ᠰᠦᠨᠢᠳ ᠵᠡᠭᠦᠨ ᠬᠤᠰᠢᠭᠤᠨ ᠤ ᠠᠷᠠᠳ ᠤᠨ ᠰᠢᠬᠦᠬᠦ ᠬᠤᠷᠢᠶ᠎ᠠ ᠮᠤᠩᠭᠤᠯ ᠬᠡᠯᠡ ᠦᠰᠦᠭ ᠪᠢᠴᠢᠭ ᠢ ᠴᠢᠬᠤᠯᠠᠴᠢᠯᠠᠨ ᠭᠡᠷᠡᠭᠯᠡᠵᠤ ᠮᠠᠯᠴᠢᠨ ᠲᠦᠮᠡᠨ ᠤ ᠬᠠᠦᠯᠢ ᠶᠤᠰᠤᠨ ᠤ ᠡᠷᠬᠡ ᠠᠰᠢᠭ ᠢ ᠬᠠᠮᠠᠭᠠᠯᠠᠵᠤ ᠪᠠᠶᠢᠨ᠎ᠠ
ᠨᠡᠶᠢᠲᠡᠯᠡᠭᠰᠡᠨ ᠴᠠᠭ᠄
2016/12/6
    ᠰᠦᠨᠢᠳ ᠵᠡᠬᠦᠨ ᠬᠤᠰᠢᠭᠤ ᠪᠤᠯ 34251.7 ᠲᠦᠮᠡᠨ ᠬᠠᠪᠳᠠᠭᠠᠢ ᠲᠦᠷᠪᠡᠯᠵᠢᠨ ᠺᠢᠯᠤᠮᠧᠲᠷ ᠨᠤᠳᠤᠭ ᠳᠡᠪᠢᠰᠭᠡᠷ ᠲᠠᠢ᠂ 3.37 ᠲᠦᠮᠡᠨ ᠬᠦᠮᠦᠨ ᠠᠮᠠ ᠲᠠᠢ᠂ ᠮᠤᠩᠭᠤᠯ ᠦᠨᠳᠦᠰᠦᠳᠡᠨ ᠤ ᠬᠦᠮᠦᠨ ᠠᠮᠠ ᠪᠦ᠋ᠬᠦ ᠬᠤᠰᠢᠭᠤᠨ ᠤ ᠬᠦᠮᠦᠨ ᠠᠮᠠ ᠶᠢᠨ 60.8 %᠎ ᠶᠢ ᠡᠵᠡᠯᠡᠵᠤ ᠪᠠᠶᠢᠭ᠎ᠠ ᠮᠠᠯᠵᠢᠬᠤ ᠬᠤᠰᠢᠭᠤ ᠪᠤᠯᠤᠨ᠎ᠠ᠃ ᠡᠶᠢᠨᠬᠦ ᠲᠤᠰ ᠬᠤᠰᠢᠭᠤᠨ ᠤ ᠠᠷᠠᠳ ᠤᠨ ᠰᠢᠬᠦᠬᠦ ᠬᠤᠷᠢᠶ᠎ᠡ ᠶᠢᠨ ᠤᠯᠠᠩᠬᠢ ᠭᠡᠷᠡᠭ ᠤᠨ ᠳᠣᠬᠠᠢ ᠶᠢᠨ ᠬᠦᠮᠦᠨ ᠨᠢ ᠮᠤᠩᠭᠤᠯ ᠦᠨᠳᠦᠰᠦᠳᠡᠨ ᠪᠤᠯᠬᠤᠷ ᠮᠤᠩᠭᠤᠯ ᠭᠡᠯᠡᠨ ᠤ ᠭᠡᠷᠡᠭᠯᠡᠭᠡ ᠶᠢᠨ ᠬᠦᠷᠢᠶ᠎ᠡ ᠬᠡᠪᠴᠢᠶ᠎ᠡ ᠶᠢ ᠴᠢᠬᠤᠯᠠᠴᠢᠯᠠᠨ ᠦᠷᠭᠡᠳᠭᠡᠵᠤ᠂ ᠮᠤᠩᠭᠤᠯ ᠭᠡᠯᠡᠨ ᠤ ᠬᠠᠤᠯᠢ ᠶᠢᠨ ᠠᠵᠢᠯᠳᠠᠨ ᠢ ᠴᠢᠷᠮᠠᠶᠢᠨ ᠬᠦᠮᠦᠵᠢᠬᠦᠯᠵᠤ᠂ ᠴᠦᠬᠡᠨ ᠳᠣᠭᠠᠳᠣ ᠦᠨᠳᠦᠰᠦᠳᠡᠨ ᠤ ᠳᠤᠬᠠᠢ ᠶᠢᠨ ᠬᠦᠮᠦᠨ ᠤ ᠦᠪᠡᠷ ᠤᠨ ᠦᠬᠡ ᠬᠡᠯᠡ ᠦᠰᠦᠭ ᠪᠢᠴᠢᠭ ᠢᠶᠠᠨ ᠠᠰᠢᠭᠯᠠᠨ ᠬᠠᠤᠯᠢ ᠶᠤᠰᠤᠨ ᠤ ᠡᠷᠭᠡ ᠠᠰᠢᠭ ᠢ ᠬᠠᠮᠠᠭᠠᠯᠠᠬᠤ ᠳᠤ ᠴᠢᠬᠤᠯᠠ ᠪᠠᠳᠤᠯᠠᠭ᠎ᠠ ᠬᠠᠩᠭᠠᠵᠦ ᠪᠠᠶᠢᠨ᠎ᠠ᠃     ᠲᠤᠰ ᠬᠤᠰᠢᠭᠤᠨ ᠤ ᠠᠷᠠᠳ ᠤᠨ ᠰᠢᠬᠦᠬᠦ ᠬᠤᠷᠢᠶ᠎ᠠ ᠦᠨᠳᠦᠰᠦᠨ ᠬᠠᠤᠯᠢ ᠶᠢᠨ 134 ᠵᠤᠷᠪᠤᠰ ᠤᠨ ︽ᠰᠢᠬᠦᠬᠦ ᠳᠣᠰᠢᠶᠠᠯᠳᠠᠨ ᠰᠢᠬᠦᠯᠳᠠ ᠶᠢᠨ ᠶᠠᠪᠤᠴᠠ ᠳᠤ ᠳᠣᠬᠠᠢ ᠶᠢᠨ ᠬᠦᠮᠦᠨ ᠤ ᠦᠪᠡᠷ ᠤᠨ ᠦᠨᠳᠦᠰᠦᠳᠡᠨ ᠤ ᠦᠬᠡ ᠬᠡᠯᠡ ᠦᠰᠦᠭ ᠪᠢᠴᠢᠭ ᠢᠶᠠᠷ ᠢᠶᠠᠨ ᠵᠠᠷᠭᠤ ᠳᠤ ᠣᠷᠣᠯᠴᠠᠬᠤ ᠶᠢ ᠪᠠᠳᠣᠯᠠᠬᠤ ᠭᠡᠷᠡᠭᠲᠡᠢ︾ ᠭᠡᠬᠦ ᠳᠣᠭᠳᠠᠭᠠᠯ ᠢ ᠭᠡᠷᠡᠭᠵᠢᠬᠦᠯᠦᠨ ᠭᠡᠷᠡᠭ ᠳᠠᠩᠰᠠᠯᠠᠬᠤ ᠠᠴᠠ ᠡᠬᠢᠯᠡᠨ᠂ ᠮᠤᠩᠭᠤᠯ ᠦᠬᠡ ᠬᠡᠯᠡ ᠦᠰᠦᠭ ᠪᠢᠴᠢᠭ ᠢᠶᠠᠨ ᠭᠡᠷᠡᠭᠯᠡᠵᠤ ᠴᠢᠳᠠᠳᠠᠭ ᠰᠢᠬᠦᠭᠴᠢ ᠪᠤᠶᠤ ᠰᠢᠬᠦᠭᠴᠢ ᠶᠢᠨ ᠳᠣᠰᠠᠯᠠᠭᠴᠢ ᠶᠢ ᠳᠣᠬᠢᠷᠠᠭᠤᠯᠤᠨ᠂ ᠭᠡᠷᠡᠭ ᠢᠶᠠᠷ ᠳᠡᠩᠰᠠᠯᠠᠬᠤ ᠪᠠ ᠬᠠᠤᠯᠢ ᠴᠠᠭᠠᠵᠠ ᠶᠢᠨ ᠭᠡᠷᠡᠭ ᠤᠨ ᠳᠣᠬᠠᠢ ᠠᠰᠠᠭᠤᠯᠳᠠ ᠳᠤ ᠬᠠᠮᠢᠶ᠎ᠡ ᠪᠦᠬᠦᠢ ᠳᠠᠶᠢᠯᠪᠦᠷᠢᠯᠡᠯᠳᠡ ᠶᠢᠨ ᠦᠢᠯᠡᠴᠢᠯᠡᠭᠡ ᠬᠠᠩᠭᠠᠵᠦ ᠪᠠᠶᠢᠨ᠎ᠠ᠃ ᠡᠬᠦᠨ ᠤ ᠬᠠᠮᠳᠤ ᠵᠠᠷᠭᠤ ᠵᠠᠭᠠᠯᠳᠤᠯᠭ᠎ᠠ ᠶᠢᠨ ᠶᠠᠪᠤᠴᠠ ᠳᠤ ᠳᠣᠬᠠᠢ ᠶᠢᠨ ᠬᠦᠮᠦᠨ ᠤ ᠮᠤᠩᠭᠤᠯ ᠭᠡᠯᠡ ᠪᠠᠷ ᠢᠶᠠᠨ ᠬᠡᠯᠡᠵᠤ ᠢᠯᠡᠳᠭᠡᠬᠦ ᠶᠢ ᠵᠤᠷᠢᠭᠵᠢᠭᠤᠯᠳᠠᠭ ᠪᠠ ᠵᠠᠷᠭᠤ ᠶᠢᠨ ᠪᠢᠴᠢᠭ ᠮᠠᠲ᠋ᠧᠷᠢᠶᠠᠯ ᠢ ᠮᠤᠩᠭᠤᠯ ᠢᠶᠠᠷ ᠢᠶᠠᠨ ᠪᠢᠴᠢᠬᠦ ᠶᠢ ᠪᠠᠳᠣᠯᠠᠳᠠᠭ ᠪᠠᠶᠢᠨ᠎ᠠ᠃     ᠲᠤᠰ ᠬᠤᠰᠢᠭᠤᠨ ᠤ ᠨᠤᠳᠤᠭ ᠪᠡᠯᠴᠢᠭᠡᠷ ᠦᠷᠭᠡᠨ ᠠᠭᠤᠳᠠᠮ᠂ ᠮᠠᠯᠴᠢᠳ ᠳᠠᠷᠬᠠᠠᠢ ᠪᠤᠳᠠᠷᠬᠠᠢ ᠨᠤᠳᠤᠭᠰᠢᠨ ᠰᠠᠭᠤᠷᠢᠰᠢᠳᠠᠭ ᠤᠨᠴᠠᠯᠢᠭ ᠠᠴᠠ ᠪᠤᠯᠵᠤ ᠠᠷᠠᠳ ᠤᠨ ᠰᠢᠬᠦᠬᠦ ᠬᠤᠷᠢᠶ᠎ᠡ ᠨᠢ ᠪᠦᠬᠦ ᠬᠤᠰᠢᠭᠤᠨ ᠤ ᠭᠡᠪᠴᠢᠶᠠᠨ‌‍ᠳᠤ 9 ᠳᠣᠭᠤᠷᠢᠨ ᠰᠢᠬᠦᠬᠦ ᠰᠢᠬᠦᠯᠳᠠ‌‍ᠶᠢᠨ ᠴᠢᠭ ᠢ ᠪᠠᠶᠢᠭᠤᠯᠤᠬᠰᠠᠨ ᠪᠠ ᠰᠢᠬᠦᠯᠳᠡ ᠶᠢᠨ ᠴᠢᠭ ᠪᠦᠷᠢ ᠳᠤ ᠬᠤᠶᠠᠷ ᠬᠠᠷᠢᠯᠴᠠᠬᠤ ᠬᠦᠮᠦᠨ‌‍ᠲ᠋ᠣᠬᠢᠷᠠᠭᠤᠯᠤᠨ᠂ ᠮᠠᠯᠴᠢᠨ ᠲᠦᠮᠡᠨ ᠤ ᠴᠠᠭ ᠳᠣᠬᠠᠢ ᠳᠤᠨᠢ ᠵᠠᠷᠭᠤ ᠳᠤ ᠣᠷᠣᠯᠴᠠᠬᠤ ᠳᠤ ᠨᠦᠬᠦᠴᠡᠯ ᠬᠠᠩᠭᠠᠬᠰᠠᠨ ᠪᠠ ᠮᠠᠯᠴᠢᠳ ᠤᠨ ᠵᠠᠷᠭᠤ ᠠᠴᠠ ᠪᠤᠯᠤᠭᠰᠠᠨ ᠠᠵᠤ ᠠᠬᠤᠢ ᠶᠢᠨ ᠳᠠᠷᠤᠭᠠᠰᠣ ᠶᠢ ᠬᠦᠩᠭᠡᠷᠡᠬᠦᠯᠪᠡ᠃ ᠰᠢᠬᠦᠯᠳᠡ‌‍ᠶᠢᠨ ᠴᠢᠭ ᠨᠢ ᠪᠦᠬᠦ ᠬᠤᠰᠢᠭᠤᠨ ᠤ ᠡᠮᠦᠨ᠎ᠡ ᠬᠤᠶᠢᠨ᠎ᠠ ᠭᠡᠳᠦᠨ ᠰᠣᠮᠤ ᠶᠢ ᠪᠠᠭᠳᠠᠭᠠᠬᠤ ᠶᠢ ᠪᠠᠳᠣᠯᠠᠵᠤ᠂ ᠮᠠᠯᠴᠢᠤᠨ‌ᠡᠴᠠ ᠬᠠᠮᠤᠭ ᠤᠨ ᠤᠶᠢᠷ᠎ᠡ ᠭᠠᠵᠠᠷ ᠢ ᠰᠣᠩᠭᠤᠨ ᠰᠢᠬᠦᠯᠳᠡ ᠳᠤ ᠣᠷᠣᠯᠴᠠᠬᠤ ᠳᠤ ᠲᠦᠬᠦᠮ ᠦᠵᠡᠬᠦᠯᠵᠡᠢ᠃ ᠳᠣᠭᠤᠷᠢᠨ ᠰᠢᠬᠦᠬᠦ ᠲᠢᠩᠬᠢᠮ ᠳᠡᠭᠡᠨ ᠭᠤᠴᠢᠨ ᠵᠢᠯ ᠮᠤᠩᠭᠤᠯ ᠦᠭᠡ ᠭᠡᠯᠡ ᠦᠰᠦᠭ ᠪᠢᠴᠢᠭ ᠢᠶᠠᠨ ᠭᠡᠷᠡᠭᠯᠠᠨ ᠠᠵᠢᠯᠯᠠᠵᠤ ᠪᠠᠶᠢᠭ᠎ᠠ ᠠᠬᠠᠮᠠᠳ ᠰᠢᠬᠦᠭᠴᠢ ᠪᠠ ᠮᠤᠩᠭᠤᠯ ᠢᠶᠠᠷ ᠪᠢᠴᠢᠭ ᠦᠵᠡᠵᠦ ᠶᠡᠭᠡ ᠰᠣᠷᠭᠠᠭᠤᠯᠢ ᠳᠡᠬᠦᠰᠦᠭᠰᠡᠨ ᠵᠠᠯᠠᠭᠤ ᠰᠢᠬᠦᠭᠴᠢ ᠵᠢᠴᠢ ᠮᠤᠩᠭᠤᠯ ᠦᠭᠡ ᠬᠡᠯᠡ‌ᠦᠰᠦᠭ ᠪᠢᠴᠢᠭ ᠢᠶᠠᠨ ᠰᠠᠶᠢᠨ ᠡᠵᠡᠮᠰᠢᠵᠤ ᠭᠡᠷᠡᠭᠯᠡᠵᠤ ᠪᠠᠶᠢᠭ᠎ᠠ ᠪᠢᠴᠢᠭᠡᠴᠢ ᠶᠢ ᠳᠣᠬᠢᠷᠠᠭᠤᠯᠵᠤ᠂ ᠮᠠᠯᠴᠢᠨ ᠲᠦᠮᠡᠨ ᠤ ᠦᠪᠡᠷ ᠤᠨ ᠦᠨᠳᠦᠰᠦᠳᠡᠨ ᠤ ᠦᠬᠡ ᠬᠡᠯᠡ ᠦᠰᠦᠭ ᠪᠢᠴᠢᠭ ᠢᠶᠠᠷ ᠵᠠᠷᠭᠤ ᠳᠤ ᠤᠷᠤᠯᠴᠠᠬᠤ ᠳᠤ ᠴᠢᠬᠤᠯᠠ ᠨᠦᠬᠦᠴᠡᠯ ᠬᠠᠩᠭᠠᠪᠠ     ᠳᠤᠰ ᠠᠷᠠᠳ ᠤᠨ ᠰᠢᠬᠦᠬᠦ ᠬᠤᠷᠢᠶᠠᠨ ᠳᠤ ᠨᠠᠶᠢᠳᠠ 20 ᠰᠢᠬᠦᠭᠴᠢ ᠲᠠᠢ ᠪᠠᠶᠢᠵᠤ᠂ ᠮᠤᠩᠭᠤᠯ ᠦᠬᠡ ᠬᠡᠯᠡ ᠦᠰᠦᠭ ᠪᠢᠴᠢᠭ ᠢᠶᠠᠷ ᠢᠶᠠᠨ ᠰᠢᠬᠦᠡ ᠳᠠᠰᠣᠯᠣᠯᠳᠠ ᠶᠢᠨ ᠠᠵᠢᠯ ᠳᠤ ᠣᠷᠣᠯᠴᠠᠳᠠᠭ ᠰᠢᠬᠦᠭᠴᠢ ᠨᠠᠶᠢᠳᠠ 11 ᠪᠤᠢ᠃ ᠮᠠᠯᠴᠢᠨ ᠲᠦᠮᠡᠨ ᠳᠤ ᠨᠡᠩ ᠰᠠᠶᠢᠨ ᠦᠢᠯᠡᠴᠢᠯᠡᠬᠦ ᠶᠢᠨ ᠳᠣᠰᠠᠳᠠ ᠳᠣᠰ ᠰᠢᠬᠦᠬᠦ ᠬᠤᠷᠢᠶ᠎ᠡ ᠬᠤᠷᠢᠶᠠᠨ ᠤ ᠪᠠᠨ ᠭᠡᠪᠴᠢᠶᠡᠨ ᠳᠤ ᠵᠢᠯ ᠳᠤ ᠭᠤᠷᠪᠠ ᠠᠴᠠ ᠲᠦᠷᠪᠡ ᠣᠳᠠᠭᠠᠨ ᠤ ᠮᠤᠩᠭᠤᠯ ᠦᠬᠡ ᠬᠡᠯᠡ ᠦᠰᠦᠭ ᠪᠢᠴᠢᠭ ᠤᠨ ᠪᠤᠯᠪᠠᠰᠣᠷᠠᠯ ᠭᠢᠳᠡᠭ᠃ ᠳᠣᠬᠠᠶᠢᠯᠠᠪᠠᠯ᠂ ᠬᠠᠤᠯᠢ ᠴᠠᠭᠠᠵᠠ ᠶᠢᠨ ᠤᠷᠴᠢᠭᠤᠯᠭ᠎ᠠ ᠶᠢᠨ ᠪᠤᠯᠪᠠᠰᠣᠷᠠᠯ᠂ ᠬᠠᠤᠯᠢ ᠴᠠᠭᠠᠵᠠ ᠶᠢᠨ ᠨᠠᠷ᠎ᠠ ᠳᠤᠮᠢᠶ᠎ᠡ ᠶᠢ ᠡᠵᠡᠮᠰᠢᠵᠤ ᠭᠡᠷᠡᠭᠯᠡᠬᠦ ᠪᠤᠯᠪᠠᠰᠣᠷᠠᠯ᠂ ᠬᠤᠤᠰ ᠬᠡᠯᠡᠨ ᠤ ᠪᠢᠴᠢᠭᠡᠴᠢ ᠶᠢᠨ ᠪᠤᠯᠪᠠᠰᠣᠷᠠᠯ ᠵᠡᠷᠭᠡ ᠠᠯᠢ ᠤᠯᠠᠨ ᠮᠤᠩᠭᠤᠯ ᠦᠭᠡ ᠭᠡᠯᠡ ᠦᠰᠦᠭ ᠪᠢᠴᠢᠭ ᠤᠨ ᠭᠡᠷᠡᠭᠯᠡᠬᠡᠨ ᠳᠤ ᠬᠤᠯᠪᠤᠬᠳᠠᠭᠰᠠᠨ ᠪᠤᠯᠪᠠᠰᠣᠷᠠᠯ ᠢ ᠦᠷᠨᠢᠬᠦᠯᠵᠦ᠂ ᠰᠢᠬᠦᠭᠴᠢ ᠶᠢᠨ ᠢᠶᠠᠨ ᠮᠤᠩᠭᠤᠯ ᠭᠡᠯᠡ ᠪᠠᠷ ᠦᠢᠯᠡᠴᠢᠯᠡᠬᠦ ᠴᠢᠳᠠᠪᠤᠷᠢ ᠶᠢ ᠤᠯᠠᠮ ᠲᠡᠭᠡᠭᠰᠢᠯᠡᠬᠦᠯᠵᠦ ᠪᠠᠶᠢᠨ᠎ᠠ᠃ ᠮᠤᠩᠭᠤᠯ ᠦᠭᠡ ᠭᠡᠯᠡ ᠦᠰᠦᠭ ᠪᠢᠴᠢᠭ ᠢᠶᠠᠨ ᠬᠦᠨᠳᠦᠳᠭᠡᠨ ᠭᠡᠷᠡᠭᠯᠡᠵᠦ᠂ ᠠᠷᠠᠳ ᠤᠯᠠᠨ ᠤ ᠪᠠᠨ ᠬᠦᠷᠢᠶᠡᠯᠡᠯ ᠢ ᠤᠯᠤᠭᠰᠠᠨ ᠢᠶᠠᠷ ᠲᠤᠰ ᠬᠤᠰᠢᠭᠤᠨ ᠤ ᠠᠷᠠᠳ ᠤᠨ ᠰᠢᠬᠦᠬᠦ ᠬᠤᠷᠢᠶ᠎ᠡ 2002 ᠤᠨ᠂ 2005 ᠤᠨ᠂ 2014 ᠤᠨ ᠪᠠ 2016 ᠤᠨ ᠳᠤ ᠳᠣᠰ ᠳᠣᠰ ︽ᠪᠦᠬᠦ ᠬᠤᠰᠢᠭᠤᠨ ᠤ ᠮᠤᠩᠭᠤᠯ ᠦᠬᠡ ᠬᠡᠯᠡ ᠦᠰᠦᠭ ᠪᠢᠴᠢᠭ ᠢ ᠰᠣᠷᠴᠤ ᠭᠡᠷᠡᠭᠯᠡᠭᠰᠡᠨ ᠳᠡᠷᠢᠬᠦᠨ ᠤ ᠨᠢᠭᠡᠴᠡ︾᠎ ᠪᠠᠷ ᠦᠨᠡᠯᠡᠭᠳᠡᠪᠠ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号