ᠰᠢᠯᠤᠭᠤᠨ ᠬᠦᠪᠡᠬᠡᠳᠦ ᠴᠠᠭᠠᠨ ᠬᠤᠰᠢᠭᠤ ᠰᠢᠯᠢᠳᠡᠭ ᠡᠬᠦᠯᠳᠡᠷ ᠤᠨ ᠦᠬᠡᠷ ᠬᠤᠨᠢ ᠮᠠᠯᠵᠢᠬᠤ ᠰᠠᠭᠤᠷᠢᠨ ᠭᠠᠵᠠᠷ ᠤᠨ ᠲᠦᠷᠥᠯ ᠵᠦᠢᠯ ᠤᠨ ᠵᠦᠪᠳᠡᠯᠴᠡᠭᠡᠷ ᠲᠤᠭᠳᠠᠪᠠ
ᠨᠡᠶᠢᠲᠡᠯᠡᠭᠰᠡᠨ ᠴᠠᠭ᠄
2016/12/14
    ᠤᠶᠢᠷ᠎ᠠ ᠳᠤ᠂ ᠰᠢᠯᠤᠭᠤᠨ ᠬᠦᠪᠡᠬᠡᠳᠦ ᠴᠠᠭᠠᠨ ᠬᠤᠰᠢᠭᠤ ᠰᠢᠯᠢ ᠶᠢᠨ ᠭᠤᠣᠯ ᠠᠶᠢᠮᠠᠭ ᠤᠨ ᠵᠢᠢ ᠶᠤᠸᠠᠨ ᠲᠠᠷᠢᠶᠠᠯᠠᠩ ᠮᠠᠯ ᠠᠵᠦ ᠠᠬᠤᠢ ᠶᠢᠨ ᠬᠦᠭᠵᠢᠯᠳᠠ ᠶᠢᠨ ᠬᠢᠵᠠᠭᠠᠷᠳᠡᠢ ᠬᠠᠷᠢᠭᠤᠴᠠᠯᠭᠠᠳᠦ ᠺᠤᠮᠫᠠᠨᠢ ᠪᠤᠯᠤᠨ ᠦᠪᠥᠷ ᠮᠤᠩᠭᠤᠯ ᠤᠨ ᠵᠦᠡᠭ ᠷᠦᠢ ᠸᠠᠨ ᠯᠦᠡᠭ ᠪᠡᠯᠡ ᠤᠷᠤᠭᠤᠯᠤᠯᠳᠠ ᠶᠢᠨ ᠬᠠᠮᠢᠶᠠᠷᠤᠯᠳᠠ ᠶᠢᠨ ᠬᠢᠵᠠᠭᠠᠷᠳᠦ ᠺᠤᠮᠫᠠᠨᠢ ᠲᠠᠢ ᠰᠢᠯᠢᠳᠡᠭ ᠡᠬᠦᠯᠳᠡᠷ ᠤᠨ ᠦᠬᠡᠷ ᠬᠤᠨᠢ ᠮᠠᠯᠵᠢᠬᠤ ᠰᠠᠭᠤᠷᠢᠨ ᠭᠠᠵᠠᠷ ᠤᠨ ᠲᠦᠷᠥᠯ ᠵᠦᠢᠯ ᠤᠨ ᠵᠦᠪᠳᠡᠯᠴᠡᠭᠡᠷ ᠲᠤᠭᠳᠠᠪᠠ᠃     ᠲᠤᠰ ᠤᠳᠠᠭᠠᠨ ᠤ PPP ᠲᠦᠷᠥᠯ ᠵᠦᠢᠯ ᠤᠨ ᠵᠦᠪᠳᠡᠯᠴᠡᠬᠡᠷ ᠲᠤ 1 ᠳ᠋ᠦᠡᠭᠰᠢᠭᠤᠷ ᠲᠦᠬᠦᠷᠢᠭ ᠤᠨ ᠪᠡᠯᠡ ᠤᠷᠤᠭᠤᠯᠬᠤ ᠪᠠᠷ ᠲᠦᠯᠥᠪᠯᠡᠵᠦ᠂ ᠠᠩᠬᠢᠰ ᠬᠠᠷ᠎ᠠ ᠦᠬᠡᠷ᠂ ᠲᠠᠯ᠎ᠠ ᠨᠤᠳᠤᠭ ᠤᠨ ᠸᠠᠬᠢᠶᠤ᠋ ᠦᠬᠡᠷ᠂ ᠴᠠᠬᠠᠷ ᠬᠤᠨᠢᠨ ᠤ ᠦᠷ᠎ᠡ ᠶᠢᠨ ᠮᠠᠯ ᠤᠨ ᠰᠠᠭᠤᠷᠢᠨ ᠢ ᠪᠠᠶᠢᠭᠤᠯᠤᠨ᠎ᠠ᠃ ᠰᠠᠭᠤᠷᠢᠨ ᠭᠠᠵᠠᠷ ᠲᠤ ᠠᠩᠬᠢᠰ ᠬᠠᠷ᠎ᠠ ᠦᠬᠡᠷ ᠤᠨ ᠭᠤᠤᠯ ᠰᠦᠷᠥᠭ ᠤᠨ ᠰᠠᠭᠤᠷᠢᠨ ᠭᠠᠵᠠᠷ 2᠂ ᠸᠠᠬᠢᠶᠤ᠋ ᠦᠬᠡᠷ ᠲᠡᠵᠢᠭᠡᠨ ᠦᠷᠡᠵᠢᠬᠦᠯᠬᠦ ᠰᠠᠭᠤᠷᠢᠨ ᠭᠠᠵᠠᠷ 1᠂ ᠲᠡᠬᠡᠳᠦ ᠲᠡᠰ ᠤᠨ ᠶᠠᠫᠤᠨ ᠡᠬᠦᠯᠳᠡᠷ ᠤᠨ ᠸᠠᠬᠢᠶᠤ᠋ ᠦᠬᠡᠷ ᠤᠨ ᠦᠷ᠎ᠡ ᠬᠠᠨᠭ᠍ᠭᠠᠬᠤ ᠦᠷᠳᠡᠭᠡ 1᠂ ᠮᠠᠯ ᠤᠨ ᠠᠷᠠᠯᠵᠢᠶᠠᠨ ᠤ ᠲᠦᠪ 1᠂ ᠬᠡᠷ ᠪᠦᠯᠢ ᠶᠢᠨ ᠮᠠᠯᠵᠢᠯ ᠤᠨ ᠲᠠᠯᠠᠪᠠᠢ 30 ᠶᠢ ᠪᠠᠶᠢᠭᠤᠯᠵᠦ᠂ 100 ᠡᠷᠥᠬᠡ ᠶᠢ ᠬᠠᠮᠳᠦᠷᠠᠯᠴᠠᠭᠠᠨ ᠤ ᠡᠷᠥᠬᠡ ᠪᠤᠯᠭᠠᠵᠦ᠂ ᠪᠤᠯᠪᠠᠰᠣᠷᠠᠯ ᠤᠨ ᠲᠦᠪ ᠵᠢᠴᠢ ᠣᠷᠭᠠᠨᠢᠭ ᠪᠤᠷᠳᠤᠭ᠎ᠠ ᠢᠰᠬᠡᠬᠦ ᠦᠢᠯᠡᠳᠪᠤᠷᠢ 1 ᠶᠢ ᠪᠠᠶᠢᠭᠤᠯᠬᠤ ᠪᠤᠯᠤᠨ᠎ᠠ᠃ ᠰᠠᠭᠤᠷᠢᠨ ᠭᠠᠵᠠᠷ ᠲᠤ ᠬᠦᠪᠥᠷᠡᠯ ᠰᠢᠯᠵᠢᠬᠦᠯᠬᠦ ᠪᠠ ᠢᠴᠡᠬᠡᠯ ᠦᠷ᠎ᠡ ᠶᠢᠨ ᠭᠡᠭᠡᠯᠳᠦᠬᠦᠯᠭᠡ᠂ ᠡᠷᠯᠢᠰᠠᠵᠢᠬᠦᠯᠬᠦ ᠵᠡᠷᠬᠡ ᠬᠡᠯᠪᠡᠷᠢ ᠪᠠᠷ ᠰᠢᠯᠢᠳᠡᠭ ᠡᠬᠦᠯᠳᠡᠷ ᠤᠨ ᠬᠤᠨᠢ ᠶᠢ ᠦᠷᠡᠵᠢᠬᠦᠯᠵᠦ ᠂ ︽ᠺᠤᠮᠫᠠᠨᠢ + ᠬᠤᠷᠰᠢᠶᠠᠵᠢᠯ + ᠬᠡᠷ ᠪᠦᠯᠢ ᠶᠢᠨ ᠮᠠᠯᠵᠢᠯ ᠤᠨ ᠲᠠᠯᠠᠪᠠᠢ︾ ᠶᠢᠨ ᠵᠠᠭᠪᠤᠷ ᠢᠶᠠᠷ᠂ ᠬᠡᠰᠡᠭ ᠶᠠᠳᠠᠭᠤ ᠬᠦᠴᠢᠷᠳᠠᠢ ᠡᠷᠥᠬᠡ ᠶᠢ ᠬᠤᠷᠰᠢᠶᠠᠵᠢᠯ ᠳᠤ ᠤᠷᠤᠭᠤᠯᠵᠦ᠂ ᠤᠶᠢᠷ᠎ᠠ ᠬᠠᠪᠢ ᠶᠢᠨ ᠮᠠᠯᠵᠢᠬᠤ ᠡᠷᠥᠬᠡ ᠶᠢᠨ ᠰᠢᠯᠢᠳᠡᠭ ᠡᠬᠦᠯᠳᠡᠷ ᠤᠨ ᠦᠬᠡᠷ ᠬᠤᠨᠢ ᠮᠠᠯᠵᠢᠬᠤ ᠶᠢ ᠲᠠᠶᠢᠴᠢᠯᠠᠨ᠂ ᠮᠠᠯ ᠠᠵᠦ ᠠᠬᠤᠢ ᠶᠢᠨ ᠦᠢᠯᠡᠳᠪᠤᠷᠢᠯᠡᠯ ᠤᠨ ᠤᠷᠤᠯᠭ᠎ᠠ ᠶᠢ ᠨᠡᠮᠡᠭᠳᠡᠬᠦᠯᠬᠦ ᠪᠤᠯᠤᠨ᠎ᠠ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号