ᠰᠦᠨᠢᠳ ᠵᠡᠭᠦᠨ ᠬᠤᠰᠢᠭᠤ ᠡᠨ᠋ᠨ ᠵᠢᠯ 295 ᠡᠷᠤᠭᠡ ᠶᠢᠨ 786 ᠬᠦᠮᠤᠨ ᠢ ᠶᠡᠳᠡᠭᠤ ᠠᠴᠠ ᠠᠩᠭᠢᠵᠢᠷᠡᠭᠤᠯᠪᠡ
ᠨᠡᠶᠢᠲᠡᠯᠡᠭᠰᠡᠨ ᠴᠠᠭ᠄
2016/12/6
    ᠰᠦᠨᠢᠳ ᠵᠡᠭᠦᠨ ᠬᠤᠰᠢᠭᠤ ︽ᠵᠢᠷᠭᠤᠭᠠᠨ ᠤᠨᠤᠪᠴᠢᠳᠡᠢ︾ ᠪᠡ ︽ᠲᠡᠪᠤᠨ ᠨᠢᠭᠡ ᠪᠦᠯᠥᠭ︾᠎ ᠤᠨ ᠱᠠᠭᠠᠷᠳᠡᠯᠭ᠎ᠠ ᠶᠤᠰᠤᠭᠠᠷ ᠮᠠᠯᠵᠢᠬᠤ ᠤᠷᠤᠨ ᠤ ᠪᠤᠳᠡᠳᠡᠢ ᠬᠦᠴᠢᠷᠳᠡᠯ ᠲᠠᠢ ᠤᠶᠡᠯᠳᠤᠭᠤᠯᠤᠨ ᠶᠡᠭᠤ ᠲᠤᠳᠡᠵᠤ ᠪᠠᠶᠢᠪᠡᠯ ᠶᠡᠭᠤ ᠶᠢ ᠨᠢ ᠨᠦᠬᠦᠪᠤᠷᠢᠯᠡᠬᠦ ᠵᠠᠷᠴᠢᠮ ᠢᠶᠠᠷ᠂ ᠡᠯ᠎ᠡ ᠵᠦᠢᠯ ᠤᠨ ᠲᠦᠷᠤᠯ ᠵᠦᠢᠯ ᠤᠨ ᠪᠡᠯᠨ ᠮᠦᠡᠭᠭᠦ ᠪᠠᠨ ᠨᠡᠶᠢᠯᠡᠭᠦᠯᠤᠨ ᠠᠵᠤ ᠦᠢᠯᠡᠰ᠂ ᠠᠮᠢ ᠠᠬᠤᠢ᠂ ᠨᠡᠭᠦᠯᠭᠡᠨ ᠰᠢᠯᠵᠢᠭᠦᠯᠬᠦ᠂ ᠰᠤᠷᠭᠠᠨ ᠬᠦᠮᠤᠵᠢᠯ᠂ ᠨᠡᠶᠢᠭᠡᠮ ᠤᠨ ᠪᠡᠳᠤᠯᠠᠭ᠎ᠠ ᠪᠠᠷ ᠲᠡᠳᠭᠦᠬᠦ ᠵᠡᠷᠭᠡ ᠤᠯᠡᠨ ᠠᠷᠭ᠎ᠠ ᠪᠠᠷ ᠲᠡᠳᠭᠦᠭᠡᠳ ᠲᠡᠩᠰᠨ ᠡᠪᠭᠡᠮᠡᠯ ᠪᠠᠶᠢᠭᠤᠯᠤᠭᠰᠠᠨ 295 ᠡᠷᠤᠭᠡ ᠶᠢᠨ 786 ᠬᠦᠮᠤᠨ ᠢ ᠨᠢᠭᠡᠨᠳᠡ ᠶᠡᠳᠡᠭᠤ ᠠᠴᠠ ᠠᠩᠭᠢᠵᠢᠷᠡᠭᠤᠯᠵᠡᠢ᠃     ᠰᠦᠨᠢᠳ ᠵᠡᠭᠦᠨ ᠬᠤᠰᠢᠭᠤ ᠪᠤᠯ ᠦᠪᠡᠷᠳᠡᠭᠡᠨ ᠵᠡᠰᠡᠬᠤ ᠤᠷᠤᠨ ᠤ ᠲᠡᠰ ᠤᠨ ᠭᠤᠤᠯᠳᠡᠯᠭ᠎ᠠ ᠲᠠᠢ ᠶᠡᠳᠡᠭᠤ ᠬᠦᠴᠢᠷᠳᠡᠯᠳᠡᠢ ᠬᠤᠰᠢᠭᠤ ᠪᠤᠯᠤᠨ᠎ᠡ᠂ ᠪᠦᠬᠦ ᠬᠤᠰᠢᠭᠤᠨ ᠤ ᠶᠡᠳᠡᠭᠤ ᠬᠦᠴᠢᠷᠳᠡᠯᠳᠡᠢ ᠬᠦᠮᠤᠨ ᠠᠮᠨ 295 ᠡᠷᠤᠭᠡ ᠶᠢᠨ 786 ᠬᠦᠮᠤᠨ ᠪᠤᠢ᠃ ᠲᠤᠰ ᠬᠤᠰᠢᠭᠤ ᠲᠦᠷᠤᠯ ᠬᠤᠪᠢᠶᠡᠨ ᠳᠡᠳᠭᠦᠵᠦ᠂ ᠠᠵᠤ ᠦᠢᠯᠡᠰ ᠢᠶᠠᠷ 150 ᠡᠷᠤᠭᠡ ᠶᠢᠨ 395 ᠬᠦᠮᠤᠨ ᠢ ᠲᠡᠳᠭᠦᠵᠤ᠂ 38 ᠡᠷᠤᠭᠡ ᠶᠢᠨ 113 ᠬᠦᠮᠤᠨ ᠢ ᠨᠡᠭᠦᠯᠭᠡᠨ ᠰᠢᠯᠵᠢᠭᠦᠯᠤᠨ ᠲᠡᠳᠭᠦᠵᠤ᠂ ᠠᠮᠢ ᠠᠬᠤᠢ ᠶᠢᠨ ᠳᠦᠷᠦᠯ ᠵᠦᠢᠯ ᠢᠶᠠᠷ 28 ᠡᠷᠤᠭᠡ ᠶᠢᠨ 78 ᠬᠦᠮᠤᠨ ᠢ ᠲᠡᠳᠭᠦᠵᠤ᠂ ᠰᠤᠷᠭᠠᠨ ᠬᠦᠮᠤᠵᠢᠯ ᠢᠶᠠᠷ 8 ᠡᠷᠤᠭᠡ ᠶᠢᠨ 25 ᠬᠦᠮᠤᠨ ᠢ ᠲᠡᠳᠭᠦᠵᠤ᠂ ᠲᠦᠷᠤ ᠶᠢᠨ ᠪᠤᠳᠤᠯᠭ᠎ᠠ ᠪᠠᠷ 71 ᠡᠷᠤᠭᠡ ᠶᠢᠨ 175 ᠬᠦᠮᠤᠨ ᠢ ᠲᠡᠳᠭᠦᠵᠡᠢ᠃     ᠶᠡᠳᠡᠭᠤ ᠬᠦᠴᠢᠷᠳᠡᠯᠳᠡᠢ ᠡᠷᠤᠭᠡ ᠶᠢᠨ ᠰᠠᠶᠢᠨ ᠳᠤᠷ᠎ᠠ ᠶᠢ ᠦᠨᠳᠦᠰᠦᠯᠡᠨ᠂ ᠮᠤᠩᠭᠤᠯ ᠭᠡᠷ ᠪᠡ ᠰᠢᠪᠠᠷ ᠪᠠᠶᠢᠰᠢᠩ ᠳᠤ ᠰᠠᠭᠤᠵᠦ ᠪᠠᠶᠢᠬᠤ ᠠᠶᠢᠯ ᠡᠷᠦᠭᠡ ᠶᠢᠨ ᠤᠷᠤᠨ ᠰᠠᠭᠤᠴᠠ ᠶᠢᠨ ᠨᠦᠬᠦᠴᠡᠯ ᠢ ᠰᠠᠶᠢᠵᠢᠷᠡᠭᠤᠯᠬᠤ ᠪᠠᠷ ᠭᠤᠤᠯ ᠪᠤᠯᠭᠠᠵᠤ᠂ ︽ᠭᠤᠷᠪᠡ ᠶᠢ ᠭᠠᠴᠠᠭ᠎ᠠ ᠳᠤ ᠬᠦᠷᠭᠡᠬᠦ ᠭᠤᠷᠪᠠ ᠶᠢ ᠡᠷᠤᠭᠡ ᠳᠤ ᠭᠦᠷᠭᠡᠬᠦ︾ ᠲᠦᠷᠤᠯ ᠵᠦᠢᠯ ᠢ ᠨᠡᠶᠢᠳᠡ 13 ᠭᠠᠴᠠᠭᠠᠨ ᠳᠤ ᠭᠡᠷᠡᠭᠵᠢᠭᠦᠯᠪᠠ᠃ ᠲᠦᠷᠤᠯ ᠵᠦᠢᠯ ᠭᠡᠷᠡᠭᠵᠢᠭᠦᠯᠦᠭᠡᠳᠦᠢ ᠶᠠᠳᠠᠭᠤ ᠬᠦᠴᠢᠷᠳᠡᠯᠳᠠᠢ ᠭᠠᠴᠠᠭ᠎ᠠ ᠶᠢ ᠲᠡᠳᠭᠦᠬᠦ ᠶᠢᠨ ᠳᠤᠰᠠᠳᠡ ᠬᠤᠰᠢᠭᠤᠨ ᠤ ᠵᠠᠰᠠᠬ ᠤᠨ ᠤᠷᠳᠤᠨ 300 ᠲᠦᠮᠡᠨ ᠲᠦᠭᠦᠷᠢᠭ ᠤᠨ ᠪᠡᠯᠨ ᠤᠷᠤᠭᠤᠯᠤᠨ᠂ ᠠᠶᠢᠮᠠᠬ ᠤᠨ ᠢᠵᠢ ᠪᠦᠷᠢᠳᠥᠭᠰᠡᠨ ᠪᠡᠯᠨ ᠮᠦᠡᠭᠭᠦ ᠲᠠᠢ ᠤᠶᠡᠯᠳᠤᠭᠤᠯᠤᠨ ᠲᠡᠩᠰᠨ ᠡᠪᠭᠡᠮᠡᠯ ᠪᠠᠶᠢᠭᠤᠯᠤᠡᠡᠰᠡᠨ ᠶᠡᠳᠡᠭᠤ ᠬᠦᠴᠢᠷᠳᠡᠯᠳᠡᠢ ᠡᠷᠤᠭᠡ ᠪᠦᠷᠢ ᠳᠤ 3 ᠲᠦᠮᠡᠨ ᠲᠦᠭᠦᠷᠢᠭ ᠤᠨ ᠪᠡᠯᠨ ᠤᠷᠤᠭᠤᠯᠵᠤ᠂ ᠪᠤᠳᠠᠳᠦ ᠪᠠᠶᠢᠳᠠᠯ ᠳᠤᠨᠢ ᠵᠤᠬᠢᠴᠠᠭᠤᠯᠤᠨ ᠲᠡᠳᠭᠦᠵᠡᠢ᠃ ᠪᠦᠬᠦ ᠬᠤᠰᠢᠭᠤᠨ ᠳᠤ 168 ᠪᠠᠶᠢᠰᠢᠩ᠂ 73 ᠫᠸᠡᠭ ᠪᠠᠶᠢᠭᠤᠯᠤᠨ᠂ ᠨᠡᠷᠨ ᠰᠡᠯᠬᠢᠨ ᠤ ᠴᠠᠬᠢᠯᠭᠠᠨ ᠮᠠᠰᠢᠨ 96 ᠢᠵᠢ᠂ ᠤᠰᠤ ᠠᠷᠢᠭᠤᠳᠬᠠᠬᠤ ᠲᠦᠬᠦᠭᠡᠷᠤᠮᠵᠢ 143 ᠤᠬᠰᠠᠷᠠᠵᠦ᠂ 38 ᠬᠦᠮᠤᠨ ᠤ ᠨᠠᠰᠤᠵᠢᠯ ᠤᠨ ᠲᠠᠭᠠᠳᠬᠠᠯ ᠤᠨ ᠮᠦᠡᠭᠭᠦ ᠶᠢ ᠲᠤᠰᠢᠶᠡᠨ ᠦᠭᠴᠤ᠂ 2762 ᠡᠭᠡ ᠮᠠᠯ᠂ 34 ᠦᠨᠢᠶ᠎ᠡ ᠬᠤᠳᠡᠯᠳᠤᠨ ᠠᠪᠴᠦ ᠦᠭᠴᠤ᠂ 45 ᠬᠤᠳᠳᠤᠬ ᠮᠠᠯᠳᠡᠨ᠂ 315 ᠡᠷᠤᠭᠡ ᠶᠢᠨ 830 ᠬᠦᠮᠤᠨ ᠢ ᠲᠡᠳᠭᠦᠵᠡᠢ᠃     ᠬᠦᠮᠤᠨ ᠠᠮᠨ ᠴᠦᠭᠡᠨ᠂ ᠨᠤᠳᠤᠬ ᠪᠡᠯᠴᠢᠭᠡᠷ ᠶᠡᠭᠡ᠂ ᠮᠠᠯ ᠴᠦᠭᠡᠨ 28 ᠡᠷᠤᠭᠡ ᠶᠢᠨ 78 ᠬᠦᠮᠤᠨ ᠢ ᠳᠡᠳᠭᠦᠬᠦ ᠳᠡᠭᠡᠨ ᠤᠯᠤᠰ ᠤᠨ ᠬᠤᠶᠡᠳᠤᠭᠠᠷ ᠡᠭᠡᠯᠵᠢ ᠶᠢᠨ ᠨᠤᠳᠤᠬ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠳᠡ‌‍ᠶᠢᠨ ᠨᠦᠬᠦᠪᠤᠷᠢ ᠱᠠᠩᠨᠡᠯ ᠤᠨ ᠲᠤᠭᠳᠠᠴᠨ ᠵᠢᠴᠢ ᠨᠡᠶᠢᠳᠡ‌‍ᠶᠢᠨ ᠤᠢ ᠶᠢᠨ ᠨᠦᠬᠦᠪᠤᠷᠢ ᠱᠠᠩᠨᠡᠯ ᠤᠨ ᠲᠤᠭᠳᠡᠴᠨ ᠵᠡᠷᠭᠡ ᠭᠤᠤᠯᠳᠡᠯᠭ᠎ᠠ ᠲᠠᠢ ᠠᠮᠢ ᠠᠬᠤᠢ ᠶᠢᠨ ᠢᠨᠵᠧᠨᠧᠷᠢᠩ ᠢᠶᠠᠷ ᠭᠤᠤᠯᠳᠡᠯᠭ᠎ᠠ ᠪᠤᠯᠭᠠᠵᠤ᠂ ᠲᠡᠳᠡᠨ‌‍ᠤ ᠡᠳ᠋ ᠬᠦᠷᠤᠩᠭᠡ ᠶᠢᠨ ᠴᠢᠨᠡᠷᠳᠡᠢ ᠤᠷᠤᠯᠭ᠎ᠠ ᠶᠢ ᠨᠡᠮᠡᠭᠳᠡᠭᠦᠯᠤᠨ᠂ ᠲᠤᠭᠳᠡᠭᠤᠨ ᠢᠶᠠᠷ ᠶᠡᠳᠡᠭᠤ ᠠᠴᠠ ᠠᠩᠭᠢᠵᠢᠷᠡᠭᠤᠯᠵᠡᠢ     ᠠᠮᠢ ᠠᠬᠤᠢ ᠶᠢᠨ ᠤᠷᠴᠢᠨ ᠲᠤᠭᠤᠷᠢᠨ ᠲᠤᠩ ᠭᠡᠪᠡᠷᠡᠭ ᠪᠠᠶᠢᠵᠦ᠂ ᠲᠤᠰ ᠭᠠᠵᠠᠷ ᠲᠤᠨᠢ ᠲᠡᠳᠭᠦᠨ ᠲᠡᠩᠭᠡᠷᠡᠭᠦᠯᠬᠦ ᠳᠤ ᠮᠠᠰᠢ ᠬᠦᠴᠢᠷᠳᠡᠢ 38 ᠡᠷᠤᠭᠡ ᠶᠢᠨ113 ᠬᠦᠮᠤᠨ ᠢ ᠪᠤᠰᠤᠳ ᠭᠠᠵᠠᠷ ᠨᠡᠭᠦᠯᠭᠡᠨ ᠰᠢᠯᠵᠢᠭᠦᠯᠤᠨ‌‍ᠲ᠋ᠦ᠋ᠪᠬᠢᠨᠡᠭᠦᠯᠵᠦ ᠳᠡᠳᠬᠦᠬᠦ ᠠᠷᠭ᠎ᠠ ᠠᠪᠴᠦ᠂ ᠤᠳᠤ ᠳᠡᠳᠡ ᠰᠢᠨ᠎ᠡ ᠪᠠᠶᠢᠰᠢᠩ ᠳᠠᠭᠠᠨ ᠨᠡᠭᠦᠵᠤ ᠤᠷᠤᠬᠤ ᠪᠠᠷ ᠪᠤᠢ᠃     ᠠᠯᠪᠡᠨ ᠵᠢᠷᠤᠮ ᠤᠨ ᠰᠤᠷᠭᠠᠨ ᠬᠦᠮᠤᠵᠢᠯ ᠤᠨ ᠱᠠᠳᠤᠨ ᠤ ︽ᠲᠦᠷᠪᠡ ᠶᠢ ᠭᠡᠯᠳᠤᠷᠢᠭᠦᠯᠵᠤ ᠬᠤᠶᠡᠷ ᠢ ᠨᠦᠬᠦᠪᠤᠷᠢᠯᠡᠬᠦ︾ ᠲᠦᠷᠤ ᠶᠢᠨ ᠪᠤᠳᠤᠯᠭ᠎ᠠ ᠶᠢ ᠢᠳᠡᠪᠬᠢᠳᠡᠢ ᠨᠡᠶᠢᠳᠡᠪᠤᠷᠢᠵᠢᠭᠤᠯᠤᠭᠰᠡᠨ ᠰᠠᠭᠤᠷᠢ ᠲᠡᠭᠡᠷ᠎ᠡ ᠪᠠᠨ ᠶᠡᠳᠡᠭᠤ ᠬᠦᠴᠢᠷᠳᠡᠯᠳᠡᠢ ᠡᠷᠤᠭᠡ ᠵᠢᠴᠢ ᠮᠠᠯᠵᠢᠬᠤ ᠤᠷᠤᠨ ᠤ ᠨᠡᠭᠠᠳᠤ ᠵᠠᠬ᠎ᠠ ᠶᠢᠨ ᠪᠡᠳᠤᠯᠠᠭᠠᠳᠤ ᠡᠷᠤᠭᠡ ᠶᠢᠨ 21 ᠤᠶᠤᠳᠡᠨ ᠳᠤ 78 ᠲᠦᠮᠡᠨ ᠲᠦᠭᠦᠷᠢᠭ ᠤᠨ ᠰᠤᠷᠤᠯᠭ᠎ᠠ ᠶᠢᠨ ᠲᠡᠳᠭᠦᠮᠵᠢ ᠶᠢᠨ ᠮᠦᠡᠭᠭᠦ ᠤᠯᠭᠤᠵᠤ᠂ 185 ᠰᠤᠷᠤᠭᠴᠢ ᠳᠤ 101 ᠲᠦᠮᠡᠨ ᠲᠦᠭᠦᠷᠢᠭ ᠤᠨ ᠰᠤᠷᠤᠯᠭ᠎ᠠ ᠲᠡᠳᠭᠦᠬᠦ ᠵᠢᠭᠡᠯᠡᠯᠭᠡ ᠤᠯᠭᠤᠵᠤ᠂ ᠲᠤᠮᠳᠡᠳᠤ ᠰᠤᠷᠭᠠᠭᠤᠯᠢ ᠶᠢᠨ 115 ᠰᠤᠷᠤᠭᠴᠢ ᠳᠤ 23 ᠲᠦᠮᠡᠨ ᠲᠦᠭᠦᠷᠢᠭ ᠤᠨ ᠤᠯᠤᠰ ᠤᠨ ᠰᠤᠷᠤᠯᠭ᠎ᠠ ᠶᠢᠨ ᠲᠡᠳᠭᠦᠮᠵᠢ ᠶᠢᠨ ᠮᠦᠡᠭᠭᠦ ᠤᠯᠭᠤᠵᠠᠢ᠃     ᠨᠡᠶᠢᠭᠡᠮ ᠤᠨ ᠪᠡᠳᠤᠯᠠᠭ᠎ᠠ ᠪᠠᠷ ᠶᠡᠳᠡᠭᠤ ᠶᠢ ᠲᠡᠳᠭᠦᠬᠦ ᠶᠢ ᠡᠷᠴᠢᠮᠳᠠᠢ ᠠᠳᠬᠤᠵᠦ᠂ 80 ᠲᠦᠮᠡᠨ ᠲᠦᠭᠦᠷᠢᠭ ᠤᠨ ᠪᠡᠯᠨ ᠤᠷᠤᠭᠤᠯᠵᠤ᠂ ᠬᠤᠰᠢᠭᠤᠨ ᠤ ᠡᠮᠨᠡᠯᠭᠡ ᠶᠢᠨ ᠬᠤᠷᠢᠶᠡᠨ ᠳᠤ ᠠᠯᠤᠰ ᠡᠵᠡᠮᠰᠢᠯᠳᠤ ᠡᠮᠨᠡᠯᠭᠡ ᠶᠢᠨ ᠲᠦᠬᠦᠭᠡᠷᠤᠮᠵᠢ ᠤᠷᠤᠭᠤᠯᠵᠤ᠂ ᠡᠮ ᠡᠮᠨᠡᠯᠭᠡ ᠶᠢᠨ ᠦᠢᠯᠡᠴᠢᠯᠡᠬᠦ ᠬᠢᠷᠢ ᠲᠦᠪᠰᠢᠨ ᠢᠶᠠᠨ ᠲᠡᠭᠡᠭᠰᠢᠯᠡᠭᠦᠯᠵᠤ᠂ ᠶᠡᠳᠡᠭᠤ ᠬᠦᠴᠢᠷᠳᠡᠯᠳᠡᠢ ᠤᠯᠡᠨ ᠲᠦᠮᠡᠨ ᠤ ᠡᠪᠡᠳᠴᠢᠨ ᠦᠵᠡᠭᠦᠯᠬᠦ ᠳᠤ ᠬᠦᠴᠢᠷ᠂ ᠡᠪᠡᠳᠴᠢᠨ ᠦᠵᠡᠭᠦᠯᠬᠦ ᠳᠤ ᠦᠨᠡᠳᠡᠢ ᠠᠰᠡᠭᠤᠳᠡᠯ ᠢ ᠦᠨᠡᠡᠬᠦ ᠰᠢᠢᠳᠪᠤᠷᠢᠯᠡᠵᠤ᠂ ᠡᠪᠡᠳᠴᠢᠨ ᠡᠮᠭᠡᠭ ᠠᠴᠠ ᠪᠤᠯᠵᠤ ᠶᠡᠳᠡᠭᠤᠷᠡᠨ᠂ ᠲᠡᠬᠢᠨ ᠶᠡᠳᠡᠭᠤᠷᠡᠬᠤ ᠠᠰᠡᠭᠤᠳᠡᠯ ᠢ ᠰᠡᠷᠭᠡᠶᠢᠯᠡᠵᠡᠢ᠃ ᠡᠨ᠋ᠨ ᠵᠢᠯ ᠮᠠᠯᠵᠢᠬᠤ ᠤᠷᠤᠨ ᠤ ᠶᠡᠳᠡᠭᠤ ᠬᠦᠴᠢᠷᠳᠡᠯᠳᠡᠢ ᠡᠷᠤᠭᠡ ᠶᠢᠨ ᠬᠤᠷᠰᠢᠡᠡᠰᠡᠨ ᠡᠮᠨᠡᠯᠭᠡ ᠶᠢᠨ ᠲᠡᠭᠠᠳᠬᠠᠯ ᠤᠨ ᠮᠦᠡᠭᠭᠦ ᠶᠢ ᠬᠤᠰᠢᠭᠤᠨ ᠤ ᠡᠳ᠋ ᠤᠨ ᠵᠠᠰᠠᠬ ᠠᠴᠠ ᠪᠦᠬᠦᠨ ᠢ ᠤᠷᠤᠯᠡᠨ ᠲᠤᠰᠢᠶᠡᠵᠤ᠂ ᠬᠦᠳᠡᠯᠮᠤᠷᠢᠯᠡᠬᠦ ᠴᠢᠳᠡᠪᠤᠷᠢ ᠪᠠᠨ ᠠᠯᠳᠠᠭᠰᠠᠨ ᠨᠠᠰᠤᠳᠡᠳ ᠪᠡᠭᠤᠷᠡᠶᠢᠴᠤᠤᠯ ᠢᠶᠠᠷ ᠭᠤᠤᠯ ᠪᠤᠯᠭᠠᠡᠡᠰᠡᠨ ᠲᠡᠩᠰᠨ ᠡᠪᠭᠡᠮᠡᠯ ᠪᠠᠶᠢᠭᠤᠯᠤᠡᠡᠰᠡᠨ 71 ᠡᠷᠤᠭᠡ ᠶᠢᠨ 175 ᠬᠦᠮᠤᠨ ᠢ ᠮᠠᠯᠵᠢᠬᠤ ᠤᠷᠤᠨ ᠤ ᠨᠡᠭᠠᠳᠤ ᠵᠠᠬ ᠎ᠡ ᠶᠢᠨ ᠠᠮᠢᠳᠤᠷᠡᠯ ᠤᠨ ᠪᠡᠳᠤᠯᠠᠭ᠎ᠠ ᠳᠤ ᠤᠷᠤᠭᠤᠯᠵᠡᠢ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号