ᠯᠥᠸᠧ ᠬᠤ᠋ ᠽᠠᠢ ᠰᠢᠯᠢ ᠶᠢᠨ ᠬᠤᠲᠠ ᠳᠤ ᠬᠥᠨᠵᠡᠭᠡᠶᠢᠷᠡᠨ ᠪᠠᠶᠢᠴᠠᠭᠠᠨ ᠰᠤᠲᠤᠯᠤᠯᠲᠠ ᠬᠢᠬᠦ ᠳᠡᠭᠡᠨ ᠴᠢᠬᠤᠯᠠᠴᠢᠯᠠᠭᠰᠠᠨ ᠨᠢ — ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠱᠠᠩᠨᠠᠯ ᠤᠨ ᠲᠥᠷᠥ ᠶᠢᠨ ᠪᠤᠳᠤᠯᠭ᠎ᠠ ᠶᠢ ᠬᠢᠨᠠᠮᠠᠭᠠᠢ ᠨᠠᠶᠢᠲᠠᠪᠤᠷᠢᠵᠢᠭᠤᠯᠵᠤ ᠠᠮᠢ ᠠᠬᠤᠢ ᠪᠠᠨ ᠦᠷᠭᠦᠯᠵᠢᠯᠡᠨ ᠰᠠᠶᠢᠵᠢᠷᠠᠭᠤᠯᠵᠤ ᠮᠠᠯᠴᠢᠨ ᠲᠠᠷᠢᠶᠠᠴᠢᠨ ᠤ ᠤᠷᠤᠯᠭ᠎ᠠ ᠶᠢ ᠲᠤᠭᠳᠠᠭᠤᠨ ᠨᠡᠮᠡᠭᠳᠡᠭᠦᠯᠬᠦ ᠬᠡᠷᠡᠭᠲᠡᠢ
ᠨᠡᠶᠢᠲᠡᠯᠡᠭᠰᠡᠨ ᠴᠠᠭ᠄
2016/12/16
        ᠯᠥᠸᠧ ᠬᠤ᠋ ᠽᠠᠢ ᠰᠢᠯᠢ ᠶᠢᠨ ᠬᠤᠲᠠ ᠶᠢᠨ ᠴᠤᠬᠠᠭᠤᠯᠠᠨ ᠰᠤᠮᠤ ᠶᠢᠨ ᠤᠭ᠍ᠶᠤᠤ ᠭᠠᠴᠠᠭᠠᠨ ᠤ ᠮᠠᠯᠴᠢᠨ ᠤᠷᠲᠤ ᠶᠢᠨ ᠬᠢᠨ ᠳᠤ᠂ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠱᠠᠩᠨᠠᠯ ᠤᠨ ᠲᠥᠷᠥ ᠶᠢᠨ ᠪᠤᠳᠤᠯᠭ᠎ᠠ ᠶᠢ ᠨᠠᠶᠢᠲᠠᠪᠤᠷᠢᠵᠢᠭᠤᠯᠵᠤ ᠪᠠᠶᠢᠭ᠎ᠠ ᠵᠡᠷᠭᠡ ᠭᠤᠤᠯᠳᠠᠯᠭ᠎ᠠ ᠲᠠᠢ ᠠᠵᠢᠯ ᠤᠨ ᠤᠶᠢᠯᠭᠠᠯᠵᠤ  ᠪᠠᠶᠢᠭ᠎ᠠ ᠨᠢ᠃     12 ᠳ᠋ᠤᠭᠠᠷ ᠰᠠᠷ᠎ᠠ ᠶᠢᠨ 14 ᠤ ᠡᠲᠥᠷ᠂ ᠠᠶᠢᠮᠠᠭ ᠤᠨ ᠨᠠᠮ ᠤᠨ ᠬᠤᠷᠢᠶᠠᠨ ᠤ ᠱᠥᠵᠢ ᠯᠥᠸᠧ ᠬᠤ᠋ ᠽᠠᠢ ᠰᠢᠯᠢ ᠶᠢᠨ ᠬᠤᠲᠠ ᠶᠢᠨ ᠴᠤᠬᠠᠠᠭᠤᠯᠠ ᠰᠤᠮᠤᠨ ᠳᠤ ᠬᠥᠨᠵᠡᠭᠡᠶᠢᠷᠡᠵᠥ᠂ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠤᠷᠢ ᠱᠠᠩᠨᠠᠯ ᠤᠨ ᠲᠥᠷᠥ ᠶᠢᠨ ᠪᠤᠲᠤᠯᠭ᠎ᠠ ᠶᠢᠨ ᠨᠠᠶᠢᠲᠠᠪᠤᠷᠢᠵᠢᠭᠤᠯᠤᠯᠲᠠ᠂ ᠤᠲᠤ ᠥᠶ᠎ᠠ ᠶᠢᠨ ᠮᠠᠯ ᠠᠵᠤ ᠠᠬᠤᠢ ᠶᠢᠨ ᠬᠥᠭᠵᠢᠯᠲᠡ᠂ ᠡᠪᠤᠯ ᠤᠨ ᠤᠯᠠᠷᠢᠯ ᠤᠨ ᠮᠠᠯ ᠠᠵᠤ ᠠᠬᠤᠢ ᠶᠢᠨ ᠥᠢᠯᠡᠳᠪᠤᠷᠢᠯᠡᠯ ᠵᠡᠷᠭᠡ ᠭᠤᠤᠯᠲᠠᠯᠭ᠎ᠠ ᠲᠠᠢ ᠠᠵᠢᠯ ᠳᠤ ᠪᠠᠶᠢᠴᠠᠭᠠᠨ ᠰᠤᠲᠤᠯᠤᠯᠲᠠ ᠬᠢᠪᠡ᠃ ᠲᠡᠷᠡ ᠴᠢᠬᠤᠯᠠᠴᠢᠯᠠᠬᠤ ᠳᠠᠭᠠᠨ᠂ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠤᠷᠢ ᠱᠠᠩᠨᠠᠯ ᠤᠨ ᠲᠥᠷᠥ ᠶᠢᠨ ᠪᠤᠲᠤᠯᠭ᠎ᠠ ᠶᠢ ᠨᠠᠷᠢᠨ ᠬᠢᠨᠠᠮᠠᠭᠠᠢ ᠨᠠᠶᠢᠲᠠᠪᠤᠷᠢᠵᠢᠭᠤᠯᠵᠥ᠂ ᠠᠮᠢ ᠠᠬᠤᠢ ᠶᠢ ᠥᠷᠬᠦᠯᠵᠢᠯᠡᠨ ᠰᠠᠶᠢᠵᠢᠷᠠᠭᠤᠯᠵᠥ᠂ ᠮᠠᠯᠴᠢᠨ ᠲᠠᠷᠢᠶᠠᠴᠢᠨ ᠤ ᠤᠷᠤᠯᠭ᠎ᠠ ᠶᠢᠨ ᠲᠤᠭᠲᠠᠭᠤᠨ ᠨᠡᠮᠡᠭᠲᠡᠯ ᠢ ᠠᠬᠢᠭᠤᠯᠬᠤ ᠬᠡᠷᠡᠭᠲᠡᠢ ᠬᠡᠪᠡ᠃     ᠯᠥᠸᠧ ᠬᠤ᠋ ᠽᠠᠢ ᠤᠷᠢᠳ ᠬᠤᠵᠢᠳ ᠲᠤᠩᠷᠤᠪ᠂ ᠤᠷᠲᠤ᠂ ᠪᠤᠯᠤᠳ ᠵᠡᠷᠭᠡ ᠮᠠᠯᠵᠢᠬᠤ ᠡᠷᠥᠭᠡᠡ ᠪᠠᠷ ᠬᠥᠷᠴᠥ ᠂ ᠨᠤᠲᠤᠭ ᠪᠡᠯᠴᠢᠭᠡᠷ ᠤᠨ ᠲᠠᠯᠠᠪᠠᠢ᠂ ᠮᠠᠯ ᠤᠨ ᠵᠠᠷᠤᠴᠠᠭᠤᠯᠤᠯᠲᠠ᠂ ᠡᠪᠡᠰᠥ ᠪᠤᠷᠲᠤᠭᠠᠨ ᠤ ᠨᠥᠭᠡᠴᠡᠯᠡᠯᠲᠡ᠂ ᠥᠷ᠎ᠠ ᠬᠡᠥᠭᠡᠳ ᠤᠨ ᠬᠢᠨᠢ ᠰᠤᠷᠭᠠᠭᠤᠯᠢ ᠳᠤ ᠰᠠᠭᠤᠵᠥ ᠠᠵᠢᠯ ᠤᠯᠤᠭᠰᠠᠨ ᠵᠡᠷᠭᠡ ᠪᠠᠶᠢᠲᠠᠯ ᠢ ᠨᠠᠷᠢᠨ ᠠᠰᠠᠭᠤᠨ ᠯᠠᠪᠯᠠᠵᠥ᠂ ᠲᠠᠲᠠᠨᠠᠷ ᠲᠠᠢ ᠬᠠᠮᠲᠤᠪᠠᠷ ᠮᠠᠯ ᠠᠵᠤ ᠠᠬᠤᠢ ᠶᠢᠨ ᠬᠥᠭᠵᠢᠯᠲᠡ ᠶᠢᠨ ᠪᠠᠶᠢᠲᠠᠯ ᠢ ᠵᠠᠲᠠᠯᠵᠥ᠂ ᠠᠮᠢ ᠠᠬᠤᠢ ᠶᠢᠨ ᠬᠠᠮᠠᠭᠠᠯᠠᠯᠲᠠ ᠪᠠ ᠮᠠᠯ ᠠᠵᠤ ᠠᠬᠤᠢ ᠶᠢᠨ ᠥᠢᠯᠡᠳᠪᠤᠷᠢᠯᠡᠯ ᠤᠨ ᠤᠷᠤᠯᠭ᠎ᠠ ᠵᠠᠷᠤᠯᠭ᠎ᠠ ᠶᠢᠨ ᠲᠠᠩᠰᠠ ᠶᠢ ᠨᠢᠮᠪᠠᠢ ᠪᠤᠲᠤᠭᠰᠠᠨ ᠪᠥᠭᠡᠳ ᠵᠠᠬ᠎ᠠ ᠲᠡᠯᠭᠡᠭᠦᠷ ᠤᠨ ᠱᠠᠭᠠᠷᠲᠠᠯᠭ᠎ᠠ ᠶᠢ ᠥᠨᠲᠤᠰᠤᠯᠡᠨ᠂ ᠰᠥᠷᠥᠭ ᠤᠨ ᠪᠥᠲᠥᠴᠡ ᠪᠠᠨ ᠵᠤᠬᠢᠰᠲᠠᠢ ᠲᠤᠬᠢᠷᠠᠭᠤᠯᠵᠥ᠂ ᠨᠤᠲᠤᠭ ᠪᠡᠯᠴᠢᠭᠡᠷ ᠤᠨ ᠪᠠᠶᠢᠲᠠᠯ ᠳᠠᠭᠠᠨ ᠲᠤᠬᠢᠷᠠᠭᠤᠯᠤᠨ ᠰᠢᠯᠢᠲᠡᠭ ᠡᠬᠦᠯᠲᠡᠷ ᠤᠨ ᠥᠭᠡᠷ ᠮᠠᠯᠵᠢᠬᠤ ᠠᠵᠤ ᠥᠢᠯᠡᠰ ᠢ ᠬᠥᠭᠵᠢᠬᠦᠯᠵᠥ᠂ ᠠᠮᠢ ᠠᠬᠤᠢ ᠶᠢ ᠬᠠᠮᠠᠭᠠᠯᠠᠬᠤ ᠶᠢᠨ ᠲᠠᠭᠠᠥ ᠤᠷᠤᠯᠭ᠎ᠠ ᠪᠠᠨ ᠨᠡᠮᠡᠭᠲᠡᠬᠦᠯᠬᠦ ᠶᠢ ᠵᠤᠷᠢᠭᠵᠢᠭᠤᠯᠪᠠ᠃ ᠲᠡᠷᠡ ᠵᠢᠭᠠᠬᠤ ᠳᠠᠭᠠᠨ᠂ ᠡᠯ᠎ᠠ ᠭᠠᠵᠠᠷ ᠡᠯ᠎ᠠ ᠰᠠᠯᠠᠭ᠎ᠠ ᠮᠥᠴᠢᠷ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠪᠠ ᠤᠲᠤ ᠥᠶ᠎ᠠ ᠶᠢᠨ ᠮᠠᠯ ᠠᠵᠤ ᠠᠬᠤᠢ ᠶᠢᠨ ᠬᠥᠭᠵᠢᠯᠲᠡ ᠶᠢᠨ ᠬᠠᠷᠢᠴᠠᠭ᠎ᠠ ᠶᠢ ᠰᠠᠶᠢᠲᠤᠷ ᠰᠢᠢᠳᠪᠤᠷᠢᠯᠡᠵᠥ᠂ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠤᠷᠢ ᠱᠠᠩᠨᠠᠯ ᠤᠨ ᠲᠥᠷᠥ ᠶᠢᠨ ᠪᠤᠲᠤᠯᠭ᠎ᠠ ᠶᠢ ᠨᠠᠶᠢᠲᠠᠪᠤᠷᠢᠵᠢᠭᠤᠯᠬᠤ ᠶᠢ ᠮᠠᠯᠴᠢᠳ ᠲᠤ ᠰᠠᠶᠢᠨ ᠶᠠᠪᠤᠲᠠᠯ ᠬᠢᠬᠦ᠂ ᠰᠢᠨ᠎ᠠ ᠮᠠᠯᠵᠢᠬᠤ ᠲᠠᠷᠢᠶᠠᠯᠠᠬᠤ ᠤᠷᠤᠨ ᠤ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠠᠵᠢᠯ ᠤᠨ ᠨᠢᠭᠡᠨ ᠴᠢᠬᠤᠯᠠ ᠠᠭᠤᠯᠭ᠎ᠠ ᠪᠤᠯᠭᠠᠬᠤ ᠭᠡᠷᠡᠭᠳᠡᠢ᠃ ᠡᠯ᠎ᠠ ᠱᠠᠲᠤᠨ ᠤ ᠠᠮᠢ ᠠᠬᠤᠢ ᠶᠢᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠡᠬᠦᠷᠭᠡ ᠴᠢᠲᠠᠪᠬᠢ ᠶᠢᠨ ᠥᠢᠯᠡᠲᠥᠯ ᠪᠤᠯᠤᠨ ᠰᠤᠮᠤ ᠰᠢᠶᠠᠩ ᠪᠠᠯᠭᠠᠰᠤ ᠶᠢᠨ ᠭᠤᠤᠯ ᠴᠤᠭᠴᠠ ᠶᠢᠨ ᠥᠢᠯᠡᠲᠥᠯ ᠢ ᠬᠥᠢᠴᠡᠳ ᠪᠠᠲᠠᠷᠠᠭᠤᠯᠵᠥ᠂ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠭᠴᠢ ᠶᠢᠨ ᠪᠤᠯᠪᠠᠰᠤᠷᠠᠯ ᠪᠤᠯᠤᠨ ᠬᠠᠮᠢᠶᠠᠷᠤᠯᠲᠠ ᠶᠢᠨ ᠡᠷᠴᠢᠮ ᠢ ᠴᠢᠩᠭᠠᠷᠠᠭᠤᠯᠵᠥ᠂ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠤᠨ ᠪᠥᠷᠢᠨᠰᠢᠬᠦᠯᠵᠥ᠂ ᠨᠤᠲᠤᠭ ᠪᠡᠯᠴᠢᠭᠡᠷ ᠤᠨ ᠬᠠᠤᠯᠢ ᠬᠡᠷᠡᠭᠵᠢᠬᠦᠯᠤᠨ ᠬᠢᠨᠠᠨ ᠬᠠᠮᠢᠶᠠᠷᠬᠤ ᠠᠵᠢᠯ ᠢ ᠪᠥᠬᠦ ᠲᠠᠯ᠎ᠠ ᠪᠠᠷ ᠴᠢᠩᠭᠠᠳᠬᠠᠵᠥ᠂ ᠪᠡᠯᠴᠢᠭᠡᠷ ᠠᠴᠠ ᠬᠡᠲᠥᠷᠡᠬᠦᠯᠥᠨ ᠮᠠᠯᠵᠢᠬᠤ ᠶᠢ ᠡᠷᠡᠰ ᠬᠤᠷᠢᠭᠯᠠᠵᠥ᠂ ᠨᠤᠲᠤᠭ ᠪᠡᠯᠴᠢᠭᠡᠷ ᠤᠨ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠵᠥᠢ ᠵᠤᠬᠢᠰᠲᠠᠢ ᠠᠰᠢᠭᠯᠠᠵᠥ᠂ ᠤᠲᠤ ᠥᠶ᠎ᠠ ᠶᠢᠨ ᠮᠠᠯ ᠠᠵᠤ ᠠᠬᠤᠢ ᠶᠢ ᠬᠥᠭᠵᠢᠬᠦᠯᠬᠦ᠂ ᠮᠠᠯᠴᠢᠨ ᠲᠠᠷᠢᠶᠠᠴᠢᠨ ᠤ ᠤᠷᠤᠯᠭ᠎ᠠ ᠶᠢ ᠥᠷᠬᠦᠯᠵᠢᠯᠡᠨ ᠲᠤᠭᠲᠠᠭᠤᠨ ᠢᠶᠠᠷ ᠨᠡᠮᠡᠭᠲᠡᠬᠦᠯᠬᠦ ᠳᠤ ᠪᠠᠲᠤ ᠰᠠᠭᠤᠷᠢ ᠲᠠᠯᠪᠢᠬᠤ ᠬᠡᠷᠡᠭᠲᠡᠢ᠃ ᠡᠪᠡᠰᠥ ᠪᠤᠷᠲᠤᠭ᠎ᠠ ᠨᠥᠭᠡᠴᠡᠯᠡᠬᠦ ᠠᠵᠢᠯ ᠢ ᠰᠠᠶᠢᠲᠤᠷ ᠬᠢᠵᠥ᠂ ᠮᠠᠯ ᠰᠥᠷᠥᠭ ᠢ ᠮᠡᠨᠲᠤ ᠤᠨᠲᠤᠷᠤᠭᠤᠯᠬᠤ ᠬᠡᠷᠡᠭᠲᠡᠢ ᠬᠡᠪᠡ᠃     ᠰᠢᠯᠢ ᠶᠢᠨ ᠭᠤᠤᠯ ᠠᠶᠢᠮᠠᠭ ᠤᠨ ᠳᠠᠯ᠎ᠡ ᠨᠤᠳᠤᠭ ᠤᠨ ᠠᠮᠢ ᠠᠬᠤᠢ ᠶᠢᠨ ᠮᠠᠯ ᠠᠵᠤ ᠠᠬᠤᠢ ᠶᠢᠨ ᠵᠢᠱᠢᠶ᠎ᠠ ᠥᠵᠡᠬᠦᠯᠬᠦ ᠰᠠᠭᠤᠷᠢᠨ ᠪᠤᠯ ᠥᠪᠤᠷ ᠮᠤᠩᠭᠤᠯ ᠤᠨ ᠳᠠᠯ᠎ᠡ ᠨᠤᠳᠤᠭ ᠤᠨ ᠠᠮᠢ ᠠᠬᠤᠢ ᠶᠢᠨ ᠮᠠᠯ ᠠᠵᠤ ᠠᠬᠤᠢ ᠶᠢᠨ ᠠᠵᠤ ᠥᠢᠯᠡᠰ ᠤᠨ ᠰᠤᠲᠤᠯᠭᠠᠨ ᠤ ᠬᠥᠷᠢᠶᠡᠯᠡᠩ ᠤᠨ ᠬᠤᠪᠢ ᠤᠷᠤᠭᠤᠯᠤᠯᠲᠠ ᠶᠢᠨ ᠬᠢᠵᠠᠭᠠᠷᠲᠤ ᠺᠤᠮᠫᠠᠨᠢ ᠪᠠ ᠴᠤᠬᠠᠠᠭᠤᠯᠠ ᠰᠤᠮᠤ ᠬᠠᠮᠲᠤᠷᠠᠨ ᠪᠠᠶᠢᠭᠤᠯᠤᠭᠰᠠᠨ ᠪᠡᠯᠴᠢᠭᠡᠷ ᠤᠨ ᠮᠠᠯ ᠠᠵᠤ ᠠᠬᠤᠢ ᠶᠢᠨ ᠥᠷᠬᠦᠯᠵᠢᠯᠡᠭᠰᠡᠨ ᠬᠥᠭᠵᠢᠯᠲᠡ ᠶᠢᠨ ᠲᠥᠷᠥᠯ ᠵᠥᠢᠯ ᠪᠠᠶᠢᠵᠥ᠂ ᠭᠤᠤᠯᠲᠠᠭᠤ ᠰᠢᠯᠢ ᠶᠢᠨ ᠭᠤᠤᠯ ᠤᠨ ᠲᠠᠯ᠎ᠠ ᠨᠤᠲᠤᠭ ᠤᠨ ᠮᠠᠯ ᠠᠵᠤ ᠠᠬᠤᠢ ᠶᠢᠨ ᠡᠬᠢ ᠪᠠᠶᠠᠯᠢᠭ ᠲᠤ ᠲᠥᠰᠢᠭᠯᠡᠨ᠂ ᠮᠡᠷᠭᠡᠵᠢᠯ ᠤᠨ ᠰᠢᠨᠡᠴᠢᠯᠡᠯᠲᠡ᠂ ᠮᠡᠷᠭᠡᠵᠢᠯ ᠤᠨ ᠬᠡᠷᠡᠭᠯᠡᠯᠲᠡ ᠪᠠ ᠠᠵᠤ ᠥᠢᠯᠡᠰ ᠤᠨ ᠬᠥᠭᠵᠢᠯᠲᠡ ᠶᠢ ᠰᠤᠲᠤᠯᠤᠨ ᠲᠡᠯᠭᠡᠷᠡᠬᠦᠯᠬᠦ ᠠᠵᠢᠯ ᠬᠢᠵᠥ᠂ ᠰᠢᠨᠵᠢᠯᠡᠬᠦ ᠤᠬᠠᠭᠠᠨᠴᠢ᠂ ᠪᠥᠷᠢᠨ ᠲᠥᠭᠦᠷ ᠤᠲᠤ ᠥᠶ᠎ᠠ ᠶᠢᠨ ᠮᠠᠯ ᠠᠵᠤ ᠠᠬᠤᠢ ᠶᠢᠨ ᠠᠵᠤ ᠥᠢᠯᠡᠰ ᠤᠨ ᠬᠡᠯᠬᠢᠶᠡᠰᠥ ᠶᠢ ᠪᠠᠶᠢᠭᠤᠯᠵᠥ ᠪᠠᠶᠢᠨ᠎ᠠ᠃ ᠯᠥᠸᠧ ᠬᠤ ᠽᠠᠢ ᠲᠤᠰ ᠰᠠᠭᠤᠷᠢᠨ ᠳᠤ ᠢᠷᠡᠵᠥ᠂ ᠲᠥᠷᠥᠯ ᠵᠥᠢᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢᠨ ᠪᠠᠶᠢᠲᠠᠯ ᠢ ᠨᠢᠮᠪᠠᠢ ᠤᠢᠢᠯᠠᠭᠠᠵᠥ᠂ ᠰᠤᠲᠤᠯᠤᠨ ᠨᠡᠭᠡᠭᠡᠬᠦ ᠡᠷᠴᠢᠮ ᠢᠶᠠᠨ ᠴᠢᠩᠭᠠᠷᠠᠭᠤᠯᠵᠥ᠂ ᠰᠢᠯᠢ ᠶᠢᠨ ᠭᠤᠤᠯ ᠠᠶᠢᠮᠠᠭ ᠤᠨ ᠰᠢᠯᠢᠲᠡᠭ ᠡᠬᠦᠯᠲᠡᠷ ᠤᠨ ᠮᠠᠯ ᠭᠠᠳᠠᠬᠰᠢ ᠭᠠᠷᠭᠠᠬᠤ ᠰᠠᠭᠤᠷᠢᠨ ᠢ ᠲᠥᠷᠭᠡᠨ ᠪᠠᠶᠢᠭᠤᠯᠵᠥ᠂ ᠤᠲᠤ ᠥᠶ᠎ᠠ ᠶᠢᠨ ᠮᠠᠯ ᠠᠵᠤ ᠠᠬᠤᠢ ᠶᠢᠨ ᠬᠥᠭᠵᠢᠯᠲᠡ ᠳᠤ ᠨᠡᠩ ᠰᠠᠶᠢᠨ ᠵᠢᠱᠢᠶ᠎ᠠ ᠥᠵᠡᠬᠦᠯᠵᠥ ᠲᠠᠭᠠᠭᠤᠯᠬᠤ ᠥᠢᠯᠡᠲᠥᠯ ᠪᠠᠲᠠᠷᠠᠭᠤᠯᠬᠤ ᠶᠢ ᠵᠤᠷᠢᠬᠵᠢᠭᠤᠯᠪᠠ᠃     ᠯᠥᠸᠧ ᠬᠤ᠋ ᠽᠠᠢ ᠪᠠᠰᠠ ᠴᠤᠬᠠᠠᠭᠤᠯᠠ ᠰᠤᠮᠤ ᠶᠢᠨ ᠬᠡᠥᠭᠡᠳ ᠤᠨ ᠴᠡᠴᠡᠷᠯᠢᠭ ᠲᠤ ᠬᠦᠷᠴᠤ᠂ ᠠᠩᠭᠢ ᠶᠢᠨ ᠭᠡᠷ ᠂ ᠬᠥᠲᠡᠯᠭᠡᠭᠡᠨ ᠤ ᠭᠡᠷ ᠵᠢᠴᠢ ᠲᠤᠭᠤᠭᠠᠨ ᠭᠡᠷ᠂ ᠬᠤᠭᠤᠯᠠᠨ ᠭᠡᠷ ᠵᠡᠷᠭᠡ ᠶᠢ ᠪᠤᠲᠠᠲᠠᠢ ᠪᠠᠶᠢᠴᠠᠭᠠᠨ ᠥᠵᠡᠵᠥ᠂ ᠬᠡᠥᠭᠡᠳ ᠤᠨ ᠴᠡᠴᠡᠷᠯᠢᠭ ᠤᠨ ᠬᠠᠮᠢᠶᠠᠷᠤᠯᠲᠠ᠂ ᠪᠠᠭᠰᠢ ᠨᠠᠷ ᠤᠨ ᠲᠤᠬᠢᠷᠠᠭᠤᠯᠤᠯᠲᠠ᠂ ᠢᠲᠡᠭᠡᠨ ᠤᠮᠲᠠᠭᠠᠨ ᠤ ᠠᠮᠤᠷ ᠲᠥᠪᠰᠢᠨ ᠵᠡᠷᠭᠡ ᠪᠠᠶᠢᠲᠠᠯ ᠢ ᠨᠢᠮᠪᠠᠢ ᠠᠰᠠᠭᠤᠨ ᠯᠠᠪᠯᠠᠭᠰᠠᠨ ᠪᠥᠭᠡᠳ ᠲᠤᠰ ᠬᠡᠥᠭᠡᠳ ᠤᠨ ᠴᠡᠴᠡᠷᠯᠢᠭ ᠰᠢᠯᠢ ᠶᠢᠨ ᠬᠤᠲᠠ ᠶᠢᠨ ᠥᠨᠲᠤᠰᠤᠲᠡᠨ ᠤ ᠬᠡᠥᠭᠡᠳ ᠤᠨ ᠴᠡᠴᠡᠷᠯᠢᠭ ᠲᠠᠢ ᠬᠠᠮᠲᠤᠷᠠᠨ᠂ ᠮᠠᠯᠵᠢᠬᠤ ᠤᠷᠤᠨ ᠤ ᠰᠤᠷᠭᠠᠭᠤᠯᠢ ᠶᠢᠨ ᠨᠠᠰᠤᠨ ᠠᠴᠠ ᠡᠮᠥᠨᠡᠬᠢ ᠬᠥᠮᠥᠵᠢᠯ ᠤᠨ ᠠᠷᠭ᠎ᠠ ᠬᠡᠯᠪᠡᠷᠢ ᠪᠤᠯᠤᠨ ᠵᠠᠭᠪᠤᠷ ᠢ ᠢᠲᠡᠪᠬᠢᠲᠡᠢ ᠡᠬᠦᠳᠴᠤ ᠪᠠᠶᠢᠭ᠎ᠠ ᠶᠢ ᠬᠥᠢᠴᠡᠳ ᠨᠤᠲᠠᠯᠠᠭᠰᠠᠨ ᠪᠥᠭᠡᠳ ᠮᠠᠯᠵᠢᠬᠤ ᠲᠠᠷᠢᠶᠠᠯᠠᠬᠤ ᠤᠷᠤᠨ ᠤ ᠡᠯ᠎ᠠ ᠲᠥᠷᠥᠯ ᠤᠨ ᠰᠤᠷᠭᠠᠭᠤᠯᠢ ᠶᠢᠨ ᠪᠥᠲᠥᠭᠡᠨ ᠪᠠᠶᠢᠭᠤᠯᠤᠯᠲᠠ ᠪᠠ ᠬᠠᠮᠢᠶᠠᠷᠤᠯᠲᠠ ᠶᠢ ᠴᠢᠩᠭᠠᠳᠬᠠᠵᠥ᠂ ᠵᠥᠭᠡᠯᠡᠨ ᠬᠠᠲᠠᠭᠤ ᠲᠤᠨᠤᠭ ᠢ ᠢᠵᠢ ᠪᠦᠷᠢᠳᠦᠭᠦᠯᠵᠦ᠂ ᠰᠤᠷᠭᠠᠭᠤᠯᠢ ᠡᠷᠬᠢᠯᠡᠬᠦ ᠵᠠᠭᠪᠤᠷ ᠢ ᠢᠲᠡᠪᠬᠢᠲᠡᠢ ᠰᠢᠨᠡᠴᠢᠯᠡᠵᠥ᠂ ᠪᠠᠭᠰᠢ ᠶᠢᠨ ᠡᠬᠢ ᠪᠠᠶᠠᠯᠢᠭ ᠪᠤᠯᠤᠨ ᠬᠥᠴᠥᠨ ᠢ ᠵᠤᠬᠢᠰᠲᠠᠢ ᠲᠤᠬᠢᠷᠠᠭᠤᠯᠵᠥ᠂ ᠢᠲᠡᠭᠡᠨ ᠤᠮᠲᠠᠭᠠᠨ ᠤ ᠠᠮᠤᠷ ᠲᠥᠪᠰᠢᠨ ᠢ ᠪᠠᠲᠤᠯᠠᠵᠥ᠂ ᠠᠷᠠᠳ ᠲᠥᠮᠡᠨ ᠬᠠᠨᠤᠮᠵᠢᠲᠠᠢ ᠰᠤᠷᠭᠠᠨ ᠬᠥᠮᠥᠵᠢᠯ ᠢ ᠴᠢᠷᠮᠠᠶᠢᠨ ᠡᠷᠬᠢᠯᠡᠬᠦ ᠬᠡᠷᠡᠭᠲᠡᠢ ᠬᠡᠵᠥ ᠴᠢᠬᠤᠯᠠᠴᠢᠯᠠᠪᠠ᠃     ᠰᠢᠯᠢ ᠶᠢᠨ ᠬᠤᠲᠠ ᠶᠢᠨ ᠬᠠᠮᠢᠶ᠎ᠠ ᠪᠥᠬᠦᠢ ᠤᠲᠤᠷᠢᠲᠤᠯᠭ᠎ᠠ ᠪᠠᠷ᠎ᠠ ᠪᠤᠯᠵᠥ ᠪᠠᠶᠢᠴᠠᠭᠠᠨ ᠰᠤᠲᠤᠯᠵᠠᠢ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号