ᠯᠥᠸᠧ ᠬᠤ᠋ ᠽᠠᠢ ᠪᠥᠬᠦ ᠠᠶᠢᠮᠠᠭ ᠤᠨ ᠠᠶᠤᠯᠬᠦᠢ ᠥᠢᠯᠡᠳᠪᠤᠷᠢᠯᠡᠯ ᠤᠨ ᠶᠡᠭᠡ ᠪᠠᠶᠢᠴᠠᠭᠠᠯᠲᠠ ᠶᠢᠨ ᠨᠢᠭᠡᠲᠥᠭᠡᠷ ᠱᠠᠯᠠᠪᠲᠠᠭᠤᠯᠤᠨ ᠪᠠᠶᠢᠴᠠᠭᠠᠬᠤ ᠲᠤᠭᠤᠢᠢᠯᠠᠩ ᠢ ᠲᠠᠭᠠᠭᠤᠯᠤᠨ ᠰᠢᠯᠢ ᠶᠢᠨ ᠬᠤᠲᠠ ᠤᠷᠤᠨ ᠳᠤ ᠪᠠᠶᠢᠴᠠᠭᠠᠯᠲᠠ ᠬᠢᠬᠦ ᠳᠡᠭᠡᠨ ᠴᠢᠬᠤᠯᠠᠴᠢᠯᠠᠭᠰᠠᠨ ᠨᠢ — ᠠᠶᠤᠯ ᠤᠨ ᠳᠠᠯᠳᠠ ᠭᠡᠮ ᠢ ᠤᠨᠤᠪᠴᠢᠲᠠᠢ ᠡᠷᠢᠵᠦ ᠪᠦᠬᠦ ᠠᠶᠢᠮᠠᠭ ᠤᠨ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠳᠠ ᠳᠤ ᠪᠤᠳᠠᠳᠤ ᠦᠷ᠎ᠡ ᠪᠦᠲᠦᠮᠵᠢ ᠤᠯᠬᠤ ᠬᠡᠷᠡᠭᠲᠡᠢ
ᠨᠡᠶᠢᠲᠡᠯᠡᠭᠰᠡᠨ ᠴᠠᠭ᠄
2016/12/14
        12 ᠳ᠋ᠤᠭᠠᠷ ᠰᠠᠷ᠎ᠠ ᠶᠢᠨ 10 — 11 ᠤ ᠡᠲᠥᠷ᠂ ᠠᠶᠢᠮᠠᠭ ᠤᠨ ᠨᠠᠮ ᠤᠨ ᠬᠤᠷᠢᠶᠠᠨ ᠤ ᠱᠥᠵᠢ ᠯᠥᠸᠧ ᠬᠤ᠋ ᠽᠠᠢ ᠪᠥᠬᠦ ᠠᠶᠢᠮᠠᠭ ᠤᠨ ᠠᠶᠤᠯᠬᠦᠢ ᠥᠢᠯᠡᠳᠪᠤᠷᠢᠯᠡᠯ ᠤᠨ ᠶᠡᠭᠡ ᠪᠠᠶᠢᠴᠠᠭᠠᠯᠲᠠ ᠶᠢᠨ ᠨᠢᠭᠡᠲᠥᠭᠡᠷ ᠱᠠᠯᠠᠪᠲᠠᠭᠤᠯᠤᠨ ᠪᠠᠶᠢᠴᠠᠭᠠᠬᠤ ᠲᠤᠭᠤᠢᠢᠯᠠᠩ ᠢ ᠲᠠᠭᠠᠭᠤᠯᠤᠨ ᠰᠢᠯᠢ ᠶᠢᠨ ᠬᠤᠲᠠ ᠤᠷᠤᠨ ᠤ ᠬᠡᠰᠡᠭ ᠪᠠᠶᠢᠭᠤᠯᠭ᠎ᠠ ᠨᠢᠭᠡᠴᠡ᠂ ᠠᠵᠤ ᠠᠬᠤᠢᠢᠯᠠᠯ ᠪᠤᠯᠤᠨ ᠬᠥᠮᠤᠨ ᠬᠠᠷ᠎ᠠ ᠳᠦᠪᠯᠡᠷᠡᠭᠰᠠᠨ ᠲᠠᠯᠠᠪᠤᠷ ᠲᠤ ᠠᠶᠤᠯᠬᠦᠢ ᠥᠢᠯᠡᠳᠪᠤᠷᠢᠯᠡᠯ ᠤᠨ ᠶᠡᠭᠡ ᠪᠠᠶᠢᠴᠠᠭᠠᠯᠲᠠ ᠥᠷᠨᠢᠬᠦᠯᠪᠡ᠃ ᠲᠡᠷᠡ ᠴᠢᠬᠤᠯᠠᠴᠢᠯᠠᠬᠤ ᠳᠠᠭᠠᠨ᠂ ᠡᠯ᠎ᠠ ᠭᠠᠵᠠᠷ ᠡᠯ᠎ᠠ ᠰᠠᠯᠠᠭ᠎ᠠ ᠮᠥᠴᠢᠷ ᠪᠤᠯᠤᠨ ᠡᠯ᠎ᠠ ᠠᠵᠤ ᠠᠬᠤᠢᠢᠯᠠᠯ ᠠᠵᠢᠯ ᠥᠢᠯᠡᠰ ᠤᠨ ᠨᠢᠭᠡᠴᠡ ᠲᠥᠪ ᠬᠤᠷᠢᠶ᠎ᠠ᠂ ᠥᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠪᠤᠯᠤᠨ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠪᠠᠶᠢᠷᠢᠯᠠᠭᠤᠯᠤᠯᠲᠠ ᠱᠠᠭᠠᠷᠲᠠᠯᠭ᠎ᠠ ᠪᠠᠷ᠂ ᠬᠠᠷᠢᠭᠤᠴᠠᠯᠭᠠᠲᠤ ᠤᠬᠠᠮᠰᠠᠷ ᠢᠶᠠᠨ ᠴᠢᠩᠭᠠᠳᠬᠠᠵᠥ᠂ ᠰᠤᠨᠤᠷ ᠰᠡᠷᠡᠮᠵᠢ ᠪᠠᠨ ᠲᠡᠭᠡᠭᠰᠢᠯᠡᠬᠦᠯᠵᠥ᠂ ᠠᠮᠤᠷ ᠲᠥᠪᠰᠢᠨ ᠢ ᠠᠯᠢᠪᠠ ᠠᠴᠠ ᠴᠢᠬᠤᠯᠠᠴᠢᠯᠠᠵᠥ᠂ ᠠᠶᠤᠯᠬᠦᠢ ᠥᠢᠯᠡᠳᠪᠤᠷᠢᠯᠡᠯ ᠤᠨ ᠡᠯ᠎ᠠ ᠵᠥᠢᠯ ᠤᠨ ᠠᠵᠢᠯ ᠢ ᠨᠠᠷᠢᠨ᠂ ᠪᠤᠲᠠᠲᠠᠢ᠂ ᠴᠢᠩᠭ᠎ᠠ ᠬᠢᠵᠥ᠂ ᠠᠶᠤᠯ ᠤᠨ ᠲᠠᠯᠲᠠ ᠬᠡᠮ ᠢ ᠪᠥᠬᠦ ᠲᠠᠯ᠎ᠠ ᠪᠠᠷ᠂ ᠰᠢᠰᠲ᠋ᠧᠮ ᠲᠠᠢ᠂ ᠲᠦᠢᠯᠪᠤᠷᠢᠲᠠᠢ ᠠᠷᠢᠯᠭᠠᠵᠥ᠂ ᠡᠯ᠎ᠠ ᠲᠥᠷᠥᠯ ᠤᠨ ᠠᠶᠤᠯᠬᠦᠢ ᠥᠢᠯᠡᠳᠪᠤᠷᠢᠯᠡᠯ ᠤᠨ ᠠᠲᠡᠯ ᠡᠬᠦᠰᠬᠦ ᠶᠢ ᠪᠥᠲᠥᠮᠵᠢᠲᠡᠢ ᠰᠡᠷᠭᠡᠶᠢᠯᠡᠨ ᠬᠤᠷᠢᠭᠯᠠᠵᠥ᠂ ᠠᠶᠤᠯᠬᠦᠢ ᠥᠢᠯᠡᠳᠪᠤᠷᠢᠯᠡᠯ ᠤᠨ ᠠᠵᠢᠯ ᠤᠨ ᠰᠢᠨ᠎ᠠ ᠪᠠᠶᠢᠲᠠᠯ ᠢ ᠲᠠᠰᠤᠷᠠᠯᠲᠠ ᠥᠭᠡᠢ ᠡᠬᠦᠳᠬᠦ ᠬᠡᠷᠡᠭᠲᠡᠢ ᠬᠡᠪᠡ᠃     ᠱᠠᠯᠠᠪᠲᠠᠭᠤᠯᠤᠨ ᠪᠠᠶᠢᠴᠠᠭᠠᠬᠤ ᠲᠤᠭᠤᠢᠢᠯᠠᠩ ᠤᠨ ᠬᠢᠨ ᠲᠤᠭᠲᠠᠭᠰᠠᠨ ᠴᠡᠭ ᠲᠤ ᠬᠥᠷᠴᠥ ᠪᠠᠶᠢᠴᠠᠭᠠᠬᠤ ᠪᠤᠯᠤᠨ ᠰᠤᠭᠤᠴᠢᠨ ᠪᠠᠶᠢᠴᠠᠭᠠᠬᠤ ᠬᠡᠯᠪᠡᠷᠢ ᠪᠠᠷ ᠰᠢᠯᠢ ᠶᠢᠨ ᠬᠤᠲᠠ ᠤᠷᠤᠨ ᠤ 13 ᠠᠵᠤ ᠠᠬᠤᠢᠢᠯᠠᠯ᠂ ᠠᠭᠤᠷᠬᠠᠢ ᠪᠤᠯᠤᠨ ᠬᠥᠮᠥᠨ ᠬᠠᠷ᠎ᠠ ᠳᠦᠪᠯᠡᠷᠡᠭᠰᠡᠨ ᠲᠠᠯᠠᠪᠤᠷ ᠵᠡᠷᠭᠡ ᠠᠶᠤᠯᠬᠦᠢ ᠥᠢᠯᠡᠳᠪᠤᠷᠢᠯᠡᠯ ᠤᠨ ᠭᠤᠤᠯᠲᠠᠯᠭ᠎ᠠ ᠲᠠᠢ ᠨᠢᠭᠡᠴᠡ᠂ ᠭᠤᠤᠯᠲᠠᠯᠭ᠎ᠠ ᠲᠠᠢ ᠲᠠᠯᠠᠪᠤᠷ ᠲᠤ ᠬᠥᠨᠵᠡᠭᠡᠶᠢᠷᠡᠵᠥ᠂ ᠥᠢᠯᠡᠳᠪᠤᠷᠢᠯᠡᠯ ᠡᠵᠡᠩᠨᠡᠯᠲᠡ ᠶᠢᠨ ᠨᠢᠭᠡᠴᠡ ᠶᠢᠨ ᠠᠶᠤᠯᠬᠦᠢ ᠥᠢᠯᠡᠳᠪᠤᠷᠢᠯᠡᠯ ᠳᠤ ᠨᠠᠷᠢᠨ ᠴᠢᠩᠭ᠎ᠠ ᠪᠤᠲᠠᠲᠠᠢ ᠪᠠᠶᠢᠴᠠᠭᠠᠯᠲᠠ ᠬᠢᠵᠥ᠂ ᠲᠤᠬᠠᠢ ᠶᠢᠨ ᠲᠠᠯᠠᠪᠤᠷ ᠲᠤ 59 ᠠᠶᠤᠯ ᠤᠨ ᠲᠠᠯᠲᠠ ᠬᠡᠮ ᠢ ᠢᠯᠡᠷᠡᠬᠦᠯᠵᠥ᠂ 10 ᠠᠰᠠᠭᠤᠲᠠᠯ ᠢ ᠲᠠᠷᠤᠢ ᠲᠥᠷᠭᠡᠨ ᠴᠡᠭᠴᠡᠯᠡᠨ ᠰᠠᠶᠢᠵᠢᠷᠠᠭᠤᠯᠬᠤ ᠪᠠᠷ ᠵᠠᠷᠯᠢᠭᠲᠠᠭᠰᠠᠨ ᠪᠥᠭᠡᠳ ᠱᠠᠯᠠᠪᠲᠠᠭᠤᠯᠤᠨ ᠪᠠᠶᠢᠴᠠᠭᠠᠭᠰᠠᠨ ᠪᠠᠶᠢᠲᠠᠯ ᠢᠶᠠᠨ ᠬᠠᠷᠢᠭᠤ ᠲᠤᠰᠬᠠᠵᠥ᠂ ᠬᠠᠷᠢᠭᠤ ᠲᠤᠰᠬᠠᠭᠰᠠᠨ ᠰᠠᠨᠠᠯ ᠢ ᠨᠠᠶᠢᠲᠠᠪᠤᠷᠢᠵᠢᠭᠤᠯᠬᠤ ᠲᠤᠬᠠᠢ ᠪᠤᠲᠠᠲᠠᠢ ᠱᠠᠭᠠᠷᠲᠠᠯᠭ᠎ᠠ ᠲᠤᠷᠠᠳᠴᠠᠢ᠃     ᠯᠥᠸᠧ ᠬᠤ᠋ ᠽᠠᠢ ᠴᠢᠬᠤᠯᠠᠴᠢᠯᠠᠬᠤ ᠳᠠᠭᠠᠨ᠂ ᠡᠯ᠎ᠠ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠤᠷᠲᠤᠨ ᠠᠶᠤᠯᠬᠦᠢ ᠥᠢᠯᠡᠳᠪᠤᠷᠢᠯᠡᠯ ᠤᠨ ᠬᠠᠷᠢᠭᠤᠴᠠᠯᠭ᠎ᠠ ᠶᠢ ᠱᠠᠲᠤ ᠲᠠᠷᠠᠭᠠᠯᠠᠨ ᠨᠠᠶᠢᠲᠠᠪᠤᠷᠢᠵᠢᠭᠤᠯᠵᠥ᠂ ᠬᠥᠮᠥᠨ ᠪᠤᠯᠭᠠᠨ ᠬᠠᠷᠢᠭᠤᠴᠠᠯᠭ᠎ᠠ ᠲᠠᠢ ᠪᠠᠶᠢᠬᠤ ᠬᠡᠷᠡᠭᠲᠡᠢ᠃ ᠠᠶᠤᠯᠬᠦᠢ ᠥᠢᠯᠡᠳᠪᠤᠷᠢᠯᠡᠯ ᠳᠤ ᠬᠢᠨᠠᠯᠲᠠ ᠲᠠᠯᠪᠢᠬᠤ᠂ ᠲᠤᠲᠤᠭᠠᠲᠤ ᠶᠢ ᠬᠠᠮᠠᠭᠠᠯᠠᠬᠤ᠂ ᠵᠠᠮ ᠬᠠᠷᠢᠯᠴᠠᠭ᠎ᠠ᠂ ᠭᠠᠯ ᠤᠨᠲᠠᠷᠠᠭᠠᠬᠤ ᠵᠡᠷᠭᠡ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠪᠤᠯᠤᠨ ᠠᠵᠢᠯ ᠲᠥᠷᠥᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠨᠠᠶᠢᠲᠠᠪᠤᠷᠢᠵᠢᠭᠤᠯᠬᠤ ᠬᠡᠷᠡᠭᠲᠡᠢ᠃ ᠠᠵᠤ ᠠᠬᠤᠢᠢᠯᠠᠯ ᠠᠶᠤᠯᠬᠦᠢ ᠥᠢᠯᠡᠳᠪᠤᠷᠢᠯᠡᠯ ᠤᠨ ᠲᠥᠷᠢᠮ ᠢ ᠪᠠᠶᠢᠭᠤᠯᠤᠨ ᠪᠥᠷᠢᠨᠰᠢᠬᠦᠯᠵᠥ᠂ ᠠᠶᠤᠯᠬᠦᠢ ᠥᠢᠯᠡᠳᠪᠤᠷᠢᠯᠡᠯ ᠤᠨ ᠠᠲᠡᠯ ᠡᠬᠦᠰᠬᠦ ᠶᠢ ᠡᠬᠢ ᠡᠬᠦᠰᠥᠯ ᠠᠴᠠ ᠨᠢ ᠬᠤᠷᠢᠭᠯᠠᠬᠤ ᠬᠡᠷᠡᠭᠲᠡᠢ᠃ ᠠᠶᠤᠯ ᠤᠨ ᠲᠠᠯᠲᠠ ᠬᠡᠮ ᠢ ᠪᠠᠶᠢᠴᠠᠭᠠᠵᠥ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠬᠢᠵᠥ᠂ ᠤᠷᠲᠤ ᠬᠤᠭᠤᠴᠠᠭᠠᠨ ᠤ ᠪᠥᠲᠥᠮᠵᠢᠲᠡᠢ ᠲᠤᠭᠲᠠᠴᠠ ᠶᠢ ᠪᠠᠶᠢᠭᠤᠯᠬᠤ ᠬᠡᠷᠡᠭᠲᠡᠢ᠃ ᠬᠠᠷᠢᠭᠤᠴᠠᠯᠭ᠎ᠠ ᠨᠡᠭᠡᠮᠵᠢᠯᠡᠬᠦ ᠬᠥᠴᠥᠯᠡᠴᠡ ᠶᠢ ᠴᠢᠩᠭᠠᠳᠬᠠᠵᠥ᠂ ᠠᠶᠤᠯᠬᠦᠢ ᠥᠢᠯᠡᠳᠪᠤᠷᠢᠯᠡᠯ ᠤᠨ ᠬᠠᠷᠢᠭᠤᠴᠠᠯᠭ᠎ᠠ ᠶᠢ ᠪᠤᠲᠠᠲᠠᠢ ᠨᠠᠶᠢᠲᠠᠪᠤᠷᠢᠵᠢᠭᠤᠯᠬᠤ ᠬᠡᠷᠡᠭᠲᠡᠢ᠃ ᠡᠯ᠎ᠠ ᠱᠠᠲᠤ ᠡᠯ᠎ᠠ ᠰᠠᠯᠠᠭ᠎ᠠ ᠮᠥᠴᠢᠷ ᠠᠶᠤᠯᠬᠦᠢ ᠥᠢᠯᠡᠳᠪᠤᠷᠢᠯᠡᠯ ᠢ ᠰᠠᠶᠢᠲᠤᠷ ᠠᠳᠬᠤᠬᠤ ᠶᠢᠨ ᠵᠡᠷᠭᠡᠪᠡᠷ ᠠᠵᠤ ᠠᠬᠤᠢᠢᠯᠠᠯ ᠤᠨ ᠬᠥᠭᠵᠢᠯᠲᠡ ᠶᠢ ᠲᠡᠳᠬᠦᠬᠦ ᠡᠯ᠎ᠠ ᠵᠥᠢᠯ ᠤᠨ ᠲᠥᠷᠥ ᠶᠢᠨ ᠪᠤᠲᠤᠯᠭ᠎ᠠ ᠠᠷᠭ᠎ᠠ ᠬᠡᠮᠵᠢᠶ᠎ᠠ ᠶᠢ ᠨᠠᠷᠢᠨ ᠬᠢᠨᠠᠮᠠᠭᠠᠢ ᠨᠠᠶᠢᠲᠠᠪᠤᠷᠢᠵᠢᠭᠤᠯᠵᠥ᠂ ᠠᠵᠤ ᠠᠬᠤᠢᠢᠯᠠᠯ ᠠᠮᠤᠷ ᠲᠥᠪᠰᠢᠨ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠢ ᠬᠡᠪᠡ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号