ᠬᠤᠤᠰ ᠬᠡᠯᠡᠨ ᠤ ᠦᠢᠯᠡᠴᠢᠯᠡᠭᠡ ᠬᠠᠮᠤᠭ ᠤᠯᠠᠠ ᠤ ᠪᠠᠭ᠋ᠠᠷᠬᠠᠯ - ᠥᠪᠡᠷᠲᠡᠭᠡᠨ ᠵᠠᠰᠠᠬᠤ ᠤᠷᠤᠨ ᠤ ᠳᠦᠷᠪᠡᠳᠦᠭᠡᠷ ᠤᠳᠠᠭᠠᠨ ᠤ ᠮᠤᠩᠭᠤᠯ ᠬᠡᠯᠡ ᠪᠢᠴᠢᠭ ᠤᠨ ᠠᠵᠢᠯ ᠤᠨ ᠳᠤᠷᠰᠢᠯᠭ᠎ᠠ ᠰᠤᠯᠢᠯᠴᠠᠬᠤ ᠬᠤᠷᠠᠯ ᠢ  ᠳᠠᠳᠠᠯᠠᠯ
ᠨᠡᠶᠢᠲᠡᠯᠡᠭᠰᠡᠨ ᠴᠠᠭ᠄
2016/12/16
    ᠠᠶᠢᠮᠠᠭ ᠤᠨ ᠮᠤᠩᠭᠤᠯ ᠡᠮᠨᠡᠯᠬᠡ ᠶᠢᠨ ᠬᠤᠷᠢᠶᠠᠨ ᠤ ᠠᠮᠤᠷ ᠢ ᠬᠠᠮᠠᠭᠠᠯᠠᠭᠴᠢ ᠠᠴᠠ ᠠᠵᠢᠯᠳᠠᠨ ᠬᠦᠷᠳᠡᠯ᠎ᠡ ᠪᠦᠷ ᠮᠤᠩᠭᠤᠯ ᠬᠢᠳᠠᠳ ᠬᠤᠤᠰ ᠬᠡᠯᠡ ᠪᠠᠷ ᠦᠢᠯᠡᠴᠢᠯᠡᠵᠤ᠂ ᠡᠮᠨᠡᠯᠭᠡ ᠶᠢᠨ ᠬᠤᠷᠢᠶᠠᠠ ᠤ ᠦᠨᠴᠦᠭ ᠪᠤᠯᠤᠩ ᠳᠤ ᠨᠠᠭᠠᠵᠤ ᠡᠯᠭᠦᠭᠰᠡᠡ ᠲᠤᠳᠤᠷᠬᠠᠢᠢᠯᠠᠯᠳᠠ ᠶᠢᠨ ᠫᠠᠶᠢᠰᠠ ᠢᠯᠡᠷᠭᠡᠶᠢᠯᠡᠯ ᠢᠶᠠᠨ ᠪᠦᠷ ᠮᠤᠩᠭᠤᠯ ᠭᠢᠳᠠᠤᠨ ᠬᠤᠤᠰ ᠭᠡᠯᠡ ᠪᠠᠷ ᠪᠢᠴᠢᠵᠤ᠂ ᠯᠠᠪᠯᠠᠠ ᠠᠰᠠᠭᠤᠬᠤ ᠲᠠᠪᠴᠠᠩ ᠳᠤ ᠰᠤᠪᠢᠯᠠᠬᠴᠢ ᠠᠴᠠ ᠮᠤᠩᠭᠤᠯ ᠭᠡᠯᠡ ᠪᠠᠷ ᠲᠤᠳᠤᠨᠤ ᠦᠢᠯᠡᠴᠢᠯᠡᠵᠤ᠂ ᠠᠳᠠ ᠮᠤᠩᠭᠤᠯ ᠦᠬᠡ ᠭᠡᠯᠡ ᠦᠰᠦᠭ ᠪᠢᠴᠢᠭ ᠢᠶᠠᠨ ᠦᠷᠭᠡᠡ ᠢᠶᠠᠷ ᠭᠦᠨᠳᠤᠤᠨᠭᠡᠡ ᠭᠡᠷᠡᠭᠯᠡᠵᠤ ᠪᠠᠶᠢᠬᠤ ᠨᠢ ᠢᠯᠡᠭᠡᠡ    ᠠᠶᠢᠮᠠᠭ ᠤᠨ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠦᠪ ᠨᠢ ᠮᠤᠩᠭᠤᠯ ᠬᠢᠳᠠᠳ ᠬᠤᠤᠰ ᠬᠡᠯᠡᠨ ᠤ ᠦᠢᠯᠡᠴᠢᠯᠡᠬᠡᠨ ᠤ ᠲᠡᠪᠴᠡᠩ ᠲᠤᠬᠢᠷᠠᠭᠤᠯᠤᠨ᠂ ᠬᠤᠤᠰ ᠬᠡᠯᠡ ᠪᠠᠷ ᠦᠢᠯᠡᠴᠢᠯᠡᠬᠦ ᠠᠵᠢᠯ ᠤᠨ ᠪᠠᠶᠢᠷᠢ ᠬᠠᠨᠭ᠍ᠭᠠᠵᠤ᠂ ᠦᠢᠯᠡᠴᠢᠯᠡᠬᠡᠨ ᠤ ᠲᠦᠪ ᠤᠨ ᠶᠡᠭᠡ ᠲᠢᠩᠭᠢᠮ ᠤᠨ ᠵᠢᠭᠠᠯᠳᠠ ᠲᠡᠮᠳᠡᠭ ᠠᠴᠠ ᠦᠢᠯᠡᠴᠢᠯᠡᠬᠡᠨ ᠤ ᠲᠦᠷᠦᠯ ᠵᠦᠢᠯ ᠤᠨ ᠫᠠᠶᠢᠰᠠ ᠢᠯᠡᠷᠬᠡᠶᠢᠯᠡᠯ ᠬᠦᠷᠳᠡᠯ᠎ᠡ ᠪᠦᠷ ᠮᠤᠩᠭᠤᠯ ᠬᠢᠳᠠᠳ ᠬᠤᠤᠰ ᠬᠡᠯᠡ ᠶᠢ ᠵᠡᠷᠭᠡᠪᠡᠷ ᠬᠡᠷᠡᠭᠯᠡᠵᠤ᠂ ᠠᠷᠠᠳ ᠤᠯᠠᠨ ᠳᠤ ᠤᠯᠠᠨ ᠲᠠᠯ᠎ᠠ ᠶᠢᠨ ᠦᠢᠯᠡᠴᠢᠯᠡᠭᠡ ᠬᠠᠨᠭ᠍ᠭᠠᠨ᠎ᠠ᠃     ᠵᠡᠬᠡᠯᠢ ᠭᠤᠳᠤᠮᠵᠢ ᠶᠢᠨ ᠡᠯ᠎ᠡ ᠲᠦᠷᠦᠯ ᠤᠨ ᠫᠠᠶᠢᠰᠠ ᠢᠯᠡᠷᠬᠡᠶᠢᠯᠡᠯ᠂ ᠴᠤᠩᠬᠤᠪᠴᠢ ᠪᠠᠶᠢᠭᠤᠯᠭ᠎ᠠ ᠶᠢᠨ ᠦᠢᠯᠡᠴᠢᠯᠡᠭᠡ᠂ ᠨᠡᠶᠢᠭᠡᠮ ᠲᠤᠭᠤᠷᠢᠭ ᠁ ᠠᠷᠠᠳ ᠤᠯᠠᠨ ᠤ ᠬᠠᠮᠢᠶᠠᠳᠠᠬᠤ ᠬᠦᠷᠢᠶ᠎ᠡ ᠬᠡᠪᠴᠢᠶᠡᠨ ᠳᠤ ᠮᠤᠩᠭᠤᠯ ᠬᠢᠳᠠᠳ ᠬᠤᠤᠰ ᠬᠡᠯᠡᠨ ᠤ ᠦᠢᠯᠡᠴᠢᠯᠡᠭᠡ ᠪᠤᠯᠤᠨ ᠵᠢᠭᠠᠯᠳᠠ ᠲᠡᠮᠳᠡᠭ ᠨᠢ ᠬᠦᠮᠦᠰ ᠲᠤ ᠰᠢᠯᠢᠳᠡᠭ ᠦᠢᠯᠡᠴᠢᠯᠡᠭᠡ ᠬᠠᠨᠭ᠍ᠭᠠᠵᠤ ᠪᠠᠶᠢᠨ᠎ᠠ᠃     ᠦᠪᠡᠷᠳᠡᠭᠡᠨ ᠵᠠᠰᠠᠬᠤ ᠤᠷᠤᠨ ᠤ ᠲᠦᠷᠪᠡᠳᠦᠭᠡᠷ ᠤᠳᠠᠭᠠᠨ ᠤ ᠮᠤᠩᠭᠤᠯ ᠬᠡᠯᠨ ᠪᠢᠴᠢᠭ ᠤᠨ ᠠᠵᠢᠯ ᠤᠨ ᠲᠤᠷᠰᠢᠯᠭ᠎ᠠ ᠰᠤᠯᠢᠯᠴᠠᠬᠤ ᠬᠤᠷᠠᠯ ᠤᠨ ᠬᠤᠭᠤᠴᠠᠭᠠᠨ ᠳᠤ᠂ ᠮᠠᠨ ᠤ ᠠᠶᠢᠮᠠᠭ ᠲᠤ ᠲᠤᠭᠤᠷᠢᠨ ᠰᠤᠷᠤᠯᠴᠠᠬᠤ ᠪᠠᠷ ᠢᠷᠡᠭᠰᠡᠳ ᠮᠠᠨ ᠤ ᠠᠶᠢᠮᠠᠭ ᠤᠨ ᠮᠤᠩᠭᠤᠯ ᠦᠬᠡ ᠬᠡᠯᠡ ᠦᠰᠦᠭ ᠪᠢᠴᠢᠭ ᠤᠨ ᠠᠵᠢᠯ ᠤᠨ ᠠᠮᠵᠢᠯᠳᠠ ᠶᠢ ᠭᠠᠶᠢᠬᠠᠨ ᠪᠠᠭ᠋ᠠᠳᠤᠵᠤ᠂ ᠪᠦᠭᠦᠳᠡᠭᠡᠷ᠄ ︽ᠰᠢᠯᠢ ᠶᠢᠨ ᠭᠤᠤᠯ ᠠᠶᠢᠮᠠᠭ ᠮᠤᠩᠭᠤᠯ ᠬᠢᠳᠠᠳ ᠬᠤᠶᠠᠷ ᠬᠡᠯᠡ ᠶᠢ ᠵᠡᠷᠭᠡᠪᠡᠷ ᠬᠡᠷᠡᠭᠯᠡᠵᠤ᠂ ᠮᠤᠩᠭᠤᠯ ᠦᠬᠡ ᠬᠡᠯᠡ ᠦᠰᠦᠭ ᠪᠢᠴᠢᠭ ᠤᠨ ᠠᠵᠢᠯ ᠢ ᠰᠠᠶᠢᠨ ᠬᠢᠵᠤ ᠪᠠᠶᠢᠨ᠎ᠠ︾ ᠭᠡᠵᠤ ᠰᠡᠳᠬᠢᠯ ᠨᠢᠭᠡᠳᠡᠢ ᠶᠠᠷᠢᠵᠠᠭᠠᠵᠤ ᠪᠠᠶᠢᠯ᠎ᠠ᠃     ᠰᠢᠯᠢ ᠶᠢᠨ ᠬᠤᠳᠠ ᠶᠢᠨ ᠲᠠᠪᠰᠢᠯᠳᠠ ᠨᠡᠶᠢᠭᠡᠮ ᠲᠤᠭᠤᠷᠢᠭ ᠲᠤ ᠪᠤᠭᠤᠳᠤ ᠬᠤᠳᠠ ᠶᠢᠨ ᠦᠨᠳᠦᠰᠦᠳᠡᠨ ᠤ ᠵᠦᠪᠯᠡᠯ ᠤᠨ ᠮᠤᠩᠭᠤᠯ ᠬᠡᠯᠡ ᠪᠢᠴᠢᠭ ᠤᠨ ᠠᠵᠢᠯ ᠤᠨ ᠰᠠᠯᠠᠭ᠎ᠠ ᠶᠢᠨ ᠲᠠᠷᠤᠭ᠎ᠠ ᠭᠡᠷᠡᠯᠳᠤᠶᠠᠭ᠎ᠠ ᠨᠡᠶᠢᠭᠡᠮ ᠲᠤᠭᠤᠷᠢᠭ ᠤᠨ ᠬᠠᠨ᠎ᠠ ᠲᠡᠭᠡᠷ᠎ᠡ ᠡᠯᠬᠦᠭᠡᠰᠦᠳᠡᠢ ᠮᠤᠩᠭᠤᠯ ᠬᠢᠳᠠᠳ ᠬᠤᠤᠰ ᠬᠡᠯᠡ ᠪᠠᠷ ᠪᠢᠴᠢᠭᠰᠡᠨ ᠵᠢᠭᠠᠯᠳᠠ ᠲᠡᠮᠳᠡᠭ ᠪᠤᠯᠤᠨ ᠪᠤᠯᠪᠠᠰᠤᠨ ᠰᠤᠷᠳᠠᠯ ᠢ ᠡᠷᠬᠢᠮᠯᠡᠬᠦ ᠤᠬᠠᠭᠤᠯᠭ᠎ᠠ ᠶᠢᠨ ᠳᠠᠪᠴᠠᠩ ᠢ ᠨᠠᠷᠢᠨ ᠬᠢᠨᠠᠮᠠᠭᠠᠢ ᠦᠵᠡᠬᠦ ᠶᠢᠨ ᠬᠠᠮᠳᠤ ᠰᠡᠭᠦᠳᠡᠷ ᠲᠠᠳᠠᠨ᠎ᠡ᠃ ︽ᠡᠨᠡ ᠤᠳᠠᠭᠠᠨ ᠤ ᠶᠡᠭᠡ ᠬᠤᠷᠠᠯ ᠤᠨ ᠲᠤᠬᠢᠶᠠᠯ ᠢᠶᠠᠷ᠂ ᠰᠢᠯᠢ ᠶᠢᠨ ᠭᠤᠤᠯ ᠳᠤ ᠢᠷᠡᠵᠤ ᠮᠤᠩᠭᠤᠯ ᠦᠬᠡ ᠬᠡᠯᠡ ᠦᠰᠦᠭ ᠪᠢᠴᠢᠭ ᠤᠨ ᠠᠵᠢᠯ ᠢ ᠲᠤᠭᠤᠷᠢᠨ ᠰᠤᠷᠤᠯᠴᠠᠵᠤ᠂ ᠮᠠᠰᠢ ᠤᠯᠠᠨ ᠶᠠᠭᠤᠮ᠎ᠠ ᠦᠵᠡᠵᠤ ᠰᠤᠷᠤᠯ᠎ᠠ᠂ ᠰᠢᠯᠢ ᠶᠢᠨ ᠭᠤᠤᠯ ᠠᠶᠢᠮᠠᠭ ᠮᠤᠩᠭᠤᠯ ᠦᠬᠡ ᠬᠡᠯᠡ ᠦᠰᠦᠭ ᠪᠢᠴᠢᠭ ᠤᠨ ᠠᠵᠢᠯ ᠢ ᠮᠠᠰᠢ ᠰᠠᠶᠢᠨ ᠬᠢᠵᠤ ᠪᠠᠶᠢᠨ᠎ᠠ᠂ ᠨᠡᠶᠢᠳᠡᠮ ᠢᠶᠠᠷ ᠢᠶᠠᠨ ᠮᠤᠩᠭᠤᠯ ᠬᠡᠯᠡ ᠦᠰᠦᠭ ᠪᠢᠴᠢᠭ ᠢᠶᠠᠨ ᠬᠡᠷᠡᠭᠯᠡᠵᠤ᠂ ᠦᠨᠳᠦᠰᠦᠳᠡᠨ ᠤ ᠤᠨᠴᠠᠯᠢᠭ ᠲᠤᠪᠤᠶᠢᠮ᠎ᠠ᠂ ᠮᠤᠩᠭᠤᠯ ᠬᠢᠳᠡᠳ ᠬᠤᠤᠰ ᠬᠡᠯᠡᠨ ᠤ ᠦᠢᠯᠡᠴᠢᠯᠡᠭᠡ ᠪᠤᠯᠤᠨ ᠡᠯ᠎ᠡ ᠵᠦᠢᠯ ᠤᠨ ᠵᠢᠭᠠᠯᠳᠠ ᠲᠡᠮᠳᠡᠭ ᠨᠢ ᠪᠦᠷ ᠬᠤᠤᠰ ᠬᠡᠯᠡ ᠪᠠᠷ ᠪᠢᠴᠢᠭᠰᠡᠨ ᠪᠠᠶᠢᠵᠤ᠂ ᠲᠦᠭᠦᠮ ᠠᠪᠰᠠᠷ ᠮᠦᠷᠳᠡᠭᠡᠨ ᠤᠷᠠᠯᠢᠭ ᠰᠠᠶᠢᠬᠠᠨ ᠬᠢᠵᠡᠢ︾ ᠭᠡᠵᠤ ᠬᠡᠷᠡᠯᠳᠤᠶᠠᠭ᠎ᠠ ᠰᠤᠷᠪᠤᠯᠵᠢᠯᠠᠭᠴᠢ ᠳᠤ ᠶᠠᠷᠢᠯ᠎ᠠ᠃     ᠦᠪᠡᠷᠳᠡᠭᠡᠨ ᠵᠠᠰᠠᠬᠤ ᠤᠷᠤᠨ ᠤ ᠮᠤᠩᠭᠤᠯ ᠦᠬᠡ ᠬᠡᠯᠡ ᠦᠰᠦᠭ ᠪᠢᠴᠢᠭ ᠤᠨ ᠠᠵᠢᠯ ᠤᠨ ᠲᠦᠷᠢᠮ ᠢ ᠦᠨᠡᠨᠬᠦ ᠤᠯᠠᠮᠵᠢᠯᠠᠨ ᠲᠤᠤᠱᠯᠠᠭᠤᠯᠵᠤ᠂ ᠨᠡᠶᠢᠭᠡᠮ ᠤᠨ ᠦᠩᠭᠡᠨ ᠬᠡᠷᠡᠭᠯᠡᠭᠡᠨ ᠤ ᠦᠭᠡ ᠬᠡᠯᠡ ᠦᠰᠦᠭ ᠪᠢᠴᠢᠭ ᠢ ᠶᠡᠬᠡᠪᠡᠷ ᠵᠠᠰᠠᠨ ᠴᠡᠭᠴᠡᠯᠡᠵᠤ᠂ ᠤᠳᠤᠬᠠᠨ ᠪᠤᠯᠬᠤ ᠳᠤ ᠮᠠᠨ ᠤ ᠠᠶᠢᠮᠠᠭ 77887 ᠵᠠᠷ ᠮᠡᠳᠡᠭᠡ ᠫᠠᠶᠢᠰᠠ ᠢᠯᠡᠷᠬᠡᠶᠢᠯᠡᠯ ᠳᠤ ᠬᠢᠨᠠᠨ ᠪᠠᠶᠢᠴᠠᠭᠠᠯᠳᠠ ᠬᠢᠵᠤ᠂ 6198 ᠶᠢ ᠴᠡᠭᠴᠡᠯᠡᠨ ᠲᠦᠷᠢᠮᠵᠢᠬᠦᠯᠵᠤ᠂ ᠰᠢᠯᠢ ᠶᠢᠨ ᠭᠤᠤᠯ ᠠᠵᠢᠯ ᠮᠡᠷᠭᠡᠵᠢᠯ ᠤᠨ ᠲᠡᠭᠡᠳᠤ ᠰᠤᠷᠭᠠᠭᠤᠯᠢ ᠳᠤ ᠪᠦᠬᠦ ᠤᠷᠤᠨ ᠤ ᠪᠠᠷᠢᠮᠵᠢᠶ᠎ᠠ ᠠᠪᠢᠶᠠᠨ ᠤ ᠪᠤᠯᠪᠠᠰᠤᠷᠠᠯ ᠰᠢᠯᠭᠠᠯᠳᠠ ᠶᠢᠨ ᠰᠠᠭᠤᠷᠢᠨ ᠭᠠᠵᠠᠷ ᠪᠤᠯᠤᠨ ᠬᠤᠤᠰ ᠬᠡᠯᠡᠨ ᠤ ᠪᠤᠯᠪᠠᠰᠤᠷᠠᠯ ᠤᠨ ᠰᠠᠭᠤᠷᠢᠨ ᠭᠠᠵᠠᠷ ᠢ ᠪᠠᠶᠢᠭᠤᠯᠵᠤ᠂ ᠪᠦᠬᠦ ᠤᠷᠤᠨ ᠤ ᠠᠩᠬᠠᠳᠠᠭᠴᠢ ᠤᠳᠠᠭᠠᠨ ᠤ ᠪᠠᠷᠢᠮᠵᠢᠶ᠎ᠠ ᠠᠪᠢᠶᠠᠨ ᠤ ᠰᠢᠯᠭᠠᠭᠴᠢ ᠶᠢᠨ ᠪᠤᠯᠪᠠᠰᠤᠷᠠᠯ ᠪᠤᠯᠤᠨ ᠬᠤᠶᠠᠷ ᠤᠳᠠᠭᠠᠨ ᠤ ᠬᠤᠤᠰ ᠬᠡᠯᠡᠨ ᠤ ᠪᠤᠯᠪᠠᠰᠤᠷᠠᠯ ᠢ ᠡᠷᠬᠢᠯᠡᠪᠡ᠃     ︽ᠵᠤᠴᠢᠳ ᠤᠨ ᠪᠠᠭᠤᠳᠠᠯ᠂ ᠬᠤᠭᠤᠯᠠᠨ ᠭᠡᠷ ᠠᠴᠠ ᠡᠯ᠎ᠡ ᠰᠠᠯᠠᠭ᠎ᠠ ᠮᠦᠴᠢᠷ ᠬᠦᠷᠳᠡᠯ᠎ᠡ ᠭᠠᠵᠠᠷ ᠪᠤᠯᠭᠠᠨ ᠳᠤ ᠴᠡᠪᠡᠷ ᠪᠠᠷᠢᠮᠵᠢᠶ᠎ᠠ ᠮᠤᠩᠭᠤᠯ ᠬᠡᠯᠠᠯᠭᠡ ᠰᠤᠨᠤᠰᠤᠭᠳᠠᠵᠤ᠂ ᠮᠠᠰᠢ ᠰᠠᠶᠢᠬᠠᠨ ᠪᠦᠭᠡᠳ ᠡᠯ᠎ᠡ ᠲᠦᠷᠦᠯ ᠤᠨ ᠵᠢᠭᠠᠯᠳᠠ ᠲᠡᠮᠳᠡᠭ ᠢ ᠮᠤᠩᠭᠤᠯ ᠬᠢᠳᠠᠳ ᠬᠤᠤᠰ ᠬᠡᠯᠡ ᠪᠠᠷ ᠢᠯᠡᠷᠬᠡᠶᠢᠯᠡᠵᠤ᠂ ᠤᠷᠴᠢᠭᠤᠯᠤᠭᠰᠠᠨ ᠨᠢ ᠪᠠᠷᠢᠮᠵᠢᠶ᠎ᠠ︔ ᠵᠡᠬᠡᠯᠢ ᠶᠢᠨ ᠫᠠᠶᠢᠰᠠ ᠢᠯᠡᠷᠬᠡᠶᠢᠯᠡᠯ ᠨᠢ ᠴᠤ ᠮᠤᠩᠭᠤᠯ ᠬᠢᠳᠠᠳ ᠬᠡᠯᠡ ᠶᠢ ᠵᠡᠷᠭᠡᠪᠡᠷ ᠬᠡᠷᠡᠭᠯᠡᠭᠰᠡᠨ ᠪᠠᠶᠢᠵᠤ᠂ ᠮᠤᠩᠭᠤᠯ ᠦᠬᠡ ᠬᠡᠯᠡ ᠦᠰᠦᠭ ᠪᠢᠴᠢᠭ ᠤᠨ ᠠᠵᠢᠯ ᠢ ᠦᠨᠡᠨᠬᠦ ᠬᠦᠨᠳᠦᠳᠬᠡᠵᠤ ᠪᠠᠶᠢᠨ᠎ᠠ᠃ ᠬᠠᠷᠢᠭᠰᠠᠨ ᠤ ᠬᠤᠶᠢᠨ᠎ᠠ ᠡᠨᠡ ᠤᠳᠠᠭᠠᠨ ᠤ ᠲᠤᠷᠰᠢᠯᠭ᠎ᠠ ᠪᠠᠨ ᠰᠠᠶᠢᠳᠤᠷ ᠬᠤᠷᠢᠶᠠᠩᠭᠤᠢᠢᠯᠠᠨ ᠳ᠋ᠥ᠋ᠩᠨᠡᠵᠤ᠂ ᠠᠳᠡᠬᠢ ᠶᠢ ᠲᠠᠭᠠᠨ ᠰᠤᠷᠤᠯᠴᠠᠵᠤ᠂ ᠮᠠᠨ ᠤ ᠬᠤᠰᠢᠭᠤᠨ ᠤ ᠪᠠᠨ ᠬᠤᠤᠰ ᠬᠡᠯᠡ ᠶᠢ ᠵᠡᠷᠭᠡᠪᠡᠷ ᠬᠡᠷᠡᠭᠯᠡᠬᠦ ᠠᠵᠢᠯ ᠢ ᠦᠨᠡᠨᠬᠦ ᠴᠢᠩᠭᠠᠳᠬᠠᠨ᠎ᠠ︾ ᠭᠡᠵᠤ ᠬᠦᠯᠦᠨ ᠪᠤᠶᠢᠷ ᠬᠤᠳᠠ‌‍ᠶᠢᠨ ᠤᠷᠴᠤᠨ ᠦᠨᠳᠦᠰᠦᠳᠡᠨ ᠤ ᠦᠪᠡᠷᠳᠡᠭᠡᠨ ᠵᠠᠰᠠᠬᠤ ᠬᠤᠰᠢᠭᠤᠨ ᠤ ᠦᠨᠳᠦᠰᠦᠳᠡᠨ ᠱᠠᠰᠢᠨ ᠰᠤᠷᠳᠠᠬᠤᠨ ᠤ ᠬᠡᠷᠡᠭ ᠡᠷᠬᠢᠯᠡᠬᠦ ᠲᠤᠪᠴᠢᠶ᠎ᠠ ᠶᠢᠨ ᠲᠡᠳ᠋ ᠲᠠᠷᠤᠭ᠎ᠠ ᠭᠤᠤ ᠾᠦᠢ ᠵᠦ ᠰᠤᠷᠪᠤᠯᠵᠢᠯᠠᠭᠴᠢ ᠳᠤ ᠬᠡᠯᠡᠯ᠎ᠡ᠃     ᠤᠢᠢᠷ᠎ᠠ ᠶᠢᠨ ᠵᠢᠯ ᠳᠤ᠂ ᠮᠠᠨ ᠤ ᠠᠶᠢᠮᠠᠭ ᠨᠠᠮ ᠤᠨ ᠦᠨᠳᠦᠰᠦᠳᠡᠨ ᠤ ᠲᠦᠷᠦ ᠶᠢᠨ ᠪᠤᠳᠤᠯᠭ᠎ᠠ ᠪᠤᠯᠤᠨ ᠲᠦᠪ᠂ ᠦᠪᠡᠷᠳᠡᠭᠡᠨ ᠵᠠᠰᠠᠬᠤ ᠤᠷᠤᠨ ᠤ ᠦᠨᠳᠦᠰᠦᠳᠡᠨ ᠤ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠵᠤ᠂ ᠭᠠᠵᠠᠷ ᠤᠷᠤᠨ ᠤ ᠪᠤᠳᠠᠳᠠᠢ ᠠᠴᠠ ᠪᠠᠨ ᠡᠭᠦᠰᠦᠨ᠂ ᠦᠨᠳᠦᠰᠦᠳᠡᠨ ᠤ ᠦᠭᠡ ᠬᠡᠯᠡ ᠦᠰᠦᠭ ᠪᠢᠴᠢᠭ ᠤᠨ ᠠᠵᠢᠯ ᠤᠨ ᠲᠤᠭᠤᠷᠢᠨ ᠳᠤ ᠮᠤᠩᠭᠤᠯ ᠦᠬᠡ ᠬᠡᠯᠡ ᠦᠰᠦᠭ ᠪᠢᠴᠢᠭ ᠤᠨ ᠰᠤᠷᠤᠯᠴᠠᠯᠭ᠎ᠠ᠂ ᠬᠡᠷᠡᠭᠯᠡᠯᠳᠡ ᠪᠤᠯᠤᠨ ᠬᠦᠭᠵᠢᠯᠳᠡ ᠶᠢ ᠢᠳᠡᠪᠬᠢᠳᠡᠢ ᠠᠬᠢᠭᠤᠯᠵᠠᠢ᠃ ᠪᠦᠬᠦ ᠠᠶᠢᠮᠠᠭ ᠤᠨ ᠡᠯ᠎ᠡ ᠱᠠᠳᠤᠨ ᠤ ᠠᠯᠪᠠᠨ ᠪᠠᠶᠢᠭᠤᠯᠭ᠎ᠠ ᠨᠢ ᠮᠤᠩᠭᠤᠯ ᠬᠢᠳᠠᠳ ᠬᠤᠶᠠᠷ ᠬᠡᠯᠡ ᠶᠢ ᠵᠡᠷᠭᠡᠪᠡᠷ ᠬᠡᠷᠡᠭᠯᠡᠵᠤ᠂ ᠦᠨᠳᠦᠰᠦᠳᠡᠨ ᠤ ᠺᠠᠳ᠋ᠷ ᠠᠵᠢᠯᠳᠠᠨ ᠨᠡᠶᠢᠳᠡᠮ ᠢᠶᠠᠷ ᠢᠶᠠᠨ ᠮᠤᠩᠭᠤᠯ ᠬᠡᠯᠡ ᠪᠤᠯᠤᠨ ᠪᠠᠷᠢᠮᠵᠢᠶ᠎ᠠ ᠠᠪᠢᠶ᠎ᠠ ᠶᠢ ᠬᠡᠷᠡᠭᠯᠡᠵᠤ᠂ ᠦᠨᠳᠦᠰᠦᠳᠡᠨ ᠤ ᠰᠤᠷᠭᠠᠨ ᠬᠦᠮᠦᠵᠢᠯ ᠢ ᠤᠷᠢᠳᠠᠪᠠᠷ ᠭᠤᠤᠯᠳᠠᠯᠭ᠎ᠠ ᠲᠠᠢ ᠬᠦᠭᠵᠢᠬᠦᠯᠦᠨ᠂ ᠠᠶᠢᠮᠠᠭ ᠬᠤᠰᠢᠭᠤ ᠬᠤᠶᠠᠷ ᠱᠠᠳᠤᠨ ᠤ ᠲᠧᠯᠸᠢᠰ ᠬᠤᠷᠢᠶ᠎ᠠ ᠮᠤᠩᠭᠤᠯ ᠫᠷᠥᠭᠷᠠᠮ ᠲᠤᠬᠢᠷᠠᠭᠤᠯᠵᠤ᠂ ︽ᠰᠢᠯᠢ ᠶᠢᠨ ᠭᠤᠤᠯ ᠤᠨ ᠡᠳᠦᠷ ᠤᠨ ᠰᠤᠨᠢᠨ︾ ᠮᠤᠩᠭᠤᠯ ᠬᠡᠪᠯᠡᠯ᠂ ︽ᠰᠢᠯᠢ ᠶᠢᠨ ᠭᠤᠤᠯ ᠰᠡᠳᠬᠦᠯ︾ ᠨᠢ ᠤᠡᠭᠰᠢᠭᠴᠢ ᠤᠯᠠᠨ ᠳᠤ ᠲᠠᠭᠠᠯᠠᠭᠳᠠᠵᠤ᠂ ᠠᠶᠢᠮᠠᠭ ᠬᠤᠰᠢᠭᠤ ᠬᠤᠶᠠᠷ ᠱᠠᠳᠤᠨ ᠤ ᠤᠷᠴᠢᠭᠤᠯᠭ᠎ᠠ ᠶᠢᠨ ᠪᠠᠶᠢᠭᠤᠯᠤᠮᠵᠢ ᠪᠦᠷᠢᠨᠰᠢᠵᠤ᠂ ᠠᠶᠢᠮᠠᠭ᠂ ᠬᠤᠰᠢᠭᠤ᠂ ᠰᠤᠮᠤ ᠰᠢᠶᠠᠩ ᠪᠠᠯᠭᠠᠰᠤ ᠭᠤᠷᠪᠠᠨ ᠱᠠᠳᠤᠨ ᠤ ᠵᠠᠰᠠᠭ ᠤᠨ ᠤᠷᠳᠤᠨ ᠤ ᠡᠭᠦᠳᠡᠨ ᠰᠦᠯᠵᠢᠶ᠎ᠡ ᠪᠠᠶᠢᠭᠤᠯᠵᠤ᠂ ᠤᠳᠤ ᠪᠤᠯᠬᠤ ᠳᠤ ᠪᠦᠬᠦ ᠠᠶᠢᠮᠠᠭ ᠲᠤ ᠮᠤᠩᠭᠤᠯ ᠬᠡᠯᠡ ᠶᠢ ᠬᠡᠷᠡᠭᠯᠡᠵᠤ ᠪᠠᠶᠢᠭ᠎ᠠ ᠬᠦᠮᠦᠨ 7 ᠲᠦᠮᠡ ᠭᠠᠷᠤᠢ ᠳᠤ ᠬᠦᠷᠴᠤ᠂ 23 ᠲᠦᠮᠡ ᠭᠠᠷᠤᠢ ᠬᠦᠮᠦᠨ ᠮᠤᠩᠭᠤᠯ ᠬᠢᠳᠠᠳ ᠬᠡᠯᠡ ᠶᠢ ᠵᠡᠷᠭᠡᠪᠡᠷ ᠬᠡᠷᠡᠭᠯᠡᠵᠤ᠂ ᠮᠤᠩᠭᠤᠯ ᠢᠶᠠᠷ ᠬᠢᠴᠢᠶᠡᠯᠯᠡᠵᠤ ᠪᠠᠶᠢᠬᠤ ᠰᠤᠷᠤᠭᠴᠢ 3.2 ᠲᠦᠮᠨ ᠳᠤ ᠬᠦᠷᠴᠠᠢ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ ᠤ ᠰᠣᠶᠣᠯ ᠭᠠᠷᠠᠭ ᠤᠨ ᠬᠡᠪᠯᠡᠯ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号