ᠭᠤᠷᠪᠠᠳᠤᠭᠠᠷ ᠤᠳᠠᠭᠠᠨ ᠤ ︽ᠤᠨᠠᠭᠠᠨ ᠦᠤᠷᠰᠡᠭᠡ︾ ᠰᠢᠯᠦᠭ ᠤᠨ ᠤᠷᠤᠯᠳᠤᠭᠠᠨ ᠶᠠᠪᠤᠭᠳᠠᠯ᠎ᠠ
ᠨᠡᠶᠢᠲᠡᠯᠡᠭᠰᠡᠨ ᠴᠠᠭ᠄
2016/12/6
    11 ᠳ᠋ᠤᠭᠡᠷ ᠰᠠᠷ ᠎ᠠ ᠶᠢᠨ 25᠎ ᠤ ᠡᠳᠦᠷ᠂ ᠰᠢᠯᠢ ᠶᠢᠨ ᠬᠤᠲᠠ ᠶᠢᠨ ᠮᠤᠩᠭᠤᠯ ᠦᠨᠳᠦᠰᠦᠲᠡᠨ ᠤ ᠬᠤᠶᠠᠳᠤᠭᠠᠷ ᠪᠠᠭ᠎ᠠ ᠰᠤᠷᠭᠠᠭᠤᠯᠢ ᠶᠢᠨ ︽ᠮᠤᠷᠢᠲᠠᠢ ᠮᠤᠩᠭᠤᠯ ᠤᠨ ᠮᠤᠷᠠᠯ ᠲᠠᠢ ᠬᠡᠤᠬᠡᠳ︾ ᠰᠢᠷᠢᠰ ᠠᠵᠢᠯᠯᠠᠭᠠᠨ ᠤ ᠭᠤᠷᠪᠠᠳᠤᠭᠠᠷ ᠤᠳᠠᠭᠠᠨ ᠤ ︽ᠤᠨᠠᠭᠠᠨ ᠦᠤᠷᠰᠡᠭᠡ︾ ᠰᠢᠯᠦᠭ ᠤᠨ ᠤᠷᠤᠯᠳᠤᠭᠠᠨ ᠶᠠᠪᠤᠭᠳᠠᠯ᠎ᠡ᠃     ᠰᠤᠷᠤᠭᠴᠢᠤᠨ ᠤᠨ ᠮᠤᠩᠭᠤᠯ ᠭᠡᠯᠡᠡ ᠤ ᠭᠢᠷᠢ ᠭᠡᠮᠵᠢᠶ᠎ᠡ ᠶᠢ ᠲᠡᠭᠡᠭᠰᠢᠯᠡᠭᠦᠯᠦᠡ᠂ ᠬᠡᠤᠬᠡᠳ ᠳᠡᠭᠦᠦ ᠨᠠᠷ ᠲᠤ ᠪᠠᠨ ᠮᠤᠩᠭᠤᠯ ᠢᠷᠠᠭᠤ ᠨᠠᠶᠢᠷᠠᠭ ᠤᠨ ᠪᠠᠶᠠᠯᠢᠭ ᠢ ᠳᠠᠨᠢᠭᠤᠯᠤᠨ᠂ ᠮᠤᠩᠭᠤᠯ ᠰᠤᠶᠤᠯ ᠢᠶᠠᠨ ᠪᠠᠭ᠋ᠠᠷᠬᠠᠭᠤᠯᠵᠤ ᠶᠠᠪᠤᠬᠤ ᠶᠢᠨ ᠡᠭᠦᠳᠡᠨ ᠠᠴᠠ ᠡᠨᠡ ᠤᠳᠠᠭᠠᠨ ᠤ ᠰᠢᠯᠦᠭ ᠤᠨ ᠤᠷᠤᠯᠳᠤᠭᠠᠨ ᠢ ᠶᠠᠪᠤᠬᠳᠠᠭᠤᠯᠵᠥ᠂ ᠰᠢᠯᠦᠭ ᠤᠨ ᠤᠷᠤᠯᠳᠤᠭᠠᠨ ᠳᠤᠨᠢ ᠨᠢᠭᠡ ᠠᠴᠠ ᠭᠤᠷᠪᠠᠳᠤᠭᠠᠷ ᠤᠨ ᠤ ᠬᠢᠨ ᠠᠩᠬᠢ ᠨᠢᠭᠡᠴᠡ ᠪᠠᠷ ᠢᠶᠠᠨ ᠤᠷᠤᠯᠴᠠᠭᠰᠠᠨ ᠢᠶᠠᠷ ᠪᠠᠷᠠᠬᠤ ᠦᠭᠡᠢ᠂ ᠰᠢᠯᠦᠭ ᠳᠠᠭᠤᠤ ᠳᠤ ᠪᠠᠨ ᠠᠪᠢᠶᠠᠰ ᠲᠠᠢ ᠬᠡᠤᠬᠡᠳ ᠳᠡᠭᠦᠦ ᠨᠠᠷ ᠴᠤ ᠬᠤᠪᠢ ᠬᠦᠮᠦᠨ ᠤ ᠰᠢᠯᠦᠭ ᠤᠨ ᠤᠷᠤᠯᠳᠤᠭᠠᠨ ᠳᠤ ᠢᠳᠡᠪᠬᠢᠲᠠᠢ ᠤᠷᠤᠯᠴᠠᠵᠤ᠂ ᠤᠷ᠎ᠡ ᠠᠪᠢᠶᠠᠰ ᠢᠶᠠᠨ ᠭᠠᠶᠢᠬᠠᠭᠤᠯᠵᠤ ᠪᠠᠶᠢᠯ᠎ᠠ᠃     ᠭᠡᠷ ᠤᠨ ᠠᠬᠠᠮᠠᠳ ᠪᠤᠯᠤᠳᠪᠠᠭᠠᠲᠤᠷ ᠠᠴᠠ᠄ ︽ᠰᠤᠷᠭᠠᠭᠤᠯᠢ ᠶᠢᠨ ᠶᠠᠪᠤᠭᠳᠠᠭᠤᠯᠤᠭᠰᠠᠨ ᠰᠢᠯᠦᠭ ᠤᠨ ᠤᠷᠤᠯᠳᠤᠭᠠᠨ ᠨᠢ ᠬᠡᠤᠬᠡᠳ ᠤᠳ ᠢᠶᠠᠨ ᠬᠠᠷᠠᠬᠠᠠ ᠪᠠᠭ᠎ᠠ ᠠᠴᠠ ᠨᠢ ᠮᠤᠩᠭᠤᠯ ᠰᠤᠶᠤᠯ᠂ ᠮᠤᠩᠭᠤᠯ ᠢᠷᠠᠭᠤ ᠨᠠᠶᠢᠷᠠᠭ ᠲᠤ ᠪᠠᠬ᠎ᠠ ᠲᠠᠢ ᠪᠤᠯᠭᠠᠵᠤ ᠪᠠᠶᠢᠬᠤ ᠳᠤ ᠨᠢ ᠮᠠᠰᠢ ᠪᠠᠶᠠᠷᠯᠠᠵᠤ ᠪᠠᠶᠢᠨ᠎ᠠ᠂ ᠡᠨᠡ ᠨᠢ ᠬᠡᠤᠬᠡᠳ ᠤᠳ ᠤᠨ ᠮᠢᠨᠢ ᠬᠤᠶᠢᠰᠢᠳᠠ ᠶᠢᠨ ᠬᠦᠮᠦᠵᠢᠯ ᠳᠤ ᠶᠡᠬᠡᠬᠡᠨ ᠨᠦᠯᠦᠭᠡ ᠲᠠᠢ ᠪᠠᠶᠢᠬ᠎ᠠ︾ ᠭᠡᠵᠦ ᠪᠠᠶᠢᠯ᠎ᠠ᠃     ᠰᠤᠷᠭᠠᠭᠤᠯᠢ ᠠᠴᠠ ᠡᠨᠡ ᠤᠳᠠᠭᠠᠨ ᠤ ︽ᠤᠨᠠᠭᠠᠨ ᠦᠤᠷᠰᠡᠭᠡ︾ ᠰᠢᠯᠦᠭ ᠤᠨ ᠤᠷᠤᠯᠳᠤᠭᠠᠨ ᠤ ᠳᠡᠰ ᠳ᠋ᠤᠭᠠᠷ ᠢᠶᠠᠨ ᠮᠠᠰᠢ ᠤᠳᠬ᠎ᠠ ᠠᠭᠤᠯᠭ᠎ᠠ ᠲᠠᠢ ᠪᠠᠷ ᠠᠩᠭᠢ ᠨᠢᠭᠡᠴᠡ ᠶᠢᠨ ᠲᠤᠭᠤᠢᠢᠯᠠᠩ ᠨᠢ ︽ᠤᠨᠠᠭᠠᠨ ᠲᠡᠭᠦᠯᠢᠭᠡ︾᠂ ︽ᠤᠨᠠᠭᠠᠨ ᠳᠤᠪᠳᠤᠯᠤᠭ᠎ᠠ︾ ︽ᠤᠨᠠᠭᠠᠨ ᠵᠢᠷᠤᠭ᠎ᠠ︾ ︽ᠤᠨᠠᠭᠠᠨ ᠰᠠᠶᠢᠪᠤᠷ︾ ︽ᠤᠨᠠᠭᠠᠨ ᠬᠠᠳᠠᠷᠢᠭ᠎ᠠ︾ ᠬᠡᠮᠡᠨ ᠳᠠᠪᠤᠨ ᠳᠡᠰ ᠲᠤ ᠱᠠᠩᠨᠠᠵᠥ᠂ ᠬᠤᠪᠢ ᠬᠦᠮᠦᠨ ᠤ ᠳᠤᠭᠤᠢᠢᠯᠠᠩ ᠢ ᠨᠢ ︽ᠤᠷᠤᠰᠤᠮ᠎ᠠ ᠤᠶᠠᠩᠭᠠᠯᠠᠭᠴᠢ︾᠂ ︽ᠴᠤᠭᠯᠢᠭ ᠤᠶᠠᠩᠭᠠᠯᠠᠭᠴᠢ︾ ︽ᠠᠪᠢᠶᠠᠰᠯᠢᠭ ᠤᠶᠠᠩᠭᠠᠯᠠᠭᠴᠢ︾᠂ ︽ᠨᠠᠮᠪᠠᠯᠢᠭ ᠤᠶᠠᠩᠭᠠᠯᠠᠭᠴᠢ︾᠂ ︽ᠬᠡᠶᠢᠮᠦᠷᠢᠯᠢᠭ ᠤᠶᠠᠩᠭᠠᠯᠠᠭᠴᠢ︾ ᠬᠡᠮᠡᠨ ᠱᠠᠩᠨᠠᠭᠰᠠᠨ ᠪᠠᠶᠢᠨ᠎ᠠ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ ᠤ ᠰᠣᠶᠣᠯ ᠭᠠᠷᠠᠭ ᠤᠨ ᠬᠡᠪᠯᠡᠯ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号