ᠤᠯᠤᠰ ᠤᠨ ᠪᠡᠶ᠎ᠠ ᠶᠢᠨ ᠲᠠᠮᠢᠷ ᠤᠨ ᠶᠡᠷᠥᠩᠭᠡᠢ ᠲᠤᠪᠴᠢᠶ᠎ᠠ ᠤᠯᠤᠰ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠪᠠᠶᠢᠴᠠᠭᠠᠨ ᠰᠤᠳᠤᠯᠬᠤ ᠳᠤᠭᠤᠶᠢᠯᠠᠩ ᠮᠠᠨ ᠤ ᠠᠶᠢᠮᠠᠭ ᠲᠤ ᠦᠨᠳᠦᠰᠦᠲᠡᠨ ᠤ ᠪᠡᠶ᠎ᠡ ᠶᠢᠨ ᠲᠠᠮᠢᠷ ᠤᠨ ᠳᠤᠬᠠᠢ ᠲᠤᠰᠬᠠᠢ ᠰᠡᠳᠦᠪ ᠢᠶᠠᠷ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2016/12/16
    12 ᠳ᠋ᠤᠭᠠᠷ ᠰᠠᠷ᠎ᠠ ᠶᠢᠨ 12 ᠤᠨ ᠡᠲᠥᠷ᠂ ᠤᠯᠤᠰ ᠤᠨ ᠪᠡᠶ᠎ᠠ ᠶᠢᠨ ᠲᠠᠮᠢᠷ ᠤᠨ ᠶᠡᠷᠥᠩᠭᠡᠢ ᠲᠤᠪᠴᠢᠶ᠎ᠠ᠂ ᠤᠯᠤᠰ ᠤᠨ ᠥᠨᠲᠤᠰᠤᠲᠡᠨ ᠤ ᠬᠡᠷᠡᠭ ᠡᠷᠬᠢᠯᠡᠬᠦ ᠵᠥᠪᠯᠡᠯ ᠤᠨ ᠥᠨᠲᠤᠰᠤᠲᠡᠨ ᠤ ᠪᠡᠶ᠎ᠠ ᠶᠢᠨ ᠲᠠᠮᠢᠷ ᠤᠨ ᠲᠤᠰᠬᠠᠢ ᠰᠡᠲᠤᠪ ᠢᠶᠠᠷ ᠪᠠᠶᠢᠴᠠᠭᠠᠨ ᠰᠤᠲᠤᠯᠬᠤ ᠲᠤᠭᠤᠢᠢᠯᠠᠩ ᠮᠠᠨ ᠤ ᠠᠶᠢᠮᠠᠭ ᠲᠤ ᠢᠷᠡᠵᠥ᠂ ᠥᠨᠲᠤᠰᠤᠲᠡᠨ ᠤ ᠤᠯᠠᠮᠵᠢᠯᠠᠯᠲᠤ ᠪᠡᠶ᠎ᠠ ᠶᠢᠨ ᠲᠡᠮᠢᠷ ᠤᠨ ᠬᠥᠭᠵᠢᠯᠲᠡ ᠶᠢᠨ ᠪᠠᠶᠢᠲᠠᠯ ᠳᠤ ᠪᠠᠶᠢᠴᠠᠭᠠᠨ ᠰᠤᠲᠤᠯᠤᠯᠲᠠ ᠬᠢᠪᠡ᠃     ᠤᠢᠢᠷ᠎ᠠ ᠶᠢᠨ ᠵᠢᠯ ᠠᠴᠠ ᠨᠠᠰᠢ᠂ ᠮᠠᠨ ᠤ ᠠᠶᠢᠮᠠᠭ ᠮᠤᠩᠭᠤᠯ ᠥᠨᠲᠤᠰᠤᠲᠡᠨ ᠤ ᠪᠡᠶ᠎ᠠ ᠶᠢᠨ ᠲᠠᠮᠢᠷ ᠤᠨ ᠤᠯᠠᠮᠵᠢᠯᠠᠯᠲᠤ ᠲᠥᠷᠥᠯ ᠵᠥᠢᠯ ᠢ ᠠᠭᠤᠲᠠᠯᠯᠠᠬᠤ᠂ ᠴᠡᠭᠴᠡᠯᠡᠬᠦ᠂ ᠤᠯᠠᠮᠵᠢᠯᠠᠬᠤ᠂ ᠬᠥᠭᠵᠢᠬᠦᠯᠬᠦ ᠪᠠ ᠲᠡᠯᠭᠡᠷᠡᠬᠦᠯᠬᠦ ᠶᠢ ᠲᠡᠭᠡᠲᠥ ᠬᠡᠮᠵᠢᠶ᠎ᠠ ᠪᠠᠷ ᠴᠢᠬᠤᠯᠠᠴᠢᠯᠠᠨ ᠠᠬᠢᠭᠤᠯᠵᠥ᠂ ᠥᠨᠲᠤᠰᠤᠲᠡᠨ ᠤ ᠤᠯᠠᠮᠵᠢᠯᠠᠯᠲᠤ ᠪᠡᠶ᠎ᠠ ᠶᠢᠨ ᠲᠠᠮᠢᠷ ᠤᠨ ᠠᠵᠢᠯᠯᠠᠭ᠎ᠠ ᠶᠢ ᠶᠡᠬᠡᠪᠡᠷ ᠥᠷᠨᠢᠬᠦᠯᠵᠥ᠂ ︽ᠲᠤᠮᠲᠠᠲᠤ ᠤᠯᠤᠰ · ᠰᠢᠯᠢ ᠶᠢᠨ ᠬᠤᠲᠠ ᠤᠯᠠᠨ ᠤᠯᠤᠰ ᠤᠨ ᠨᠡᠬᠦᠲᠡᠯ ᠮᠠᠯᠵᠢᠯ ᠤᠨ ᠰᠤᠶᠤᠯ ᠤᠨ ᠨᠠᠶᠢᠷ︾ ᠤᠨ ᠰᠢᠷᠢᠰ ᠠᠵᠢᠯᠯᠠᠭ᠎ᠠ᠂ ︽ᠪᠠᠭ᠋ᠠᠷᠤᠮ᠎ᠠ ᠰᠠᠶᠢᠬᠠᠨ ᠪᠠᠷᠠᠭᠤᠨ ᠥᠵᠥᠮᠥᠴᠢᠨ — ᠲᠠᠯ᠎ᠠ ᠨᠤᠲᠤᠭ ᠤᠨ ᠠᠷᠠᠳ ᠤᠨ ᠵᠠᠩ ᠠᠭᠠᠯᠢ ᠶᠢᠨ ᠨᠠᠶᠢᠷ︾ ᠵᠡᠷᠭᠡ ᠰᠤᠶᠤᠯ ᠲᠠᠮᠢᠷ ᠤᠨ ᠤᠷᠤᠯᠲᠤᠭᠠᠨ ᠪᠤᠯᠤᠨ ᠪᠠᠶᠠᠷ ᠨᠠᠶᠢᠷ ᠤᠨ ᠠᠵᠢᠯᠯᠠᠭ᠎ᠠ ᠶᠢ ᠠᠮᠵᠢᠯᠲᠠᠲᠠᠢ ᠡᠷᠬᠢᠯᠡᠵᠤ ᠢᠷᠠᠵᠠᠢ᠃ ᠰᠢᠯᠢ ᠶᠢᠨ ᠭᠤᠤᠯ ᠠᠵᠢᠯ ᠮᠡᠷᠭᠡᠵᠢᠯ ᠤᠨ ᠲᠡᠭᠡᠲᠥ ᠰᠤᠷᠭᠠᠭᠤᠯᠢ ᠶᠢᠨ ᠪᠥᠭᠡ ᠶᠢᠨ ᠰᠠᠭᠤᠷᠢᠨ᠂ ᠵᠡᠬᠦᠨ ᠥᠵᠥᠮᠥᠴᠢᠨ ᠬᠤᠰᠢᠭᠤᠨ ᠤ ᠪᠥᠭᠡ ᠶᠢᠨ ᠰᠠᠭᠤᠷᠢᠨ᠂ ᠡᠷᠢᠶᠠᠨ ᠬᠤᠲᠠ ᠶᠢᠨ ᠴᠡᠭᠡ ᠶᠢᠨ ᠰᠤᠶᠤᠯ ᠤᠨ ᠲᠤᠭᠤᠷᠢᠭ ᠮᠤᠷᠢᠨ ᠮᠡᠷᠭᠡᠵᠢᠯ ᠤᠨ ᠰᠠᠭᠤᠷᠢᠨ ᠨᠢ ᠪᠥᠬᠦ ᠤᠷᠤᠨ ᠤ ᠴᠥᠭᠡᠨ ᠲᠤᠭᠠᠲᠤ ᠥᠨᠲᠤᠰᠤᠲᠡᠨ ᠤ ᠤᠯᠠᠮᠵᠢᠯᠠᠯᠲᠤ ᠪᠡᠶ᠎ᠠ ᠶᠢᠨ ᠲᠠᠮᠢᠷ ᠤᠨ ᠵᠢᠱᠢᠶ᠎ᠠ ᠥᠵᠡᠬᠦᠯᠬᠦ ᠰᠠᠭᠤᠷᠢᠨ ᠢᠶᠠᠷ ᠨᠡᠷᠡᠶᠢᠲᠥᠭᠲᠡᠵᠥ᠂ ᠰᠢᠯᠢ ᠶᠢᠨ ᠭᠤᠤᠯ ᠠᠵᠢᠯ ᠮᠡᠷᠭᠡᠵᠢᠯ ᠤᠨ ᠲᠡᠭᠡᠲᠥ ᠰᠤᠷᠭᠠᠭᠤᠯᠢ ᠶᠢᠨ ᠪᠡᠶ᠎ᠠ ᠶᠢᠨ ᠲᠠᠮᠢᠷ ᠤᠨ ᠰᠠᠯᠪᠤᠷᠢ ᠶᠢ ᠤᠯᠤᠰ ᠤᠨ ᠥᠨᠲᠤᠰᠤᠲᠡᠨ ᠤ ᠬᠡᠷᠡᠭ ᠡᠷᠬᠢᠯᠡᠬᠦ ᠵᠥᠪᠯᠡᠯ ᠪᠤᠯᠤᠨ ᠤᠯᠤᠰ ᠤᠨ ᠪᠡᠶ᠎ᠠ ᠶᠢᠨ ᠲᠠᠮᠢᠷ ᠤᠨ ᠶᠡᠷᠥᠩᠭᠡᠢ ᠲᠤᠪᠴᠢᠶ᠎ᠠ ᠬᠠᠮᠲᠤᠷᠠᠨ᠂ ᠠᠩᠬᠠᠲᠤᠭᠠᠷ ᠪᠥᠯᠥᠭ ᠪᠥᠬᠦ ᠤᠯᠤᠰ ᠤᠨ ᠴᠥᠭᠡᠨ ᠲᠤᠭᠠᠲᠤ ᠥᠨᠲᠤᠰᠤᠲᠡᠨ ᠤ ᠤᠯᠠᠮᠵᠢᠯᠠᠯᠲᠤ ᠪᠡᠶ᠎ᠠ ᠶᠢᠨ ᠲᠠᠮᠢᠷ ᠤᠨ ᠨᠡᠶᠢᠭᠡᠮᠯᠢᠭ ᠤᠨ 12 ᠵᠢᠱᠢᠶ᠎ᠠ ᠥᠵᠡᠬᠦᠯᠬᠦ ᠰᠠᠭᠤᠷᠢᠨ ᠤ ᠨᠢᠭᠡ ᠪᠠᠷ ᠨᠡᠷᠡᠶᠢᠳᠴᠥ᠂ ᠪᠥᠭᠡ᠂ ᠨᠠᠭᠠᠲᠤᠮ ᠤᠨ ᠬᠤᠷᠠᠯ ᠨᠢ ᠪᠥᠬᠦ ᠤᠯᠤᠰ ᠤᠨ ᠠᠩᠬᠠᠲᠤᠭᠠᠷ ᠪᠥᠯᠥᠭ ᠪᠤᠲᠠᠰ ᠤᠨ ᠪᠤᠰᠤ ᠰᠤᠶᠤᠯ ᠤᠨ ᠥᠪ ᠤᠨ ᠬᠠᠮᠠᠭᠠᠯᠠᠯᠲᠠ ᠶᠢᠨ ᠨᠡᠷᠡᠰ ᠲᠤ ᠵᠢᠭᠰᠠᠭᠠᠭᠲᠠᠵᠠᠢ᠃     ᠠᠶᠢᠮᠠᠭ ᠤᠨ ᠰᠤᠶᠤᠯ ᠲᠠᠮᠢᠷ ᠪᠠ ᠰᠤᠨᠢᠨ ᠮᠡᠲᠡᠭᠡ ᠬᠡᠪᠯᠡᠯ ᠷᠠᠲᠢᠤ᠋ ᠲᠧᠯᠸᠢᠰ ᠲᠤᠪᠴᠢᠶ᠎ᠠ᠂ ᠰᠤᠷᠭᠠᠨ ᠬᠥᠮᠥᠵᠢᠯ ᠤᠨ ᠲᠤᠪᠴᠢᠶ᠎ᠠ᠂ ᠥᠨᠲᠤᠰᠤᠲᠡᠨ ᠤ ᠬᠡᠷᠡᠭ ᠡᠷᠬᠢᠯᠡᠬᠦ ᠵᠥᠪᠯᠡᠯ ᠵᠡᠷᠭᠡ ᠬᠠᠮᠢᠶ᠎ᠠ ᠪᠥᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠤᠯᠤᠨ ᠠᠶᠢᠮᠠᠭ ᠤᠨ ᠪᠥᠭᠡ ᠶᠢᠨ ᠨᠡᠶᠢᠭᠡᠮᠯᠢᠭ ᠤᠨ ᠲᠡᠷᠢᠬᠦᠯᠡᠭᠴᠢ ᠯᠢ ᠪᠠᠭᠠᠲᠤᠷ ᠵᠡᠷᠭᠡ ᠨᠡᠶᠢᠭᠡᠮ ᠤᠨ ᠵᠤᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠬᠤᠷᠠᠯ ᠳᠤ ᠤᠷᠤᠯᠴᠠᠭᠰᠠᠨ ᠪᠥᠭᠡᠳ ᠮᠠᠨ ᠤ ᠠᠶᠢᠮᠠᠭ ᠤᠨ ᠥᠨᠲᠤᠰᠤᠲᠡᠨ ᠤ ᠪᠡᠶ᠎ᠠ ᠶᠢᠨ ᠲᠠᠮᠢᠷ ᠤᠨ ᠬᠥᠭᠵᠢᠯᠲᠡ ᠶᠢᠨ ᠤᠲᠤᠬᠢ ᠪᠠᠶᠢᠲᠠᠯ᠂ ᠥᠨᠲᠤᠰᠤᠲᠠᠨ ᠤ ᠪᠡᠶ᠎ᠠ ᠶᠢᠨ ᠲᠠᠮᠢᠷ ᠤᠨ ᠤᠨᠴᠠᠯᠢᠭ ᠵᠢᠴᠢ ᠲᠡᠭᠡᠲᠥ ᠱᠠᠲᠤᠨ ᠤ ᠰᠠᠯᠠᠭ᠎ᠠ ᠮᠥᠴᠢᠷ ᠲᠤ ᠮᠡᠲᠡᠬᠦᠯᠵᠥ ᠰᠢᠢᠳᠪᠤᠷᠢᠯᠡᠬᠦ ᠴᠢᠬᠤᠯᠠᠲᠠᠢ ᠠᠰᠠᠭᠤᠲᠠᠯ ᠵᠡᠷᠭᠡ ᠲᠠᠯ᠎ᠠ ᠪᠠᠷ ᠲᠠᠨᠢᠯᠴᠠᠭᠤᠯᠵᠠᠢ᠃     ᠪᠠᠶᠢᠴᠠᠭᠠᠨ ᠰᠤᠲᠤᠯᠬᠤ ᠲᠤᠭᠤᠢᠢᠯᠠᠩ ᠤᠨ ᠬᠢᠨ ᠮᠠᠨ ᠤ ᠠᠶᠢᠮᠠᠭ ᠤᠨ ᠥᠨᠲᠤᠰᠤᠲᠡᠨ ᠤ ᠤᠯᠠᠮᠵᠢᠯᠠᠯᠲᠤ ᠪᠡᠶ᠎ᠠ ᠶᠢᠨ ᠲᠠᠮᠢᠷ ᠢ ᠬᠥᠭᠵᠢᠬᠦᠯᠬᠦ ᠲᠠᠯ᠎ᠠ ᠪᠠᠷ ᠤᠯᠤᠭᠰᠠᠨ ᠠᠮᠵᠢᠯᠲᠠ ᠪᠥᠲᠥᠮᠵᠢ ᠶᠢ ᠬᠥᠢᠴᠡᠳ ᠨᠤᠲᠠᠯᠠᠭᠰᠠᠨ ᠪᠥᠭᠡᠳ ᠥᠨᠲᠤᠰᠤᠲᠡᠨ ᠤ ᠤᠯᠠᠮᠵᠢᠯᠠᠯᠲᠤ ᠪᠡᠶ᠎ᠠ ᠶᠢᠨ ᠲᠠᠮᠢᠷ ᠢ ᠥᠷᠬᠦᠯᠵᠢᠯᠡᠨ ᠴᠢᠬᠤᠯᠠᠴᠢᠯᠠᠨ ᠬᠥᠭᠵᠢᠬᠦᠯᠵᠥ᠂ ᠥᠨᠲᠤᠰᠤᠲᠡᠨ ᠤ ᠤᠯᠠᠮᠵᠢᠯᠠᠯᠲᠤ ᠪᠡᠶ᠎ᠠ ᠶᠢᠨ ᠲᠠᠮᠢᠷ ᠤᠨ ᠴᠢᠲᠠᠪᠤᠷᠢᠲᠠᠨ ᠢ ᠬᠥᠮᠥᠵᠢᠬᠦᠯᠬᠦ ᠶᠢ ᠱᠠᠭᠠᠷᠲᠠᠵᠠᠢ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号