ᠹᠦ᠋ ᠸᠠᠨ ᠬᠤᠢ ᠪᠦᠭᠦ ᠠᠶᠢᠮᠠᠭ ᠤᠨ ᠠᠶᠦᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠳᠠ ᠶᠢᠨ ᠬᠤᠶᠠᠳᠤᠭᠠᠷ ᠱᠠᠯᠠᠪᠳᠠᠭᠤᠯᠤᠨ ᠪᠠᠶᠢᠴᠠᠭᠠᠬᠤ ᠲᠤᠭᠤᠢᠢᠯᠠᠩ ᠢ ᠲᠠᠭᠠᠭᠤᠯᠵᠦ ᠲᠤᠯᠤᠨ ᠨᠤᠤᠷ ᠰᠢᠶᠠᠨ ᠳᠤ ᠪᠠᠶᠢᠴᠠᠭᠠᠨ ᠰᠤᠳᠤᠯᠤᠯᠳᠠ ᠬᠢᠪᠡ
ᠨᠡᠶᠢᠲᠡᠯᠡᠭᠰᠡᠨ ᠴᠠᠭ᠄
2016/12/14
    12 ᠳ᠋ᠤᠭᠠᠷ ᠰᠠᠷ᠎ᠠ ᠶᠢᠨ 10 — 12 ᠤᠨ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠲᠡᠳ᠋ ᠱᠦᠵᠢ᠂ ᠠᠶᠢᠮᠠᠭ ᠤᠨ ᠲᠠᠷᠤᠭ᠎ᠠ ᠹᠦ᠋ ᠸᠠᠨ ᠬᠤᠢ ᠪᠦᠭᠦ ᠠᠶᠢᠮᠠᠭ ᠤᠨ ᠠᠶᠦᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠳᠠ ᠶᠢᠨ ᠬᠤᠶᠠᠳᠤᠭᠠᠷ ᠱᠠᠯᠠᠪᠳᠠᠭᠤᠯᠤᠨ ᠪᠠᠶᠢᠴᠠᠭᠠᠬᠤ ᠲᠤᠭᠤᠢᠢᠯᠠᠩ ᠢ ᠲᠠᠭᠠᠭᠤᠯᠤᠨ ᠲᠤᠯᠤᠨ ᠨᠤᠤᠷ ᠰᠢᠶᠠᠨ ᠳᠤ ᠭᠦᠨᠵᠡᠭᠡᠶᠢᠷᠡᠵᠦ᠂ ᠠᠶᠦᠯᠭᠦᠢ ᠦᠢᠯᠡᠳᠪᠦᠷᠢᠯᠡᠯ ᠤᠨ ᠠᠵᠢᠯ ᠢ ᠱᠠᠯᠠᠪᠳᠠᠭᠤᠯᠤᠨ ᠪᠠᠶᠢᠴᠠᠭᠠᠪᠠ᠃     ᠱᠠᠯᠠᠪᠳᠠᠭᠤᠯᠤᠨ ᠪᠠᠶᠢᠴᠠᠭᠠᠬᠤ ᠲᠤᠭᠤᠢᠢᠯᠠᠩ ᠤᠨ ᠬᠢᠨ ᠲᠤᠯᠤᠨ ᠨᠤᠤᠷ ᠰᠢᠶᠠᠨ ᠤ ᠬᠡᠰᠡᠭ ᠴᠢᠯᠦᠭᠡᠳᠦ ᠲᠡᠯᠭᠡᠭᠦᠷ᠂ ᠵᠤᠴᠢᠳ ᠤᠨ ᠪᠠᠭᠤᠳᠠᠯ᠂ ᠰᠤᠷᠭᠠᠭᠤᠯᠢ᠂ ᠺᠤᠮᠫᠠᠨᠢ᠂ ᠮᠠᠰᠢᠨ ᠲᠡᠷᠭᠡᠨ ᠤ ᠦᠷᠳᠡᠭᠡ ᠵᠢᠴᠢ ᠲᠤᠯᠤᠨ ᠨᠤᠤᠷ ᠰᠢᠶᠠᠨ ᠤ ᠠᠷᠠᠳ ᠤᠨ ᠡᠮᠨᠡᠯᠭᠡ ᠶᠢᠨ ᠬᠤᠷᠢᠶ᠎ᠠ ᠵᠡᠷᠭᠡ ᠪᠠᠶᠢᠭᠤᠯᠭ᠎ᠠ ᠨᠢᠭᠡᠴᠡ ᠪᠤᠯᠤᠨ ᠠᠵᠦ ᠠᠬᠤᠢᠢᠯᠠᠯ ᠢᠶᠠᠷ ᠬᠦᠨᠵᠡᠭᠡᠶᠢᠷᠡᠵᠤ᠂ ᠠᠶᠦᠯᠭᠦᠢ ᠦᠢᠯᠡᠳᠪᠦᠷᠢᠯᠡᠯ ᠤᠨ ᠠᠵᠢᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠦ ᠪᠠᠶᠢᠬᠤ ᠡᠰᠡᠭᠦ᠂ ᠠᠮᠦᠷ ᠲᠦᠪᠰᠢᠨ ᠤ ᠲᠤᠨᠤᠭ ᠲᠦᠭᠦᠭᠡᠷᠦᠮᠵᠢ ᠶᠢ ᠪᠦᠷᠢᠳᠦᠭᠦᠯᠦᠭᠰᠡᠨ ᠡᠰᠡᠭᠦ ᠵᠡᠷᠭᠡ ᠶᠢ ᠪᠤᠲᠠᠲᠠᠢ ᠪᠠᠶᠢᠴᠠᠭᠠᠭᠰᠠᠨ ᠪᠥᠭᠡᠳ ᠡᠯ ᠎ᠠ ᠭᠠᠵᠠᠷ ᠡᠯ᠎ᠠ ᠰᠠᠯᠠᠭ᠎ᠠ ᠮᠦᠴᠢᠷ᠂ ᠠᠵᠦ ᠠᠬᠤᠢᠢᠯᠠᠯ ᠠᠵᠢᠯ ᠦᠢᠯᠡᠰ ᠤᠨ ᠨᠢᠭᠡᠴᠡ ᠠᠮᠦᠷ ᠲᠦᠪᠰᠢᠨ ᠢ ᠲᠡᠷᠢᠭᠦᠨ ᠪᠠᠶᠢᠷᠢᠨ ᠳᠤ ᠲᠠᠯᠪᠢᠵᠦ᠂ ᠴᠢᠩᠭ᠎ᠠ ᠪᠠᠶᠢᠴᠠᠭᠠᠨ ᠴᠢᠩᠭ᠎ᠠ ᠴᠡᠭᠴᠡᠯᠡᠨ ᠴᠢᠩᠭ᠎ᠠ ᠰᠢᠳᠭᠡᠭᠦ ᠶᠢ ᠤᠶᠠᠯᠳᠤᠭᠤᠯᠵᠦ᠂ ᠠᠶᠦᠯᠭᠦᠢ ᠦᠢᠯᠡᠳᠪᠦᠷᠢᠯᠡᠯ ᠤᠨ ᠠᠵᠢᠯ ᠢ ᠴᠢᠩᠭ᠎ᠠ ᠠᠳᠬᠤᠵᠥ ᠪᠤᠲᠠᠲᠤ ᠦᠷ᠎ᠠ ᠪᠦᠳᠦᠮᠵᠢ ᠭᠠᠷᠭᠠᠬᠤ ᠭᠡᠷᠡᠭᠳᠠᠢ ᠭᠡᠵᠥ ᠴᠢᠬᠤᠯᠠᠴᠢᠯᠠᠪᠠ᠃     ᠱᠠᠯᠠᠪᠳᠠᠭᠤᠯᠤᠨ ᠪᠠᠶᠢᠴᠠᠭᠠᠯᠳᠠ ᠶᠢᠨ ᠲᠠᠷᠠᠭ᠎ᠠ᠂ ᠱᠠᠯᠠᠪᠳᠠᠭᠤᠯᠤᠨ ᠪᠠᠶᠢᠴᠠᠭᠠᠬᠤ ᠲᠤᠭᠤᠢᠢᠯᠠᠩ ᠱᠠᠯᠠᠪᠳᠠᠭᠤᠯᠤᠨ ᠪᠠᠶᠢᠴᠠᠭᠠᠭᠰᠠᠨ ᠰᠠᠨᠠᠯ ᠢᠶᠠᠨ ᠬᠠᠷᠢᠭᠤ ᠲᠤᠰᠬᠠᠵᠦ᠂ ᠲᠤᠯᠤᠨ ᠨᠤᠤᠷ ᠰᠢᠶᠠᠨ ᠤ ᠠᠶᠦᠯᠭᠦᠢ ᠦᠢᠯᠡᠳᠪᠦᠷᠢᠯᠡᠯ ᠲᠤᠮᠳᠠ ᠤᠷᠤᠰᠢᠵᠦ ᠪᠠᠶᠢᠭ᠎ᠠ ᠠᠰᠠᠭᠤᠳᠠᠯ ᠪᠠ ᠭᠦᠷᠦᠯᠴᠡᠭᠦ ᠦᠭᠡᠢ ᠲᠠᠯ᠎ᠠ ᠶᠢ ᠨᠡᠶᠢᠲᠡᠯᠡᠵᠥ᠂ ᠴᠡᠭᠴᠡᠯᠡᠨ ᠰᠠᠶᠢᠵᠢᠷᠠᠭᠤᠯᠬᠤ ᠪᠤᠳᠠᠳᠠᠢ ᠰᠠᠨᠠᠯ ᠪᠤᠯᠤᠨ ᠱᠠᠭᠠᠷᠳᠠᠯᠭ᠎ᠠ ᠲᠤᠷᠠᠳᠴᠠᠢ᠃     ᠱᠠᠯᠠᠪᠳᠠᠭᠤᠯᠤᠨ ᠪᠠᠶᠢᠴᠠᠭᠠᠬᠤ ᠲᠤᠭᠤᠢᠢᠯᠠᠩ ᠴᠢᠬᠤᠯᠠᠴᠢᠯᠠᠬᠤ ᠳᠠᠭᠠᠨ᠂ ᠲᠤᠯᠤᠨ ᠨᠤᠤᠷ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠤᠯᠤᠨ ᠬᠢᠨᠠᠨ ᠬᠠᠮᠢᠶᠠᠷᠬᠤ ᠰᠠᠯᠠᠭ᠎ᠠ ᠮᠦᠴᠢᠷ᠂ ᠠᠵᠦ ᠠᠬᠤᠢᠢᠯᠠᠯ ᠤᠳ ᠠᠵᠢᠯ ᠤᠨ ᠲᠤᠮᠳᠠ ᠤᠷᠤᠰᠢᠵᠦ ᠪᠠᠶᠢᠭ᠎ᠠ ᠠᠰᠠᠭᠤᠳᠠᠯ ᠢᠶᠠᠨ ᠭᠦᠨᠵᠡᠭᠡᠢ ᠡᠷᠬᠢᠴᠡᠬᠦᠯᠥᠨ ᠳ᠋ᠥᠡᠭᠨᠡᠵᠥ᠂ ᠴᠡᠭᠴᠡᠯᠡᠨ ᠰᠠᠶᠢᠵᠢᠷᠠᠭᠤᠯᠬᠤ ᠠᠵᠢᠯ ᠢ ᠪᠦᠭᠦ ᠭᠦᠴᠦᠨ ᠢᠶᠠᠷ ᠠᠳᠬᠤᠬᠤ ᠭᠡᠷᠡᠭᠳᠠᠢ᠃ ᠠᠮᠦᠷ ᠲᠦᠪᠰᠢᠨ ᠤ ᠪᠠᠶᠢᠴᠠᠭᠠᠯᠳᠠ ᠶᠢ ᠰᠠᠶᠢᠳᠦᠷ ᠬᠢᠵᠦ᠂ ᠢᠯᠡᠷᠡᠭᠦᠯᠦᠭᠰᠡᠨ ᠠᠰᠠᠭᠤᠳᠠᠯ ᠢ ᠪᠦᠭᠦᠨ ᠢ ᠲᠠᠩᠰᠠ ᠡᠪᠭᠡᠮᠡᠯ ᠳᠤ ᠤᠷᠤᠭᠤᠯᠵᠦ᠂ ᠴᠢᠩᠭ᠎ᠠ ᠪᠠᠶᠢᠴᠠᠭᠠᠨ ᠴᠡᠭᠴᠡᠯᠡᠭᠦ ᠭᠡᠷᠡᠭᠳᠠᠢ᠃ ᠶᠡᠭᠡ ᠪᠠᠶᠢᠴᠠᠭᠠᠯᠳᠠ ᠲᠤᠮᠳᠠ ᠠᠵᠢᠯ ᠢᠶᠠᠨ ᠨᠠᠶᠢᠳᠠᠪᠤᠷᠢᠵᠢᠭᠤᠯᠬᠤ ᠦᠭᠡᠢ᠂ ᠲᠦᠢᠯᠪᠤᠷᠢᠳᠠᠢ ᠪᠠᠶᠢᠴᠠᠭᠠᠬᠤ ᠦᠭᠡᠢ᠂ ᠰᠠᠶᠢᠳᠦᠷ ᠴᠡᠭᠴᠡᠯᠡᠨ ᠵᠠᠰᠠᠬᠤ ᠦᠭᠡᠢ ᠠᠴᠠ ᠪᠤᠯᠵᠦ ᠠᠳᠡᠯ ᠡᠭᠦᠰᠭᠡᠭᠰᠡᠳ ᠠᠴᠠ ᠴᠢᠩᠭ᠎ᠠ ᠬᠠᠷᠢᠭᠤᠴᠠᠯᠭ᠎ᠠ ᠨᠡᠭᠡᠮᠵᠢᠯᠡᠭᠦ ᠭᠡᠷᠡᠭᠳᠠᠢ᠃ ᠬᠢᠨᠠᠯᠳᠠ ᠬᠠᠮᠢᠶᠠᠷᠤᠯᠳᠠ ᠶᠢᠨ ᠡᠬᠢ ᠪᠠᠶᠠᠯᠢᠭ ᠢ ᠨᠢᠭᠡᠳᠭᠡᠵᠦ᠂ ᠠᠶᠦᠯᠭᠦᠢ ᠦᠢᠯᠡᠳᠪᠦᠷᠢᠯᠡᠯ ᠤᠨ ᠲᠤᠳᠠᠭᠤᠳᠠᠯ ᠢ ᠨᠦᠭᠦᠪᠦᠷᠢᠯᠡᠵᠦ᠂ ᠠᠶᠦᠯᠭᠦᠢ ᠦᠢᠯᠡᠳᠪᠦᠷᠢᠯᠡᠯ ᠤᠨ ᠤᠨᠴᠨ ᠶᠡᠭᠡ ᠠᠳᠡᠯ ᠡᠭᠦᠰᠭᠦ ᠦᠭᠡᠢ ᠪᠠᠶᠢᠬᠤ ᠶᠢ ᠪᠠᠳᠤᠯᠠᠵᠦ᠂ ᠤᠯᠠᠨ ᠲᠦᠮᠡᠨ ᠤ ᠠᠮᠢ ᠨᠠᠰᠦ ᠡᠳ᠋ ᠭᠦᠷᠦᠩᠭᠡ ᠶᠢᠨ ᠠᠮᠦᠷ ᠲᠦᠪᠰᠢᠨ ᠢ ᠪᠠᠳᠤᠯᠠᠬᠤ ᠭᠡᠷᠡᠭᠳᠠᠢ ᠭᠡᠪᠡ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号