᠠ ᠳᠤ ᠬᠦᠨᠵᠡᠬᠡᠶᠢᠷᠡᠵᠦ ᠠᠶᠦᠯᠬᠦᠢ ᠦᠢᠯᠡᠳᠪᠦᠷᠢᠯᠡᠯ ᠤᠨ ᠠᠵᠢᠯ ᠢ ᠱᠠᠯᠠᠪᠳᠠᠨ ᠪᠠᠶᠢᠴᠠᠭᠠᠪᠠ
ᠨᠡᠶᠢᠲᠡᠯᠡᠭᠰᠡᠨ ᠴᠠᠭ᠄
2016/12/14
    12 ᠳ᠋ᠤᠭᠠᠷ ᠰᠠᠷ᠎ᠠ ᠶᠢᠨ 10 ᠤ ᠡᠲᠥᠷ᠂ ᠠᠶᠢᠮᠠᠭ ᠤᠨ ᠲᠥᠷᠪᠡᠨ ᠶᠡᠭᠡ ᠤᠲᠤᠷᠢᠳᠬᠤ ᠪᠠᠭ ᠤᠨ ᠤᠲᠤᠷᠢᠲᠤᠯᠭ᠎ᠠ ᠰᠢᠯᠢ ᠶᠢᠨ ᠬᠤᠲᠠ ᠶᠢᠨ ᠭᠤᠤᠯᠲᠠᠯᠭ᠎ᠠ ᠲᠠᠢ ᠠᠵᠤ ᠠᠬᠤᠢᠢᠯᠠᠯ᠂ ᠬᠤᠲᠠᠯᠲᠤᠭᠠᠨ ᠤ ᠲᠠᠯᠠᠪᠠᠢ ᠪᠠᠷ ᠬᠥᠨᠵᠡᠭᠡᠶᠢᠷᠡᠵᠥ᠂ ᠠᠶᠤᠯᠬᠦᠢ ᠥᠢᠯᠡᠳᠪᠤᠷᠢᠯᠡᠯ ᠤᠨ ᠠᠵᠢᠯ ᠢ ᠱᠠᠯᠠᠪᠳᠠᠭᠤᠯᠤᠨ ᠪᠠᠶᠢᠴᠠᠭᠠᠭᠰᠠᠨ ᠪᠥᠭᠡᠳ ᠡᠯ᠎ᠠ ᠭᠠᠵᠠᠷ ᠡᠯ᠎ᠠ ᠬᠠᠮᠢᠶ᠎ᠠ ᠪᠥᠬᠦᠢ ᠰᠠᠯᠠᠭ᠎ᠠ ᠮᠥᠴᠢᠷ ᠬᠠᠷᠢᠭᠤᠴᠠᠯᠭᠠᠲᠤ ᠰᠡᠳᠬᠢᠯᠭᠡ ᠪᠠᠨ ᠴᠢᠩᠭᠠᠳᠬᠠᠵᠥ᠂ ᠰᠤᠨᠤᠷ ᠰᠡᠷᠡᠮᠵᠢ ᠪᠠᠨ ᠲᠡᠭᠡᠭᠰᠢᠯᠡᠬᠦᠯᠵᠥ᠂ ᠠᠶᠤᠯᠬᠦᠢ ᠥᠢᠯᠡᠳᠪᠤᠷᠢᠯᠡᠯ ᠳᠤ ᠬᠢᠨᠠᠯᠲᠠ ᠲᠠᠯᠪᠢᠵᠥ ᠪᠠᠶᠢᠴᠠᠭᠠᠬᠤ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠬᠥᠢᠴᠡᠳᠭᠡᠵᠥ᠂ ᠠᠰᠠᠭᠤᠲᠠᠯ ᠢ ᠢᠯᠡᠷᠡᠬᠦᠯᠵᠥ᠂ ᠠᠰᠠᠭᠤᠲᠠᠯ ᠢ ᠰᠢᠢᠳᠪᠤᠷᠢᠯᠡᠵᠥ᠂ ᠠᠶᠤᠯᠬᠦᠢ ᠥᠢᠯᠡᠳᠪᠤᠷᠢᠯᠡᠯ ᠤᠨ ᠶᠡᠭᠡ ᠪᠠᠶᠢᠴᠠᠭᠠᠯᠲᠠ ᠳᠤ ᠪᠤᠲᠠᠲᠤ ᠥᠷ᠎ᠠ ᠪᠥᠲᠥᠮᠵᠢ ᠤᠯᠵᠥ᠂ ᠠᠷᠠᠳ ᠲᠥᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠥᠪᠰᠢᠨ ᠢ ᠪᠠᠲᠤᠯᠠᠬᠤ ᠬᠡᠷᠡᠭᠲᠡᠢ ᠬᠡᠵᠥ ᠴᠢᠬᠤᠯᠠᠴᠢᠯᠠᠪᠠ᠃     ᠯᠥᠸᠧ ᠬᠤ᠋ ᠽᠠᠢ᠂ ᠹᠥ᠋ ᠸᠠᠨ ᠬᠤᠢ᠂ ᠡᠥ ᠬᠥᠸᠧ ᠳ᠋ᠥᠡᠭ᠂ ᠶᠤᠤ ᠶᠥᠡᠭ ᠪᠥᠸᠧ᠂ ᠸᠠᠩ ᠶᠥᠡᠭ ᠮᠢᠩ᠂ ᠮᠠ ᠹᠸᠡᠭ ᠵᠡᠷᠭᠡ ᠠᠶᠢᠮᠠᠭ ᠤᠨ ᠲᠥᠷᠪᠡᠨ ᠶᠡᠭᠡ ᠤᠲᠤᠷᠢᠳᠬᠤ ᠪᠠᠭ ᠤᠨ ᠤᠲᠤᠷᠢᠲᠤᠯᠭ᠎ᠠ ᠵᠢᠴᠢ ᠠᠶᠢᠮᠠᠭ ᠤᠨ ᠰᠢᠭᠤᠳ ᠬᠠᠷᠢᠶ᠎ᠠ ᠬᠠᠮᠢᠶ᠎ᠠ ᠪᠥᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠱᠠᠯᠠᠪᠳᠠᠭᠤᠯᠤᠨ ᠪᠠᠶᠢᠴᠠᠭᠠᠯᠲᠠ ᠳᠤ ᠤᠷᠤᠯᠴᠠᠪᠠ᠃     ᠮᠢᠨ ᠱᠸᠡᠭ ᠬᠤᠲᠠᠯᠲᠤᠭᠠᠨ ᠤ ᠲᠥᠪ ᠲᠤ᠂ ᠱᠠᠯᠠᠪᠳᠠᠭᠤᠯᠤᠨ ᠪᠠᠶᠢᠴᠠᠭᠠᠬᠤ ᠲᠤᠭᠤᠢᠢᠯᠠᠩ ᠤᠨ ᠬᠢᠨ ᠴᠢᠯᠥᠭᠡᠲᠥ ᠲᠡᠯᠭᠡᠭᠦᠷ ᠪᠤᠯᠤᠨ ᠬᠤᠲᠠᠯᠲᠤᠭᠠᠨ ᠤ ᠲᠠᠯᠠᠪᠤᠷ ᠤᠨ ᠠᠮᠤᠷ ᠲᠥᠪᠰᠢᠨ ᠤ ᠲᠥᠷᠢᠮ ᠤᠨ ᠪᠠᠶᠢᠭᠤᠯᠤᠯᠲᠠ ᠪᠤᠯᠤᠨ ᠨᠠᠶᠢᠲᠠᠪᠤᠷᠢᠵᠢᠭᠤᠯᠤᠯᠲᠠ᠂ ᠠᠮᠤᠷ ᠲᠥᠪᠰᠢᠨ ᠢᠶᠠᠷ ᠭᠠᠯ ᠤᠨᠲᠠᠷᠠᠭᠠᠬᠤ ᠲᠥᠭᠦᠭᠡᠷᠥᠮᠵᠢ ᠶᠢ ᠢᠵᠢ ᠪᠥᠷᠢᠲᠥᠬᠦᠯᠥᠭᠰᠡᠨ᠂ ᠪᠠᠴᠢᠮ ᠪᠠᠶᠢᠲᠠᠯ ᠢ ᠠᠷᠭᠠᠴᠠᠬᠤ ᠲᠥᠰᠥᠯ ᠢ ᠲᠤᠭᠲᠠᠭᠠᠭᠰᠠᠨ᠂ ᠬᠢᠨᠠᠨ ᠡᠵᠡᠮᠲᠡᠬᠦᠷ ᠤᠭᠰᠠᠷᠠᠭᠰᠠᠨ᠂ ᠠᠮᠤᠷ ᠲᠥᠪᠰᠢᠨ ᠢᠶᠠᠷ ᠭᠠᠷᠬᠤ ᠡᠬᠦᠲᠡ ᠶᠢ ᠲᠤᠬᠢᠷᠠᠭᠤᠯᠤᠭᠰᠠᠨ ᠵᠡᠷᠭᠡ ᠪᠠᠶᠢᠲᠠᠯ ᠢ ᠪᠤᠲᠠᠲᠠᠢ ᠪᠠᠶᠢᠴᠠᠭᠠᠵᠥ᠂ ᠬᠠᠮᠢᠶ᠎ᠠ ᠪᠥᠬᠦᠢ ᠲᠡᠮᠲᠡᠭᠯᠡᠯ ᠪᠤᠯᠤᠨ ᠬᠢᠨᠠᠨ ᠡᠵᠡᠮᠲᠡᠬᠦᠷ ᠤᠨ ᠲᠥᠷᠰᠥ ᠰᠢᠩᠭᠡᠭᠡᠯᠲᠡ ᠶᠢᠨ ᠪᠠᠶᠢᠲᠠᠯ ᠢ ᠨᠠᠷᠢᠨ ᠬᠢᠨᠠᠮᠠᠭᠠᠢ ᠪᠠᠶᠢᠴᠠᠭᠠᠭᠰᠠᠨ ᠪᠥᠭᠡᠳ ᠬᠥᠮᠥᠨ ᠬᠠᠷ᠎ᠠ ᠤᠯᠠᠨ ᠲᠠᠯᠠᠪᠤᠷ ᠤᠨ ᠠᠮᠤᠷ ᠲᠥᠪᠰᠢᠨ ᠤ ᠠᠰᠠᠭᠤᠲᠠᠯ ᠢ ᠡᠷᠭᠡᠪᠰᠢ ᠲᠡᠭᠡᠲᠥ ᠬᠡᠮᠵᠢᠶ᠎ᠠ ᠪᠠᠷ ᠴᠢᠬᠤᠯᠠᠴᠢᠯᠠᠵᠥ᠂ ᠲᠤᠭᠲᠠᠭᠰᠠᠨ ᠬᠤᠭᠤᠴᠠᠭ᠎ᠠ ᠲᠠᠢ ᠪᠠᠷ ᠭᠠᠯ ᠤᠨᠲᠠᠷᠠᠭᠠᠬᠤ ᠲᠥᠭᠦᠭᠡᠷᠥᠮᠵᠢ ᠶᠢ ᠪᠠᠶᠢᠴᠠᠭᠠᠨ ᠰᠡᠯᠪᠢᠵᠥ᠂ ᠠᠶᠤᠯ ᠠᠴᠠ ᠵᠠᠶᠢᠯᠠᠭᠤᠯᠬᠤ ᠵᠠᠮ ᠢ ᠪᠠᠲᠤᠯᠠᠵᠥ᠂ ᠪᠠᠴᠢᠮ ᠪᠠᠶᠢᠲᠠᠯ ᠭᠠᠷᠬᠤ ᠥᠶ᠎ᠠ ᠳᠤ ᠬᠥᠮᠥᠨ ᠬᠠᠷ᠎ᠠ ᠶᠢ ᠲᠠᠷᠤᠢ ᠲᠥᠷᠭᠡᠨ ᠠᠮᠤᠷ ᠲᠥᠪᠰᠢᠨ ᠢᠶᠠᠷ ᠵᠠᠶᠢᠯᠠᠭᠤᠯᠬᠤ ᠶᠢ ᠪᠠᠲᠤᠯᠠᠬᠤ ᠬᠡᠷᠡᠭᠲᠡᠢ᠃ ᠡᠲᠥᠷ ᠲᠤᠲᠤᠮ ᠤᠨ ᠠᠮᠤᠷ ᠲᠥᠪᠰᠢᠨ ᠤ ᠲᠡᠮᠲᠡᠭᠯᠡᠯ ᠢ ᠰᠠᠶᠢᠲᠤᠷ ᠬᠢᠵᠥ᠂ ᠬᠠᠮᠢᠶᠠᠷᠤᠯᠲᠠ ᠶᠢᠨ ᠲᠥᠷᠢᠮ ᠢ ᠪᠠᠶᠢᠭᠤᠯᠤᠨ ᠪᠥᠷᠢᠨᠰᠢᠬᠦᠯᠵᠥ᠂ ᠠᠵᠤ ᠠᠬᠤᠢᠢᠯᠠᠯ ᠤᠨ ᠠᠶᠤᠯᠬᠦᠢ ᠥᠢᠯᠡᠳᠪᠤᠷᠢᠯᠡᠯ ᠤᠨ ᠭᠤᠤᠯ ᠴᠤᠭᠴᠠ ᠶᠢᠨ ᠬᠠᠷᠢᠭᠤᠴᠠᠯᠭ᠎ᠠ ᠶᠢ ᠪᠤᠲᠠᠲᠠᠢ ᠨᠠᠶᠢᠲᠠᠪᠤᠷᠢᠵᠢᠭᠤᠯᠬᠤ ᠬᠡᠷᠡᠭᠲᠡᠢ ᠬᠡᠵᠥ ᠵᠠᠬᠢᠪᠠ᠃     ᠤᠯᠤᠰ ᠤᠨ ᠴᠠᠬᠢᠯᠭᠠᠨ ᠤ ᠪᠥᠯᠥᠭᠯᠡᠯ ᠤᠨ ᠮᠸᠡᠭ ᠳ᠋ᠦ᠋ᠩ ᠡᠨᠧᠷᠬᠢ ᠶᠢᠨ ᠺᠤᠮᠫᠠᠨᠢ ᠪᠤᠯᠤᠨ ᠳ᠋ᠠ ᠲᠠᠩ ᠤᠯᠠᠨ ᠤᠯᠤᠰ ᠤᠨ ᠰᠢᠯᠢ ᠶᠢᠨ ᠬᠤᠲᠠ ᠳᠠᠬᠢ ᠠᠭᠤᠷᠬᠠᠢ ᠶᠢᠨ ᠥᠢᠯᠡᠰ ᠤᠨ ᠺᠤᠮᠫᠠᠨᠢ ᠳᠤ᠂ ᠱᠠᠯᠠᠪᠳᠠᠭᠤᠯᠤᠨ ᠪᠠᠶᠢᠴᠠᠭᠠᠬᠤ ᠲᠤᠭᠤᠢᠢᠯᠠᠩ ᠤᠨ ᠬᠢᠨ ᠠᠵᠤ ᠠᠬᠤᠢᠢᠯᠠᠯ ᠤᠨ ᠠᠶᠤᠯᠬᠦᠢ ᠥᠢᠯᠡᠳᠪᠤᠷᠢᠯᠡᠯ ᠢ ᠪᠠᠲᠤᠯᠠᠬᠤ ᠠᠷᠭ᠎ᠠ ᠬᠡᠮᠵᠢᠶ᠎ᠠ ᠶᠢ ᠨᠠᠶᠢᠲᠠᠪᠤᠷᠢᠵᠢᠭᠤᠯᠵᠥ ᠪᠠᠶᠢᠭ᠎ᠠ ᠪᠠᠶᠢᠲᠠᠯ ᠢ ᠨᠠᠷᠢᠨ ᠤᠢᠢᠯᠠᠭᠠᠵᠥ᠂ ᠠᠵᠤ ᠠᠬᠤᠢᠢᠯᠠᠯ ᠤᠨ ᠡᠲᠥᠷ ᠲᠤᠲᠤᠮ ᠤᠨ ᠥᠢᠯᠡᠳᠪᠤᠷᠢᠯᠡᠯ᠂ ᠠᠮᠤᠷ ᠲᠥᠪᠰᠢᠨ ᠤ ᠲᠥᠷᠢᠮ ᠤᠨ ᠪᠠᠶᠢᠭᠤᠯᠤᠯᠲᠠ᠂ ᠠᠵᠢᠯᠲᠠᠳ ᠲᠤ ᠠᠮᠤᠷ ᠲᠥᠪᠰᠢᠨ ᠤ ᠥᠢᠯᠡᠳᠪᠤᠷᠢᠯᠡᠯ ᠤᠨ ᠪᠤᠯᠪᠠᠰᠤᠷᠠᠯ ᠬᠥᠷᠲᠡᠭᠡᠵᠥ ᠪᠠᠶᠢᠭ᠎ᠠ ᠪᠤᠯᠤᠨ ᠤᠨᠴᠠᠭᠠᠢ ᠲᠤᠨᠤᠭ ᠲᠥᠭᠦᠭᠡᠷᠥᠮᠵᠢ ᠶᠢ ᠰᠡᠯᠪᠢᠨ ᠵᠠᠰᠠᠵᠥ ᠪᠠᠶᠢᠭ᠎ᠠ ᠵᠡᠷᠭᠡ ᠪᠠᠶᠢᠲᠠᠯ ᠢ ᠨᠢᠮᠪᠠᠢ ᠠᠰᠠᠭᠤᠨ ᠯᠠᠪᠯᠠᠭᠰᠠᠨ ᠪᠥᠭᠡᠳ ᠠᠵᠤ ᠠᠬᠤᠢᠢᠯᠠᠯ ᠤᠨ ᠵᠢᠵᠢᠬᠦᠷ᠂ ᠠᠵᠢᠯ ᠤᠨ ᠲᠡᠮᠲᠡᠭᠯᠡᠯ ᠢ ᠨᠢᠮᠪᠠᠢ ᠬᠠᠷᠭᠤᠭᠤᠯᠤᠨ ᠥᠵᠡᠭᠰᠡᠨ ᠪᠥᠭᠡᠳ ᠠᠵᠤ ᠠᠬᠤᠢᠢᠯᠠᠯ ᠠᠶᠤᠯᠬᠦᠢ ᠥᠢᠯᠡᠳᠪᠤᠷᠢᠯᠡᠯ ᠢ ᠲᠡᠭᠡᠲᠥ ᠬᠡᠮᠵᠢᠶ᠎ᠠ ᠪᠠᠷ ᠴᠢᠬᠤᠯᠠᠴᠢᠯᠠᠵᠥ᠂ ᠡᠯ᠎ᠠ ᠵᠥᠢᠯ ᠤᠨ ᠲᠥᠷᠢᠮ ᠲᠤᠭᠲᠠᠭᠠᠯ ᠢ ᠪᠠᠶᠢᠭᠤᠯᠤᠨ ᠪᠥᠷᠢᠨᠰᠢᠬᠦᠯᠵᠥ᠂ ᠲᠡᠪᠰᠢᠩᠭᠤᠢ ᠮᠡᠷᠭᠡᠵᠢᠯ ᠪᠤᠯᠤᠨ ᠲᠤᠨᠤᠭ ᠲᠥᠭᠦᠭᠡᠷᠥᠮᠵᠢ ᠵᠢᠴᠢ ᠰᠢᠨᠵᠢᠯᠡᠬᠦ ᠤᠬᠠᠭᠠᠨᠴᠢ ᠬᠠᠮᠢᠶᠠᠷᠤᠯᠲᠠ ᠶᠢᠨ ᠠᠷᠭ᠎ᠠ ᠬᠡᠯᠪᠡᠷᠢ ᠭᠡᠷᠡᠭᠵᠢᠭᠦᠯᠵᠦ᠂ ᠡᠲᠥᠷ ᠲᠤᠲᠤᠮ ᠤᠨ ᠪᠠᠶᠢᠴᠠᠭᠠᠯᠲᠠ᠂ ᠠᠵᠢᠯᠲᠠᠳ ᠲᠤ ᠠᠮᠤᠷ ᠲᠥᠪᠰᠢᠨ ᠤ ᠪᠤᠯᠪᠠᠰᠤᠷᠠᠯ ᠬᠥᠷᠲᠡᠭᠡᠬᠦ᠂ ᠲᠡᠷᠭᠡ ᠬᠥᠰᠭᠡ ᠶᠢᠨ ᠠᠮᠤᠷ ᠲᠥᠪᠰᠢᠨ ᠤ ᠬᠠᠮᠢᠶᠠᠷᠤᠯᠲᠠ ᠵᠡᠷᠭᠡ ᠡᠯ᠎ᠠ ᠵᠥᠢᠯ ᠤᠨ ᠠᠵᠢᠯ ᠢ ᠰᠠᠶᠢᠲᠤᠷ ᠬᠢᠬᠦ ᠬᠡᠷᠡᠭᠲᠡᠢ ᠬᠡᠵᠥ ᠱᠠᠭᠠᠷᠲᠠᠪᠠ᠃     ᠯᠥᠸᠧ ᠬᠤ᠋ ᠽᠠᠢ ᠱᠠᠭᠠᠷᠲᠠᠬᠤ ᠳᠠᠭᠠᠨ᠂ ᠡᠯ᠎ᠠ ᠭᠠᠵᠠᠷ ᠡᠯ᠎ᠠ ᠬᠠᠮᠢᠶ᠎ᠠ ᠪᠥᠬᠦᠢ ᠰᠠᠯᠠᠭ᠎ᠠ ᠮᠥᠴᠢᠷ ᠪᠤᠯᠤᠨ ᠡᠯ᠎ᠠ ᠱᠠᠲᠤᠨ ᠤ ᠤᠲᠤᠷᠢᠳᠬᠤ ᠺᠠᠳ᠋ᠷ ᠠᠶᠤᠯᠬᠦᠢ ᠥᠢᠯᠡᠳᠪᠤᠷᠢᠯᠡᠯ ᠤᠨ ᠡᠯ᠎ᠠ ᠵᠥᠢᠯ ᠤᠨ ᠠᠵᠢᠯ ᠢ ᠪᠥᠬᠦ ᠬᠥᠴᠥᠨ ᠢᠶᠠᠷ ᠰᠠᠶᠢᠲᠤᠷ ᠠᠳᠬᠤᠵᠥ᠂ ᠠᠵᠤ ᠠᠬᠤᠢ ᠨᠡᠶᠢᠭᠡᠮ ᠤᠨ ᠬᠥᠭᠵᠢᠯᠲᠡ ᠪᠤᠯᠤᠨ ᠠᠷᠠᠳ ᠤᠯᠠᠨ ᠤ ᠠᠮᠤᠷ ᠲᠥᠪᠰᠢᠨ ᠠᠵᠢᠯᠯᠠᠵᠥ ᠠᠮᠢᠲᠤᠷᠠᠬᠤ ᠶᠢ ᠪᠠᠲᠤᠯᠠᠬᠤ ᠬᠡᠷᠡᠭᠲᠡᠢ᠃ ᠡᠯ᠎ᠠ ᠬᠢᠨᠠᠨ ᠪᠠᠶᠢᠴᠠᠭᠠᠬᠤ ᠲᠤᠭᠤᠢᠢᠯᠠᠩ ᠲᠡᠭᠡᠲᠥ ᠬᠡᠮᠵᠢᠶᠡᠨ ᠤ ᠤᠯᠤᠰ ᠲᠥᠷᠥ ᠶᠢᠨ ᠬᠠᠷᠢᠭᠤᠴᠠᠯᠭᠠᠲᠤ ᠰᠡᠳᠬᠢᠯᠭᠡ ᠪᠠᠷ ᠠᠶᠤᠯᠬᠦᠢ ᠥᠢᠯᠡᠳᠪᠤᠷᠢᠯᠡᠯ ᠤᠨ ᠡᠯ᠎ᠠ ᠵᠥᠢᠯ ᠤᠨ ᠠᠵᠢᠯ ᠳᠤ ᠨᠠᠷᠢᠨ ᠬᠢᠨᠠᠮᠠᠭᠠᠢ ᠪᠠᠶᠢᠴᠠᠭᠠᠯᠲᠠ ᠬᠢᠵᠥ᠂ ᠥᠨᠡᠨᠬᠦ ᠠᠰᠠᠭᠤᠲᠠᠯ ᠢ ᠢᠯᠡᠷᠡᠬᠦᠯᠵᠥ᠂ ᠠᠰᠠᠭᠤᠲᠠᠯ ᠢ ᠰᠢᠢᠳᠪᠤᠷᠢᠯᠡᠵᠥ᠂ ᠲᠤᠰ ᠤᠲᠠᠭᠠᠨ ᠤ ᠶᠡᠭᠡ ᠪᠠᠶᠢᠴᠠᠭᠠᠯᠲᠠ ᠳᠤ ᠪᠤᠲᠠᠲᠤ ᠥᠷ᠎ᠠ ᠪᠥᠲᠥᠮᠵᠢ ᠤᠯᠬᠤ ᠬᠡᠷᠡᠭᠲᠡᠢ᠃ ᠠᠶᠤᠯᠬᠦᠢ ᠥᠢᠯᠡᠳᠪᠤᠷᠢᠯᠡᠯ ᠢ ᠬᠥᠢᠴᠡᠳ ᠬᠥᠨᠲᠤᠳᠭᠡᠬᠦ ᠥᠭᠡᠢ᠂ ᠠᠯᠲᠠᠭ᠎ᠠ ᠲᠤᠲᠠᠭᠲᠠᠯ ᠢᠶᠠᠨ ᠨᠠᠷᠢᠨ ᠬᠢᠨᠠᠮᠠᠭᠠᠢ ᠴᠡᠭᠴᠡᠯᠡᠨ ᠰᠠᠶᠢᠵᠢᠷᠠᠭᠤᠯᠬᠤ ᠥᠭᠡᠢ ᠭᠠᠵᠠᠷ ᠤᠷᠤᠨ ᠪᠤᠯᠤᠨ ᠠᠵᠤ ᠠᠬᠤᠢᠢᠯᠠᠯ ᠠᠴᠠ ᠴᠢᠩᠭ᠎ᠠ ᠬᠠᠷᠢᠭᠤᠴᠠᠯᠭ᠎ᠠ ᠨᠡᠭᠡᠮᠵᠢᠯᠡᠬᠦ ᠬᠡᠷᠡᠭᠲᠡᠢ᠃ ᠡᠯ᠎ᠠ ᠱᠠᠯᠠᠪᠳᠠᠭᠤᠯᠤᠨ ᠪᠠᠶᠢᠴᠠᠭᠠᠬᠤ ᠲᠤᠭᠤᠢᠢᠯᠠᠩ ᠢᠯᠡᠷᠡᠬᠦᠯᠥᠭᠰᠡᠨ ᠠᠰᠠᠭᠤᠲᠠᠯ ᠢᠶᠠᠨ ᠲᠠᠷᠤᠢ ᠲᠥᠷᠭᠡᠨ ᠲᠡᠭᠡᠭᠰᠢ ᠮᠡᠲᠡᠬᠦᠯᠵᠥ᠂ ᠠᠶᠤᠯᠬᠦᠢ ᠥᠢᠯᠡᠳᠪᠤᠷᠢᠯᠡᠯ ᠤᠨ ᠤᠷᠲᠤ ᠬᠤᠭᠤᠴᠠᠭᠠᠨ ᠤ ᠪᠥᠲᠥᠮᠵᠢᠲᠡᠢ ᠲᠤᠭᠲᠠᠴᠠ ᠶᠢ ᠪᠥᠷᠢᠯᠲᠥᠬᠦᠯᠬᠦ ᠬᠡᠷᠡᠭᠲᠡᠢ ᠬᠡᠪᠡ᠃     ᠹᠥ᠋ ᠸᠠᠨ ᠬᠤᠢ ᠵᠢᠭᠠᠬᠤ ᠳᠠᠭᠠᠨ᠂ ᠡᠯ᠎ᠠ ᠭᠠᠵᠠᠷ ᠡᠯ᠎ᠠ ᠰᠠᠯᠠᠭ᠎ᠠ ᠮᠥᠴᠢᠷ ᠱᠠᠯᠠᠪᠳᠠᠭᠤᠯᠤᠨ ᠪᠠᠶᠢᠴᠠᠭᠠᠬᠤ ᠠᠭᠤᠯᠭ᠎ᠠ ᠪᠤᠯᠤᠨ ᠱᠠᠭᠠᠷᠲᠠᠯᠭ᠎ᠠ ᠶᠤᠰᠤᠭᠠᠷ ᠡᠯ᠎ᠠ ᠠᠵᠤ ᠠᠬᠤᠢᠢᠯᠠᠯ ᠤᠨ ᠭᠠᠯ ᠤᠨᠲᠠᠷᠠᠭᠠᠬᠤ ᠲᠥᠭᠦᠭᠡᠷᠥᠮᠵᠢ᠂ ᠠᠮᠤᠷ ᠲᠥᠪᠰᠢᠨ ᠢᠶᠠᠷ ᠵᠠᠶᠢᠯᠠᠭᠤᠯᠬᠤ ᠵᠠᠮ᠂ ᠲᠥᠷᠢᠮ ᠲᠤᠭᠲᠠᠭᠠᠯ᠂ ᠠᠵᠢᠯᠲᠠᠳ ᠤᠨ ᠪᠤᠯᠪᠠᠰᠤᠷᠠᠯ᠂ ᠬᠠᠷᠢᠭᠤᠴᠠᠯᠭ᠎ᠠ ᠶᠢ ᠨᠠᠶᠢᠲᠠᠪᠤᠷᠢᠵᠢᠭᠤᠯᠵᠥ ᠪᠠᠶᠢᠭ᠎ᠠ ᠵᠡᠷᠭᠡ ᠲᠠᠯ᠎ᠠ ᠪᠠᠷ ᠭᠤᠤᠯᠲᠠᠯᠭ᠎ᠠ ᠲᠠᠢ ᠪᠠᠶᠢᠴᠠᠭᠠᠬᠤ ᠬᠡᠷᠡᠭᠲᠡᠢ᠃ ᠠᠵᠤ ᠠᠬᠤᠢᠢᠯᠠᠯ ᠭᠤᠤᠯ ᠴᠤᠭᠴᠠ ᠶᠢᠨ ᠬᠠᠷᠢᠭᠤᠴᠠᠯᠭ᠎ᠠ ᠪᠠᠨ ᠰᠠᠶᠢᠲᠤᠷ ᠨᠠᠶᠢᠲᠠᠪᠤᠷᠢᠵᠢᠭᠤᠯᠵᠥ᠂ ᠠᠶᠤᠯ ᠤᠨ ᠲᠠᠯᠲᠠ ᠭᠡᠮ ᠢ ᠴᠠᠭ ᠲᠤᠬᠠᠢ ᠳᠤᠨᠢ ᠢᠯᠡᠷᠡᠬᠦᠯᠵᠥ ᠠᠷᠢᠯᠭᠠᠬᠤ ᠬᠡᠷᠡᠭᠲᠡᠢ᠃ ᠡᠯ᠎ᠠ ᠱᠠᠲᠤᠨ ᠤ ᠵᠠᠰᠠᠭ ᠤᠨ ᠤᠷᠲᠤᠨ ᠪᠤᠯᠤᠨ ᠬᠠᠮᠢᠶ᠎ᠠ ᠪᠥᠬᠦᠢ ᠰᠠᠯᠠᠭ᠎ᠠ ᠮᠥᠴᠢᠷ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠪᠠᠨ ᠰᠠᠶᠢᠲᠤᠷ ᠨᠠᠶᠢᠲᠠᠪᠤᠷᠢᠵᠢᠭᠤᠯᠵᠥ᠂ ᠬᠠᠤᠯᠢ ᠬᠡᠷᠡᠭᠵᠢᠬᠦᠯᠬᠦ ᠬᠥᠴᠥᠯᠡᠴᠡ ᠪᠠᠨ ᠤᠯᠠᠮ ᠨᠢᠭᠡ ᠠᠯᠬᠤᠮ ᠴᠢᠩᠭᠠᠳᠬᠠᠵᠥ᠂ ᠡᠯ᠎ᠠ ᠲᠥᠷᠥᠯ ᠤᠨ ᠠᠰᠠᠭᠤᠲᠠᠯ ᠪᠠ ᠲᠠᠯᠲᠠ ᠬᠡᠮ ᠢ ᠪᠥᠲᠥᠮᠵᠢᠲᠡᠢ ᠰᠢᠢᠳᠪᠤᠷᠢᠯᠡᠬᠦ ᠬᠡᠷᠡᠭᠲᠡᠢ ᠬᠡᠪᠡ᠃     12 ᠳ᠋ᠤᠭᠠᠷ ᠰᠠᠷ᠎ᠠ ᠶᠢᠨ 10 ᠤ ᠥᠲᠠ ᠶᠢᠨ ᠬᠤᠶᠢᠨ᠎ᠠ ᠠᠴᠠ᠂ ᠠᠶᠢᠮᠠᠭ ᠤᠨ ᠱᠠᠲᠤᠨ ᠤ ᠤᠲᠤᠷᠢᠲᠤᠯᠭ᠎ᠠ ᠲᠠᠭᠠᠭᠤᠯᠤᠭᠰᠠᠨ 13 ᠠᠶᠤᠯᠬᠦᠢ ᠥᠢᠯᠡᠳᠪᠤᠷᠢᠯᠡᠯ ᠤᠨ ᠱᠠᠯᠠᠪᠳᠠᠭᠤᠯᠤᠨ ᠪᠠᠶᠢᠴᠠᠭᠠᠯᠲᠠ ᠶᠢᠨ ᠲᠤᠭᠤᠢᠢᠯᠠᠩ ᠡᠯ᠎ᠠ ᠬᠤᠰᠢᠭᠤ ᠰᠢᠶᠠᠨ ᠬᠤᠲᠠ ︵ᠤᠷᠤᠨ︶ ᠶᠢᠨ ᠠᠶᠤᠯᠬᠦᠢ ᠥᠢᠯᠡᠳᠪᠤᠷᠢᠯᠡᠯ ᠳᠤ ᠶᠡᠭᠡ ᠪᠠᠶᠢᠴᠠᠭᠠᠯᠲᠠ ᠦᠷᠨᠢᠭᠦᠯᠵᠦ ᠡᠬᠢᠯᠡᠪᠡ᠃                          
   
   
     ᠱᠠᠯᠠᠪᠳᠠᠭᠤᠯᠤᠨ ᠪᠠᠶᠢᠴᠠᠭᠠᠬᠤ ᠲᠤᠭᠤᠢᠢᠯᠠᠩ ᠤᠨ ᠬᠢᠨ ᠮᠢᠨ ᠱᠸᠡᠭ ᠬᠤᠲᠠᠯᠲᠤᠭᠠᠨ ᠤ ᠲᠥᠪ ᠲᠤ ᠠᠮᠤᠷ
ᠲᠥᠪᠰᠢᠨ ᠤ ᠲᠥᠷᠢᠮ ᠤᠨ ᠪᠠᠶᠢᠭᠤᠯᠤᠯᠲᠠ ᠶᠢᠨ ᠪᠠᠶᠢᠲᠠᠯ ᠢ ᠪᠠᠶᠢᠴᠠᠭᠠᠵᠥ ᠪᠠᠶᠢᠨ᠎ᠠ᠃
                   
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号