ᠯᠦᠸᠧ ᠬᠤ᠋ ᠽᠠᠢ ᠰᠢᠯᠤᠭᠤᠨ ᠭᠦᠪᠡᠭᠡᠳᠦ ᠴᠠᠭᠠᠨ ᠬᠤᠰᠢᠭᠤ ᠲᠠᠶᠢᠹᠦᠰᠧ ᠬᠤᠰᠢᠭᠤ ᠪᠤᠯᠤᠨ ᠰᠢᠯᠤᠭᠤᠨ  ᠭᠦᠭᠡ ᠬᠤᠰᠢᠭᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠳᠠ ᠬᠢᠪᠡ
ᠨᠡᠶᠢᠲᠡᠯᠡᠭᠰᠡᠨ ᠴᠠᠭ᠄
2016/12/14
   12 ᠳ᠋ᠤᠭᠠᠷ ᠰᠠᠷ᠎ᠠ ᠶᠢᠨ 2 ᠠᠴᠠ 3 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠱᠦᠵᠢ ᠯᠦᠸᠧ ᠬᠤ᠋ ᠽᠠᠢ ᠰᠢᠯᠤᠭᠤᠨ ᠭᠦᠪᠡᠭᠡᠳᠦ ᠴᠠᠭᠠᠨ ᠬᠤᠰᠢᠭᠤ ᠲᠠᠶᠢᠹᠦᠰᠧ ᠬᠤᠰᠢᠭᠤ ᠪᠤᠯᠤᠨ ᠰᠢᠯᠤᠭᠤᠨ ᠭᠦᠭᠡ ᠬᠤᠰᠢᠭᠤᠨ ᠳᠤ ᠭᠦᠨᠵᠡᠭᠡᠶᠢᠷᠡᠵᠦ᠂ ᠶᠠᠳᠠᠭᠤ ᠶᠢ ᠲᠡᠳᠭᠦᠭᠦ ᠪᠤᠭᠤᠮᠳᠠ ᠰᠢᠪᠳᠤᠯᠬᠤ᠂ ᠭᠤᠤᠯᠳᠠᠯᠭ᠎ᠠ ᠲᠠᠢ ᠲᠦᠷᠦᠯ ᠵᠦᠢᠯ᠂ ᠬᠤᠳᠠ ᠪᠠᠯᠭᠠᠰᠤᠨ ᠤ ᠪᠦᠳᠦᠭᠡᠨ ᠪᠠᠶᠢᠭᠤᠯᠤᠯᠳᠠ᠂ ᠮᠠᠯ ᠲᠠᠷᠢᠶᠠᠯᠠᠩ ᠤᠨ ᠦᠢᠯᠡᠰ ᠵᠡᠷᠭᠡ ᠭᠤᠤᠯᠳᠠᠯᠭ᠎ᠠ ᠲᠠᠢ ᠠᠵᠢᠯ ᠢ ᠪᠠᠶᠢᠴᠠᠭᠠᠨ ᠰᠤᠳᠤᠯᠪᠠ᠃ ᠲᠡᠷᠡ ᠴᠢᠬᠤᠯᠠᠴᠢᠯᠠᠬᠤ ᠳᠠᠭᠠᠨ᠂ ᠡᠯ᠎ᠠ ᠭᠠᠵᠠᠷ ᠡᠯ᠎ᠠ ᠰᠠᠯᠠᠭ᠎ᠠ ᠮᠦᠴᠢᠷ ᠦᠪᠡᠷᠳᠡᠭᠡᠨ ᠵᠠᠰᠠᠬᠤ ᠤᠷᠤᠨ ᠤ ᠠᠷᠪᠠᠳᠤᠭᠠᠷ ᠤᠳᠠᠭ᠎ᠠ ᠶᠢᠨ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠨᠠᠶᠢᠳᠠᠪᠤᠷᠢᠵᠢᠭᠤᠯᠬᠤ ᠶᠢ ᠨᠢᠭᠡᠨ ᠴᠢᠬᠤᠯᠠ ᠤᠯᠤᠰ ᠲᠦᠷᠦ ᠶᠢᠨ ᠡᠭᠦᠷᠭᠡ ᠪᠤᠯᠭᠠᠨ ᠰᠠᠶᠢᠳᠦᠷ ᠠᠳᠬᠤᠵᠦ᠂ ᠦᠵᠡᠯ ᠰᠠᠨᠠᠭ᠎ᠠ ᠪᠠᠨ ᠨᠢᠭᠡᠳᠭᠡᠵᠦ᠂ ᠭᠦᠴᠦᠨ ᠴᠢᠳᠠᠯ ᠢᠶᠠᠨ ᠨᠢᠭᠳᠠᠷᠠᠭᠤᠯᠵᠦ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠪᠤᠯᠤᠨ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠪᠠᠶᠢᠷᠢᠯᠠᠭᠤᠯᠤᠯᠳᠠ ᠱᠠᠭᠠᠷᠳᠠᠯᠭ᠎ᠠ ᠶᠢ ᠪᠤᠳᠠᠳᠠᠢ ᠳᠤ ᠨᠠᠶᠢᠳᠠᠪᠤᠷᠢᠵᠢᠭᠤᠯᠵᠦ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠰᠠᠶᠢᠨ ᠡᠬᠢᠯᠡᠯᠳᠡ᠂ ᠠᠵᠦ ᠠᠬᠤᠢ ᠨᠡᠶᠢᠭᠡᠮ ᠤᠨ ᠭᠦᠭᠵᠢᠯᠳᠡ ᠶᠢᠨ ᠰᠢᠨ᠎ᠠ ᠪᠠᠶᠢᠳᠠᠯ ᠢ ᠡᠭᠦᠳᠭᠦ ᠭᠡᠷᠡᠭᠳᠠᠢ ᠭᠡᠪᠡ᠃
   ᠶᠠᠳᠠᠭᠤ ᠶᠢ ᠲᠡᠳᠭᠦᠭᠦ ᠪᠤᠭᠤᠮᠳᠠ ᠰᠢᠪᠳᠤᠯᠬᠤ ᠠᠵᠢᠯ ᠪᠤᠯ ᠯᠦᠸᠧ ᠬᠤ᠋ ᠽᠠᠢ ᠶᠢᠨ ᠲᠤᠰ ᠤᠳᠠᠭᠠᠨ ᠤ  ᠪᠠᠶᠢᠴᠠᠭᠠᠨ ᠰᠤᠳᠤᠯᠤᠯᠳᠠ ᠶᠢᠨ ᠭᠤᠤᠯᠳᠠᠯᠭ᠎ᠠ ᠮᠦᠨ᠃ ᠲᠡᠷᠡ ᠰᠢᠯᠤᠭᠤᠨ ᠭᠦᠪᠡᠭᠡᠳᠦ ᠴᠠᠭᠠᠨ ᠬᠤᠰᠢᠭᠤᠨ ᠤ  ᠪᠤᠯᠠᠭᠠᠨᠳᠤᠬᠤᠢ ᠰᠤᠮᠤᠨ ᠤ ᠭᠦᠨᠨᠠᠭᠤᠷ ᠭᠠᠴᠠᠭᠠᠨ ᠤ ᠬᠠᠳᠠᠪᠠᠭᠠᠳᠦᠷ᠂ ᠯᠤᠪᠰᠠᠩ᠂ ᠸᠠᠩ ᠬᠤᠸᠠ ᠵᠡᠷᠭᠡ ᠶᠠᠳᠠᠭᠤ  ᠭᠦᠴᠢᠷᠳᠡᠯᠳᠡᠢ ᠡᠷᠦᠭᠡ ᠪᠠᠷ ᠠᠰᠠᠭᠤᠨ ᠰᠤᠷᠪᠤᠯᠵᠢᠯᠠᠬᠤ ᠶᠢᠨ ᠬᠠᠮᠳᠦ᠂ ᠪᠤᠰᠤᠳ ᠶᠠᠳᠠᠭᠤ ᠭᠦᠴᠢᠷᠳᠡᠯᠳᠠᠢ  ᠡᠷᠦᠭᠡ ᠲᠠᠢ ᠶᠠᠷᠢᠯᠴᠠᠨ ᠪᠠᠶᠢᠳᠠᠯ ᠢ ᠨᠢ ᠨᠠᠷᠢᠨ ᠤᠢᠢᠯᠠᠭᠠᠪᠠ᠃ ᠯᠦᠸᠧ ᠬᠤ᠋ ᠽᠠᠢ ᠲᠡᠳᠡᠨ ᠢ ᠢᠳᠡᠭᠡᠯ ᠵᠤᠷᠢᠭ ᠢᠶᠠᠨ  ᠭᠦᠪᠴᠢᠯᠡᠵᠦ᠂ ᠨᠠᠮ ᠵᠠᠰᠠᠭ ᠤᠨ ᠤᠳᠤᠷᠢᠳᠤᠯᠭ᠎ᠠ ᠲᠤᠤᠷ᠎ᠠ᠂ ᠠᠵᠢᠯ ᠭᠦᠳᠡᠯᠮᠦᠷᠢ ᠪᠠᠷ ᠢᠶᠠᠨ ᠰᠠᠶᠢᠨ ᠰᠠᠶᠢᠬᠠᠨ ᠵᠤᠯ  ᠵᠢᠷᠭᠠᠯᠳᠦ ᠠᠮᠢᠳᠦᠷᠠᠯ ᠢᠶᠠᠨ ᠴᠤᠭᠴᠠᠯᠠᠬᠤ ᠶᠢ ᠵᠤᠷᠢᠬᠵᠢᠭᠤᠯᠪᠠ᠃ ᠲᠡᠷᠡ ᠭᠡᠯᠡᠭᠦ ᠳᠡᠭᠡᠨ᠂ ᠡᠯ᠎ᠠ ᠭᠠᠵᠠᠷ ᠡᠯ᠎ᠠ  ᠰᠠᠯᠠᠭ᠎ᠠ ᠮᠦᠴᠢᠷ ︽ᠤᠨᠢᠨ ᠲᠡᠭᠡᠷ᠎ᠠ ᠨᠢ ᠶᠠᠳᠠᠭᠤ ᠶᠢ ᠲᠡᠳᠭᠦᠭᠦ︾ ᠪᠠᠶᠢᠯᠳᠤᠬᠤ ᠪᠤᠳᠤᠯᠭ᠎ᠠ ᠶᠢ ᠭᠦᠨᠵᠡᠭᠡᠢ  ᠲᠤᠤᠱᠯᠠᠭᠤᠯᠵᠦ᠂ ︽ᠲᠠᠪᠤ ᠶᠢ ᠨᠢᠭᠡ ᠴᠤᠭᠴᠠᠵᠢᠭᠤᠯᠬᠤ︾ ᠪᠠᠶᠢᠷᠢᠯᠠᠭᠤᠯᠤᠯᠳᠠ ᠱᠠᠭᠠᠷᠳᠠᠯᠭ᠎ᠠ ᠶᠢ ᠨᠠᠷᠢᠨ ᠬᠢᠨᠠᠮᠠᠭᠠᠢ  ᠭᠡᠷᠡᠭᠵᠢᠭᠦᠯᠵᠦ᠂ ᠶᠠᠳᠠᠭᠤ ᠭᠦᠴᠢᠷᠳᠡᠯᠳᠠᠢ ᠭᠦᠮᠦᠨ ᠠᠮᠠ ᠶᠢ ᠨᠠᠷᠢᠯᠢᠭ ᠤᠨᠤᠪᠴᠢᠳᠠᠢ ᠳᠤᠬᠳᠠᠭᠠᠵᠦ᠂  ᠶᠠᠳᠠᠭᠤᠷᠠᠭᠰᠠᠨ ᠰᠢᠯᠳᠠᠭᠠᠨ ᠢ ᠤᠨᠤᠪᠴᠢᠳᠠᠢ ᠡᠷᠢᠵᠦ᠂ ᠬᠠᠪᠰᠤᠷᠤᠨ ᠲᠡᠳᠭᠦᠭᠦ ᠠᠷᠭ᠎ᠠ ᠭᠡᠮᠵᠢᠶ᠎ᠠ ᠶᠢ  ᠨᠠᠷᠢᠯᠢᠬᠵᠢᠭᠤᠯᠵᠦ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠡᠯ᠎ᠠ ᠲᠦᠷᠦᠯ ᠤᠨ  ᠪᠠᠶᠢᠷᠢᠯᠠᠭᠤᠯᠤᠯᠳᠠ ᠪᠤᠳᠠᠳᠦ ᠦᠷ᠎ᠠ ᠪᠦᠳᠦᠮᠵᠢ ᠤᠯᠬᠤ ᠶᠢ ᠪᠠᠳᠤᠯᠠᠬᠤ ᠭᠡᠷᠡᠭᠳᠠᠢ᠃ ᠲᠤᠬᠠᠢ ᠶᠢᠨ ᠭᠠᠵᠠᠷ ᠤᠨ  ᠪᠤᠳᠠᠳᠠᠢ ᠲᠠᠢ ᠤᠶᠠᠯᠳᠤᠭᠤᠯᠵᠦ᠂ ᠤᠨᠴᠠᠯᠢᠬᠳᠦ ᠠᠵᠦ ᠦᠢᠯᠡᠰ ᠢ ᠠᠳᠬᠤᠵᠦ᠂ ᠬᠠᠮᠳᠦ ᠶᠢᠨ ᠠᠵᠦ ᠠᠬᠤᠢ ᠶᠢ  ᠭᠦᠭᠵᠢᠭᠦᠯᠵᠦ᠂ ᠮᠠᠯᠴᠢᠨ ᠲᠠᠷᠢᠶᠠᠴᠢᠨ ᠤ ᠤᠷᠤᠯᠭ᠎ᠠ ᠪᠠᠨ ᠨᠡᠮᠡᠭᠳᠡᠭᠦᠯᠵᠦ ᠴᠢᠨᠡᠭᠡᠯᠢᠭᠵᠢᠭᠦᠯᠭᠦ ᠶᠢ ᠠᠬᠢᠭᠤᠯᠬᠤ  ᠭᠡᠷᠡᠭᠳᠠᠢ᠃ ᠮᠠᠯᠴᠢᠨ ᠲᠠᠷᠢᠶᠠᠴᠢᠨ ᠤ ᠲᠠᠩᠰᠠ ᠪᠤᠳᠤᠵᠦ ᠠᠳᠠᠯ ᠡᠷᠬᠢᠯᠡᠭᠦ ᠴᠢᠳᠠᠪᠤᠷᠢ ᠶᠢ ᠲᠡᠭᠡᠭᠰᠢᠯᠡᠭᠦᠯᠵᠦ᠂  ᠦᠢᠯᠡᠳᠪᠦᠷᠢᠯᠡᠯ ᠠᠮᠢᠳᠦᠷᠠᠯ ᠤᠨ ᠦᠪᠡᠷ ᠤᠨ ᠦᠷᠳᠡᠭ ᠢ ᠲᠤᠷᠤᠬᠰᠢᠯᠠᠭᠤᠯᠬᠤ ᠭᠡᠷᠡᠭᠳᠠᠢ ᠭᠡᠪᠡ᠃ ᠢᠯᠠᠩᠭᠤᠶ᠎ᠠ  ᠤᠨᠴᠠ ᠶᠠᠳᠠᠭᠤ ᠭᠦᠴᠢᠷᠳᠡᠯᠳᠠᠢ ᠡᠷᠦᠭᠡ ᠶᠢᠨ ᠲᠤᠮᠳᠠ ᠦᠨᠳᠦᠷ ᠭᠦᠦ ᠲᠠᠢ ᠵᠢᠭᠡᠯᠡᠯᠭᠡ ᠠᠪᠴᠦ ᠪᠠᠶᠢᠭ᠎ᠠ  ᠠᠰᠠᠭᠤᠳᠠᠯ ᠳᠤ ᠴᠢᠭᠯᠡᠭᠦᠯᠵᠦ᠂ ᠯᠦᠸᠧ ᠬᠤ᠋ ᠽᠠᠢ ᠤᠷᠤᠨ ᠨᠤᠳᠤᠭ ᠤᠨ ᠨᠠᠮ ᠤᠨ ᠬᠤᠷᠢᠶ᠎ᠠ᠂ ᠵᠠᠰᠠᠭ ᠤᠨ  ᠤᠷᠳᠤᠨ ᠢ ᠢᠯᠡᠭᠦᠭᠡᠨ ᠠᠷᠭ᠎ᠠ ᠪᠤᠳᠤᠵᠦ᠂ ᠭᠡᠷᠡᠭᠵᠢᠭᠦᠯᠦᠭᠦᠰᠢᠳᠠᠢ ᠠᠷᠭ᠎ᠠ ᠭᠡᠮᠵᠢᠶ᠎ᠠ ᠲᠤᠭᠳᠠᠭᠠᠨ᠂ ᠶᠠᠳᠠᠭᠤ  ᠭᠦᠴᠢᠷᠳᠡᠯᠳᠠᠢ ᠡᠷᠦᠭᠡ ᠶᠢᠨ ᠡᠨᠡᠭᠦ ᠲᠠᠷᠤᠭᠠᠰᠦ ᠶᠢ ᠭᠦᠡᠭᠭᠡᠷᠡᠭᠦᠯᠵᠦ᠂ ᠶᠠᠳᠠᠭᠤ ᠠᠴᠠ ᠠᠩᠭᠢᠵᠢᠷᠠᠭᠤᠯᠵᠦ  ᠴᠢᠨᠡᠭᠡᠯᠢᠭᠵᠢᠭᠦᠯᠭᠦ ᠭᠡᠷᠡᠭᠳᠠᠢ ᠭᠡᠵᠦ ᠱᠠᠭᠠᠷᠳᠠᠪᠠ᠃        ᠯᠦᠸᠧ ᠬᠤ᠋ ᠽᠠᠢ ᠰᠢᠯᠤᠭᠤᠨ ᠭᠦᠪᠡᠭᠡᠳᠦ ᠴᠠᠭᠠᠨ ᠬᠤᠰᠢᠭᠤᠨ ᠤ ᠵᠢᠶᠠᠨ ᠠᠨ ᠴᠸᠡᠭ ︵ᠦᠪᠤᠷ ᠮᠤᠩᠭᠤᠯ︶  ᠰᠢᠨ᠎ᠠ ᠡᠨᠧᠷᠭᠢ ᠶᠢᠨ ᠰᠢᠨᠵᠢᠯᠡᠭᠦ ᠤᠬᠠᠭᠠᠨ ᠮᠡᠷᠭᠡᠵᠢᠯ ᠤᠨ ᠬᠢᠵᠠᠭᠠᠷᠳᠦ ᠺᠤᠮᠫᠠᠨᠢ᠂ ᠲᠠᠶᠢᠹᠦᠰᠧ ᠬᠤᠰᠢᠭᠤᠨ ᠤ  ᠱᠸᠡᠭ ᠲᠠᠢ ᠡᠯ ᠡᠮ ᠤᠨ ᠮᠠᠲ᠋ᠧᠷᠢᠶᠠᠯ ᠦᠢᠯᠡᠳᠪᠦᠷᠢᠯᠡᠭᠦ ᠰᠠᠭᠤᠷᠢᠨ ᠭᠠᠵᠠᠷ᠂ ᠬᠠᠭᠠᠨ ᠤ ᠠᠳᠤᠭᠤᠨ ᠰᠤᠶᠤᠯ ᠤᠨ  ᠵᠤᠭᠠᠴᠠᠯ ᠤᠨ ᠦᠵᠡᠮᠵᠢ ᠶᠢᠨ ᠤᠷᠤᠨ ᠵᠡᠷᠭᠡ ᠠᠵᠦ ᠦᠢᠯᠡᠳᠪᠦᠷᠢ᠂ ᠵᠤᠭᠠᠴᠠᠯ᠂ ᠠᠷᠠᠳ ᠤᠨ ᠠᠮᠢᠳᠦᠷᠠᠯ ᠤᠨ  ᠭᠤᠤᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠶᠢᠨ ᠠᠬᠤᠢ ᠲᠠᠯᠠᠪᠠᠢ ᠳᠤ ᠭᠦᠷᠴᠦ᠂ ᠪᠡᠯᠡ  ᠤᠷᠤᠭᠤᠯᠤᠯᠳᠠ᠂ ᠭᠡᠪᠴᠢᠶᠡᠵᠢᠯ᠂ ᠠᠬᠢᠴᠠ ᠶᠢᠨ ᠪᠠᠶᠢᠳᠠᠯ ᠢ ᠨᠠᠷᠢᠨ ᠤᠢᠢᠯᠠᠭᠠᠵᠦ᠂ ᠡᠯ᠎ᠠ ᠭᠠᠵᠠᠷ ᠡᠯ᠎ᠠ ᠰᠠᠯᠠᠭ᠎ᠠ  ᠮᠦᠴᠢᠷ ᠢ ᠭᠤᠤᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠶᠢ ᠤᠷᠤᠭᠰᠢᠳᠠᠢ ᠠᠬᠢᠭᠤᠯᠬᠤ ᠶᠢ  ᠱᠠᠭᠠᠷᠳᠠᠪᠠ᠃    ᠲᠠᠶᠢᠹᠦᠰᠧ ᠬᠤᠰᠢᠭᠤᠨ ᠤ ᠵᠠᠯᠠᠭᠤᠴᠤᠳ ᠤᠨ ᠦᠢᠯᠡᠰ ᠪᠤᠰᠬᠠᠬᠤ ᠭᠦᠷᠢᠶᠠᠯᠠᠩ ᠳᠤ᠂ ᠯᠦᠸᠧ ᠬᠤ᠋ ᠽᠠᠢ  ᠪᠠᠶᠢᠳᠠᠯ ᠢ ᠨᠠᠷᠢᠨ ᠬᠢᠨᠠᠮᠠᠭᠠᠢ ᠤᠢᠢᠯᠠᠭᠠᠨ᠂ ᠤᠯᠤᠭᠰᠠᠨ ᠦᠷ᠎ᠠ ᠪᠦᠳᠦᠮᠵᠢ ᠶᠢ ᠨᠢ ᠭᠦᠢᠴᠡᠳ ᠨᠤᠳᠠᠯᠠᠵᠦ᠂  ᠵᠠᠯᠠᠭᠤᠴᠤᠳ ᠢ ᠦᠪᠡᠷᠳᠡᠭᠡᠨ ᠦᠢᠯᠡᠰ ᠪᠤᠰᠬᠬᠤ ᠶᠢᠨ ᠬᠠᠮᠳᠦ᠂ ᠨᠡᠩ ᠤᠯᠠᠨ ᠵᠠᠯᠠᠭᠤᠴᠤᠳ ᠢ ᠲᠠᠶᠢᠴᠢᠯᠠᠨ ᠦᠢᠯᠡᠰ  ᠪᠤᠰᠬᠠᠬᠤ ᠶᠢ ᠵᠤᠷᠢᠬᠵᠢᠭᠤᠯᠪᠠ᠃ ᠲᠡᠷᠡ ᠱᠠᠭᠠᠷᠳᠠᠬᠤ ᠳᠠᠭᠠᠨ᠂ ᠡᠯ ᠎ᠠ ᠱᠠᠳᠤᠨ ᠤ ᠨᠠᠮ ᠤᠨ ᠬᠤᠷᠢᠶ᠎ᠠ᠂ ᠵᠠᠰᠠᠭ ᠤᠨ  ᠤᠷᠳᠤᠨ ᠦᠢᠯᠡᠰ ᠪᠤᠰᠬᠠᠬᠤ ᠤᠷᠴᠢᠨ ᠲᠤᠭᠤᠷᠢᠨ ᠢ ᠲᠠᠰᠤᠷᠠᠯᠳᠠ ᠦᠭᠡᠢ ᠰᠢᠯᠢᠳᠡᠭᠵᠢᠭᠦᠯᠵᠦ᠂ ᠦᠢᠯᠡᠰ ᠪᠤᠰᠬᠠᠬᠤ  ᠤᠷᠬᠢᠯᠤᠮ᠎ᠠ ᠰᠡᠳᠬᠢᠯᠭᠡ ᠶᠢ ᠨᠢ ᠪᠠᠳᠠᠷᠠᠭᠤᠯᠵᠦ᠂ ᠦᠢᠯᠡᠰ ᠪᠤᠰᠬᠠᠬᠤ ᠰᠠᠶᠢᠨ ᠰᠠᠶᠢᠨ ᠤᠷᠴᠢᠨ ᠲᠤᠭᠤᠷᠢᠨ ᠢ  ᠪᠦᠷᠢᠯᠳᠦᠭᠦᠯᠵᠦ᠂ ᠦᠢᠯᠡᠰ ᠪᠤᠰᠬᠠᠬᠤ ᠪᠠᠷ ᠠᠵᠢᠯ ᠤᠯᠭᠤᠯᠳᠠ ᠶᠢ ᠠᠬᠢᠭᠤᠯᠬᠤ ᠭᠡᠷᠡᠭᠳᠠᠢ ᠭᠡᠪᠡ᠃     ᠯᠦᠸᠧ ᠬᠤ᠋ ᠽᠠᠢ ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠤᠷᠴᠢᠨ ᠲᠤᠭᠤᠷᠢᠨ ᠢ ᠰᠠᠶᠢᠵᠢᠷᠠᠭᠤᠯᠬᠤ ᠪᠠ  ᠮᠠᠯᠵᠢᠬᠤ ᠤᠷᠤᠨ ᠤ ᠰᠠᠭᠤᠭᠠᠯᠢ ᠠᠷᠠᠳ ᠤᠨ ᠤᠷᠴᠢᠨ ᠲᠤᠭᠤᠷᠢᠨ ᠢ ᠴᠡᠭᠴᠡᠯᠡᠨ ᠵᠠᠰᠠᠬᠤ ᠠᠵᠢᠯ ᠢ ᠲᠡᠭᠡᠳᠦ  ᠭᠡᠮᠵᠢᠶ᠎ᠠ ᠪᠠᠷ ᠴᠢᠬᠤᠯᠠᠴᠢᠯᠠᠵᠦ᠂ ᠲᠠᠶᠢᠹᠦᠰᠧ ᠬᠤᠰᠢᠭᠤᠨ ᠤ ᠡᠯ ᠎ᠠ ᠭᠠᠵᠠᠷ ᠢᠶᠠᠷ ᠭᠦᠷᠴᠦ᠂ ᠪᠠᠶᠢᠳᠠᠯ ᠢ ᠤᠢᠢᠯᠠᠭᠠᠪᠠ  ᠃          ᠲᠡᠷᠡ ᠵᠢᠭᠠᠬᠤ ᠳᠠᠭᠠᠨ᠂ ᠡᠯ ᠎ᠠ ᠭᠠᠵᠠᠷ ᠡᠯ᠎ᠠ ᠰᠠᠯᠠᠭ᠎ᠠ ᠮᠦᠴᠢᠷ ᠭᠦᠮᠦᠨ ᠢᠶᠠᠷ ᠦᠨᠳᠦᠰᠦ ᠪᠤᠯᠭᠠᠬᠰᠠᠨ ᠰᠢᠨ᠎ᠠ  ᠭᠡᠯᠪᠡᠷᠢ ᠶᠢᠨ ᠬᠤᠳᠠ ᠪᠠᠯᠭᠠᠰᠤᠵᠢᠯᠳᠠ ᠶᠢᠨ ᠪᠦᠳᠦᠭᠡᠨ ᠪᠠᠶᠢᠭᠤᠯᠤᠯᠳᠠ ᠶᠢ ᠰᠠᠶᠢᠳᠦᠷ ᠠᠳᠬᠤᠨ ᠲᠡᠰ ᠲᠡᠪᠰᠢᠭᠦᠯᠵᠦ  ᠂ ᠠᠵᠢᠯᠯᠠᠵᠦ ᠠᠮᠢᠳᠦᠷᠠᠬᠤ ᠳᠤ ᠲᠠᠭᠠᠯᠠᠮᠵᠢᠳᠠᠢ ᠤᠷᠴᠢᠨ ᠲᠤᠭᠤᠷᠢᠨ ᠢ ᠡᠭᠦᠳᠭᠦ ᠭᠡᠷᠡᠭᠳᠠᠢ᠃ ᠮᠠᠯᠵᠢᠬᠤ ᠲᠠᠷᠢᠶᠠᠯᠠᠬᠤ  ᠤᠷᠤᠨ ᠤ ᠪᠤᠯᠪᠠᠰᠤᠨ ᠤ ᠪᠠᠶᠢᠭᠤᠯᠤᠯᠳᠠ ᠶᠢ ᠴᠢᠩᠭᠠᠳᠬᠠᠵᠦ᠂ ᠰᠢᠨ᠎ᠠ ᠮᠠᠯᠵᠢᠬᠤ ᠲᠠᠷᠢᠶᠠᠯᠠᠬᠤ ᠤᠷᠤᠨ ᠤ ᠪᠦᠳᠦᠭᠡᠨ  ᠪᠠᠶᠢᠭᠤᠯᠤᠯᠳᠠ ᠶᠢᠨ ᠤᠷᠳᠤ ᠬᠤᠭᠤᠴᠠᠭᠠᠨ ᠤ ᠪᠦᠳᠦᠮᠵᠢᠳᠦ ᠲᠤᠭᠳᠠᠴᠠ ᠶᠢ ᠪᠠᠶᠢᠭᠤᠯᠬᠤ ᠭᠡᠷᠡᠭᠳᠠᠢ ᠭᠡᠪᠡ᠃        ᠯᠦᠸᠧ ᠬᠤ᠋ ᠽᠠᠢ ᠴᠢᠬᠤᠯᠠᠴᠢᠯᠠᠬᠤ ᠳᠠᠭᠠᠨ᠂ ᠡᠯ ᠎ᠠ ᠭᠠᠵᠠᠷ ᠡᠯ᠎ᠠ ᠰᠠᠯᠠᠭ᠎ᠠ ᠮᠦᠴᠢᠷ ᠦᠪᠡᠷᠳᠡᠭᠡᠨ ᠵᠠᠰᠠᠬᠤ  ᠤᠷᠤᠨ ᠤ ᠠᠷᠪᠠᠳᠤᠭᠠᠷ ᠤᠳᠠᠭ᠎ᠠ ᠶᠢᠨ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠵᠤᠷᠢᠭ ᠰᠠᠨᠠᠭ᠎ᠠ ᠪᠠᠷ  ᠵᠢᠯᠤᠭᠤᠳᠤᠯᠭ᠎ᠠ ᠪᠤᠯᠭᠠᠵᠦ᠂ ᠤᠳᠤᠬᠠᠨ ᠤ ᠡᠯ᠎ᠠ ᠲᠦᠷᠦᠯ ᠤᠨ ᠭᠤᠤᠯᠳᠠᠯᠭ᠎ᠠ ᠲᠠᠢ ᠠᠵᠢᠯ ᠢ ᠯᠠᠪᠳᠠᠭᠤᠨ ᠪᠠᠳᠤᠳᠠᠢ  ᠰᠠᠶᠢᠳᠦᠷ ᠬᠢᠭᠦ ᠭᠡᠷᠡᠭᠳᠠᠢ᠃          ᠭᠦᠭᠵᠢᠭᠦᠯᠦᠯᠳᠡ ᠪᠤᠯ ᠨᠢᠭᠡᠳᠦᠭᠡᠷ ᠴᠢᠬᠤᠯᠠ ᠡᠭᠦᠷᠭᠡ ᠭᠡᠳᠡᠭ ᠢ ᠭᠤᠶᠢᠪᠢᠰᠢ ᠦᠭᠡᠢ ᠪᠠᠷᠢᠮᠳᠠᠯᠠᠵᠦ᠂ ᠠᠵᠦ  ᠠᠬᠤᠢ ᠶᠢᠨ ᠭᠦᠭᠵᠢᠯᠳᠡ ᠶᠢᠨ ᠭᠡᠯᠪᠡᠷᠢ ᠶᠢ ᠬᠤᠪᠢᠷᠠᠭᠤᠯᠵᠦ᠂ ᠠᠵᠦ ᠦᠢᠯᠡᠰ ᠤᠨ ᠪᠦᠳᠦᠴᠡ ᠶᠢ ᠢᠳᠡᠪᠬᠢᠳᠠᠢ  ᠲᠤᠬᠢᠷᠠᠭᠤᠯᠵᠦ᠂ ᠰᠠᠭᠤᠷᠢ ᠲᠦᠭᠦᠭᠡᠷᠦᠮᠵᠢ ᠶᠢᠨ ᠲᠠᠯ᠎ᠠ ᠪᠠᠷ ᠬᠢ ᠲᠤᠳᠠᠭᠤᠳᠠᠯ ᠢ ᠨᠦᠭᠦᠪᠦᠷᠢᠯᠡᠭᠦ ᠭᠡᠷᠡᠭᠳᠠᠢ᠃  ᠭᠤᠤᠯᠳᠠᠯᠭ᠎ᠠ ᠲᠠᠢ ᠠᠮᠢ ᠠᠬᠤᠢ ᠶᠢᠨ ᠪᠦᠳᠦᠭᠡᠨ ᠪᠠᠶᠢᠭᠤᠯᠤᠯᠳᠠ ᠶᠢᠨ ᠢᠨᠵᠧᠨᠧᠷᠢᠩ ᠢ ᠰᠠᠶᠢᠳᠦᠷ ᠵᠤᠬᠢᠶᠠᠨ  ᠪᠠᠶᠢᠭᠤᠯᠤᠨ ᠨᠠᠶᠢᠳᠠᠪᠤᠷᠢᠵᠢᠭᠤᠯᠵᠦ᠂ ᠤᠷᠴᠢᠨ ᠲᠤᠭᠤᠷᠢᠨ ᠤ ᠬᠠᠮᠠᠭᠠᠯᠠᠯᠳᠠ ᠶᠢᠨ ᠬᠠᠮᠤᠭ ᠴᠢᠩᠭ᠎ᠠ ᠠᠷᠭ᠎ᠠ  ᠭᠡᠮᠵᠢᠶ᠎ᠠ ᠶᠢ ᠨᠠᠶᠢᠳᠠᠪᠤᠷᠢᠵᠢᠭᠤᠯᠬᠤ ᠭᠡᠷᠡᠭᠳᠠᠢ᠃ ᠠᠷᠠᠳ ᠤᠨ ᠠᠮᠢᠳᠦᠷᠠᠯ ᠢ ᠪᠠᠳᠤᠯᠠᠨ ᠰᠠᠶᠢᠵᠢᠷᠠᠭᠤᠯᠵᠦ᠂   ᠨᠡᠶᠢᠭᠡᠮ ᠤᠨ ᠠᠮᠤᠷ ᠲᠤᠭᠳᠠᠭᠤᠨ ᠢ ᠬᠠᠮᠠᠭᠠᠯᠠᠵᠦ᠂ ︽ᠠᠮᠤᠭᠤᠯᠠᠩ ᠰᠢᠯᠢ ᠶᠢᠨ ᠭᠤᠤᠯ︾ ᠢ ᠪᠦᠳᠦᠭᠡᠨ ᠪᠠᠶᠢᠭᠤᠯᠬᠤ  ᠭᠡᠷᠡᠭᠳᠠᠢ᠃ ᠡᠨᠡ ᠵᠢᠯ ᠤᠨ ᠡᠭᠦᠷᠭᠡ ᠬᠠᠷᠠᠯᠳᠡ ᠪᠠᠨ ᠰᠠᠶᠢᠳᠦᠷ ᠪᠡᠶᠡᠯᠡᠭᠦᠯᠵᠦ᠂ ᠢᠷᠡᠭᠦ ᠵᠢᠯ ᠤᠨ ᠡᠯ᠎ᠠ ᠲᠦᠷᠦᠯ ᠤᠨ  ᠭᠤᠤᠯᠳᠠᠯᠭ᠎ᠠ ᠲᠠᠢ ᠠᠵᠢᠯ ᠡᠭᠦᠷᠭᠡ ᠶᠢ ᠡᠷᠳᠡ ᠠᠴᠠ ᠰᠤᠳᠤᠯᠤᠨ ᠲᠦᠯᠦᠪᠵᠢᠭᠦᠯᠵᠦ᠂ ᠢᠷᠡᠭᠦ ᠵᠢᠯ ᠤᠨ ᠠᠵᠢᠯ ᠢᠶᠠᠨ  ᠰᠠᠶᠢᠨ ᠡᠬᠢᠯᠡᠯᠳᠡ ᠲᠠᠢ ᠪᠤᠯᠭᠠᠬᠤ ᠭᠡᠷᠡᠭᠳᠠᠢ ᠭᠡᠪᠡ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ 
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号