ᠠᠷᠪᠠᠨ ᠲᠦᠷᠪᠡᠳᠦᠭᠡᠷ ᠬᠤᠭᠤᠴᠠᠭᠠᠨ ᠤ ᠦᠪᠤᠷ ᠮᠤᠩᠭᠤᠯ ᠤᠨ ᠮᠦᠡᠭᠬᠦᠨ ᠡᠪᠤᠯ ᠤᠨ ᠨᠠᠭᠠᠳᠤᠮ ᠵᠢᠴᠢ ᠲᠤᠯᠤᠳᠤᠭᠠᠷ ᠬᠤᠭᠤᠴᠠᠭᠠᠨ ᠤ ᠡᠪᠤᠯ ᠤᠨ ᠤᠯᠠᠷᠢᠯ ᠤᠨ ᠮᠤᠩᠭᠤᠯ ᠦᠨᠳᠦᠰᠦᠳᠡᠨ ᠤ ᠬᠤᠪᠴᠠᠰᠦ ᠵᠠᠰᠠᠯ ᠤᠨ ᠤᠷᠠᠯᠢᠭ ᠤᠨ ᠨᠠᠶᠢᠷ 2017 ᠤᠨ ᠤ 1 ᠳ᠋ᠤᠭᠡᠷ ᠰᠠᠷ᠎ᠠ ᠶᠢᠨ 5᠎ ᠤ ᠡᠳᠦᠷ ᠪᠠᠷᠠᠭᠤᠨ ᠦᠵᠦᠮᠦᠴᠢᠨ ᠬᠤᠰᠢᠭᠤᠨ ᠳᠤ ᠶᠠᠪᠤᠭᠳᠠᠬᠤ ᠪᠤᠯᠤᠨ᠎ᠠ
ᠨᠡᠶᠢᠲᠡᠯᠡᠭᠰᠡᠨ ᠴᠠᠭ᠄
2016/12/19
    12 ᠳ᠋ᠤᠭᠠᠷ ᠰᠠᠷ᠎ᠠ ᠶᠢᠨ 16᠎ ᠤ ᠡᠳᠦᠷ᠂ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠰᠤᠨᠢᠨ ᠮᠡᠳᠡᠭᠡᠨ ᠤ ᠠᠯᠪᠠᠨ ᠭᠡᠷ ᠤᠨ ᠰᠤᠨᠢᠨ ᠮᠡᠳᠡᠭᠡ ᠨᠡᠶᠢᠳᠡᠯᠡᠭᠦ ᠬᠤᠷᠠᠯ ᠠᠴᠠ ᠤᠢᠢᠯᠠᠭᠠᠭᠰᠠᠨ ᠢᠶᠠᠷ᠂ ᠠᠷᠪᠠᠨ ᠲᠦᠷᠪᠡᠳᠦᠭᠡᠷ ᠬᠤᠭᠤᠴᠠᠭᠠᠨ ᠤ ᠦᠪᠤᠷ ᠮᠤᠩᠭᠤᠯ ᠤᠨ ᠮᠦᠡᠭᠬᠦᠨ ᠡᠪᠤᠯ ᠤᠨ ᠨᠠᠭᠠᠳᠤᠮ ᠵᠢᠴᠢ ᠲᠤᠯᠤᠳᠤᠭᠠᠷ ᠬᠤᠭᠤᠴᠠᠭᠠᠨ ᠤ ᠡᠪᠤᠯ ᠤᠨ ᠤᠯᠠᠷᠢᠯ ᠤᠨ ᠮᠤᠩᠭᠤᠯ ᠦᠨᠳᠦᠰᠦᠳᠡᠨ ᠤ ᠬᠤᠪᠴᠠᠰᠦ ᠵᠠᠰᠠᠯ ᠤᠨ ᠤᠷᠠᠯᠢᠭ ᠤᠨ ᠨᠠᠶᠢᠷ 2017 ᠤᠨ ᠤ 1 ᠳ᠋ᠤᠭᠡᠷ ᠰᠠᠷ᠎ᠠ ᠶᠢᠨ 5᠎ ᠤ ᠡᠳᠦᠷ ᠪᠠᠷᠠᠭᠤᠨ ᠦᠵᠦᠮᠦᠴᠢᠨ ᠬᠤᠰᠢᠭᠤᠨ ᠳᠤ ᠶᠠᠪᠤᠭᠳᠠᠬᠤ ᠪᠤᠯᠤᠨ᠎ᠠ᠃     ᠲᠤᠰ ᠤᠳᠠᠭᠠᠨ ᠤ ᠠᠵᠢᠯᠯᠠᠭ᠎ᠠ ᠨᠢ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠪᠦᠭᠦ ᠤᠷᠤᠨ ᠤ ᠵᠤᠭᠠᠴᠠᠯ᠂ ᠲᠦᠷᠪᠡᠨ ᠤᠯᠠᠷᠢᠯ ᠤᠨ ᠵᠤᠭᠠᠴᠠᠯ ᠢ ᠭᠦᠭᠵᠢᠭᠦᠯᠭᠦ ᠴᠢᠬᠤᠯᠠ ᠠᠷᠭ᠎ᠠ ᠭᠡᠮᠵᠢᠶ᠎ᠠ ᠮᠦᠨ᠂ ᠪᠠᠰᠠᠴᠦ ᠦᠵᠡᠰᠭᠦᠯᠡᠩᠳᠦ ᠰᠠᠶᠢᠬᠠᠨ ᠦᠵᠡᠮᠵᠢ ᠶᠢᠨ ᠤᠷᠤᠨ ᠤ ᠨᠡᠷᠡᠳᠦ ᠲᠡᠮᠳᠡᠭ ᠢ ᠡᠭᠦᠳᠴᠦ᠂ ᠦᠪᠡᠷᠳᠡᠭᠡᠨ ᠵᠠᠰᠠᠬᠤ ᠤᠷᠤᠨ ᠢ ᠤᠯᠤᠰ ᠤᠨ ᠲᠤᠳᠤᠭᠠᠳᠦ ᠭᠠᠳᠠᠭᠠᠳᠦ ᠳᠤ ᠨᠡᠷ᠎ᠠ ᠠᠯᠳᠠᠷ ᠲᠠᠢ ᠵᠤᠭᠠᠴᠠᠯ ᠤᠨ ᠤᠷᠤᠨ ᠪᠤᠯᠭᠠᠨ ᠪᠦᠳᠦᠭᠡᠨ ᠪᠠᠶᠢᠭᠤᠯᠬᠤ ᠨᠢᠭᠡ ᠤᠳᠠᠭᠠᠨ ᠤ ᠪᠤᠳᠠᠳᠦ ᠦᠢᠯᠡᠳᠦᠯᠭᠡ ᠮᠦᠨ᠃ ᠠᠵᠢᠯᠯᠠᠭ᠎ᠠ ᠶᠢ ᠦᠪᠡᠷᠳᠡᠭᠡᠨ ᠵᠠᠰᠠᠬᠤ ᠤᠷᠤᠨ ᠤ ᠵᠤᠭᠠᠴᠠᠯ ᠤᠨ ᠲᠤᠪᠴᠢᠶ᠎ᠠ᠂ ᠪᠡᠶ᠎ᠠ ᠶᠢᠨ ᠲᠠᠮᠢᠷ ᠤᠨ ᠲᠤᠪᠴᠢᠶ᠎ᠠ᠂ ᠰᠢᠯᠢ ᠶᠢᠨ ᠭᠤᠤᠯ ᠠᠶᠢᠮᠠᠭ ᠤᠨ ᠵᠠᠬᠢᠷᠭ᠎ᠠ ᠠᠴᠠ ᠭᠤᠤᠯᠯᠠᠨ ᠡᠷᠬᠢᠯᠡᠵᠦ᠂ ᠠᠶᠢᠮᠠᠭ ᠤᠨ ᠵᠤᠭᠠᠴᠠᠯ ᠤᠨ ᠲᠤᠪᠴᠢᠶ᠎ᠠ᠂ ᠰᠤᠶᠤᠯ ᠲᠠᠮᠢᠷ ᠰᠤᠨᠢᠨ ᠮᠡᠳᠡᠭᠡ ᠭᠡᠪᠯᠡᠯ ᠷᠠᠳᠢᠤ᠋ ᠲᠧᠯᠸᠢᠰ ᠲᠤᠪᠴᠢᠶ᠎ᠠ᠂ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠠᠴᠠ ᠲᠠᠭᠠᠭᠠᠴᠢᠯᠠᠨ ᠡᠷᠬᠢᠯᠡᠵᠦ᠂ ᠭᠤᠤᠯᠳᠠᠭᠤ ᠮᠦᠰᠦ ᠴᠠᠰᠤᠨ ᠤ ᠨᠠᠶᠢᠷ᠂ ᠡᠪᠤᠯ ᠤᠨ ᠤᠯᠠᠷᠢᠯ ᠤᠨ ᠮᠤᠩᠭᠤᠯ ᠦᠨᠳᠦᠰᠦᠳᠡᠨ ᠤ ᠬᠤᠪᠴᠠᠰᠦ ᠵᠠᠰᠠᠯ ᠤᠨ ᠤᠷᠤᠯᠳᠤᠭᠠᠨ᠂ ᠲᠠᠯ᠎ᠠ ᠨᠤᠳᠤᠭ ᠤᠨ ᠦᠨᠳᠦᠰᠦᠳᠡᠨ ᠤ ᠵᠠᠩ ᠦᠢᠯᠡ ᠶᠢᠨ ᠦᠵᠡᠭᠦᠯᠦᠯᠭᠡ᠂ ᠤᠯᠠᠨ ᠤᠯᠤᠰ ᠪᠠ ᠤᠯᠤᠰ ᠤᠨ ᠲᠤᠳᠤᠭᠠᠳᠦ ᠶᠢᠨ ᠪᠡᠶ᠎ᠠ ᠶᠢᠨ ᠲᠠᠮᠢᠷ ᠤᠨ ᠤᠷᠤᠯᠳᠤᠭᠠᠨ ᠵᠡᠷᠭᠡ ᠠᠷᠪᠠ ᠭᠠᠷᠦᠢ ᠠᠭᠤᠯᠭ᠎ᠠ ᠪᠠᠷ ᠶᠠᠪᠤᠭᠳᠠᠨ᠎ᠠ᠃     ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠳᠤᠰ ᠠᠵᠢᠯᠯᠠᠭ᠎ᠠ ᠶᠢ ᠵᠤᠬᠢᠶᠠᠨ ᠪᠠᠶᠢᠭᠤᠯᠵᠦ ᠪᠠᠶᠢᠷᠢᠯᠠᠭᠤᠯᠬᠤ ᠠᠵᠢᠯ ᠢ ᠲᠡᠭᠡᠳᠦ ᠭᠡᠮᠵᠢᠶ᠎ᠠ ᠪᠠᠷ ᠴᠢᠬᠤᠯᠠᠴᠢᠯᠠᠨ ᠦᠵᠡᠵᠦ᠂ ᠠᠶᠢᠮᠠᠭ ᠤᠨ ᠵᠠᠬᠢᠷᠭ᠎ᠠ ᠬᠠᠷᠪᠢᠨ ᠬᠤᠳᠠ ᠳᠤ ᠭᠦᠮᠦᠨ ᠲᠤᠮᠢᠯᠠᠨ ᠮᠦᠰᠦ ᠴᠠᠰᠤᠨ ᠤ ᠵᠤᠭᠠᠴᠠᠯ ᠤᠨ ᠲᠤᠬᠠᠢ ᠪᠠᠶᠢᠴᠠᠭᠠᠨ ᠰᠤᠳᠤᠯᠵᠦ᠂ ᠲᠤᠷᠰᠢᠯᠭ᠎ᠠ ᠰᠤᠷᠤᠯᠴᠠᠭᠤᠯᠤᠬᠰᠠᠨ ᠪᠦᠭᠡᠳ ᠠᠵᠢᠯ ᠢ ᠠᠬᠢᠭᠤᠯᠬᠤ 7 ᠲᠤᠰᠬᠠᠢ ᠲᠦᠷᠦᠯ ᠤᠨ ᠲᠤᠭᠤᠢᠢᠯᠠᠩ ᠪᠠᠶᠢᠭᠤᠯᠵᠦ᠂ ᠡᠯ᠎ᠠ ᠲᠦᠷᠦᠯ ᠤᠨ ᠠᠵᠢᠯ ᠳᠤ ᠬᠠᠷᠢᠭᠤᠴᠠᠯᠭᠠᠳᠠᠨ ᠪᠤᠯᠤᠨ ᠪᠡᠶᠡᠯᠡᠭᠦᠯᠭᠦ ᠴᠠᠭ ᠬᠤᠭᠤᠴᠠᠭ᠎ᠠ ᠲᠤᠭᠳᠠᠭᠠᠪᠠ᠃ ᠤᠳᠤᠬᠠᠨ ᠠᠵᠢᠯᠯᠠᠭ᠎ᠠ ᠶᠢᠨ ᠡᠬᠢᠯᠡᠯᠳᠡ ᠶᠢᠨ ᠶᠤᠰᠤᠯᠠᠯ ᠤᠨ ᠡᠯ᠎ᠠ ᠲᠦᠷᠦᠯ ᠤᠨ ᠠᠵᠢᠯ ᠪᠡᠯᠡᠭᠡᠨ ᠪᠤᠯᠵᠦ᠂ ᠠᠵᠢᠯᠯᠠᠭ᠎ᠠ ᠶᠢᠨ ᠲᠦᠰᠦᠯ ᠢ ᠲᠤᠭᠳᠠᠭᠠᠵᠦ᠂ ᠵᠤᠬᠢᠶᠠᠨ ᠪᠠᠶᠢᠭᠤᠯᠬᠤ ᠵᠦᠪᠯᠡᠯ ᠪᠠᠶᠢᠭᠤᠯᠤᠭᠰᠠᠨ ᠤ ᠬᠠᠮᠳᠦ᠂ ᠤᠬᠠᠭᠤᠯᠭ᠎ᠠ ᠦᠷᠨᠢᠭᠦᠯᠵᠦ᠂ ᠬᠤᠳᠠ ᠪᠠᠯᠭᠠᠰᠤᠨ ᠤ ᠤᠷᠴᠢᠨ ᠲᠤᠭᠤᠷᠢᠨ ᠤ ᠴᠡᠭᠴᠡᠯᠡᠨ ᠵᠠᠰᠠᠯᠳᠠ᠂ ᠠᠮᠤᠷ ᠲᠦᠪᠰᠢᠨ᠂ ᠠᠷᠦ ᠲᠠᠯ᠎ᠠ ᠶᠢᠨ ᠪᠠᠳᠤᠯᠠᠭ᠎ᠠ ᠵᠡᠷᠭᠡ ᠠᠵᠢᠯ ᠶᠠᠭ ᠤᠷᠤᠭᠰᠢᠳᠠᠢ ᠶᠠᠪᠤᠭᠳᠠᠵᠦ ᠪᠤᠢ᠃  
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号