ᠹᠦ᠋ ᠸᠠᠨ ᠬᠤᠢ ᠠᠶᠢᠮᠠᠭ ᠤᠨ ᠵᠠᠬᠢᠷᠭ᠎ᠠ ᠶᠢᠨ 2016 ᠤᠨ ᠤ ᠠᠷᠪᠠᠨ ᠭᠤᠷᠪᠠᠳᠤᠭᠠᠷ ᠤᠳᠠᠭ᠎ᠠ ᠶᠢᠨ ᠪᠠᠶᠢᠡᠭᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2016/12/6
    12 ᠳ᠋ᠤᠭᠠᠷ ᠰᠠᠷ᠎ᠠ ᠶᠢᠨ 2 ᠤᠨ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠲᠠᠳ᠋ ᠱᠦᠵᠢ᠂ ᠠᠶᠢᠮᠠᠭ ᠤᠨ ᠲᠠᠷᠤᠭ᠎ᠠ ᠹᠦ᠋ ᠸᠠᠨ ᠬᠤᠢ ᠠᠶᠢᠮᠠᠭ ᠤᠨ ᠵᠠᠬᠢᠷᠭ᠎ᠠ ᠶᠢᠨ 2016 ᠤᠨ ᠤ ᠠᠷᠪᠠᠨ ᠭᠤᠷᠪᠠᠳᠤᠭᠠᠷ ᠤᠳᠠᠭ᠎ᠠ ᠶᠢᠨ ᠪᠠᠶᠢᠡᠭᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠦ᠂ 1 — 11 ᠳ᠋ᠤᠭᠡᠷ ᠰᠠᠷ᠎ᠠ ᠶᠢᠨ ᠪᠦᠭᠦ ᠠᠶᠢᠮᠠᠭ ᠤᠨ ᠠᠵᠦ ᠠᠬᠤᠢ ᠶᠢᠨ ᠡᠷᠬᠢᠯᠳᠡ ᠵᠢᠴᠢ ᠭᠤᠤᠯᠳᠠᠯᠭ᠎ᠠ ᠲᠠᠢ ᠠᠵᠢᠯ ᠢ ᠠᠬᠢᠭᠤᠯᠵᠦ ᠪᠠᠶᠢᠭ᠎ᠠ ᠪᠠᠶᠢᠳᠠᠯ ᠢ ᠰᠤᠨᠤᠰᠴᠦ᠂ ᠪᠦᠭᠦ ᠵᠢᠯ ᠤᠨ ᠬᠠᠷᠠᠯᠳᠠ ᠡᠭᠦᠷᠭᠡ ᠶᠢ ᠪᠡᠶᠡᠯᠡᠭᠦᠯᠭᠦ ᠪᠤᠳᠠᠳᠠᠢ ᠠᠷᠭ᠎ᠠ ᠭᠡᠮᠵᠢᠶ᠎ᠠ ᠶᠢ ᠰᠤᠳᠤᠯᠵᠦ᠂ 2017 ᠤᠨ ᠤ ᠠᠵᠦ ᠠᠬᠤᠢ ᠶᠢᠨ ᠠᠵᠢᠯ ᠢ ᠪᠠᠶᠢᠷᠢᠯᠠᠭᠤᠯᠪᠠ᠃     ᠬᠤᠷᠠᠯ ᠠᠴᠠ ᠴᠢᠬᠤᠯᠠᠴᠢᠯᠠᠬᠤ ᠳᠠᠭᠠᠨ᠂ ᠮᠠᠨ ᠤ ᠠᠶᠢᠮᠠᠭ ᠲᠤ ᠲᠤᠯᠭᠠᠷᠠᠵᠦ ᠪᠠᠶᠢᠭ᠎ᠠ ᠦᠷᠢᠰᠦᠯᠳᠦᠭᠡᠨ᠂ ᠠᠵᠠ ᠲᠤᠬᠢᠶᠠᠯ ᠪᠤᠯᠤᠨ ᠲᠤᠳᠠᠭᠤᠳᠠᠯ ᠢᠶᠠᠨ ᠭᠦᠢᠴᠡᠳ ᠲᠠᠨᠢᠵᠦ᠂ ᠦᠪᠡᠷᠳᠡᠭᠡᠨ ᠵᠠᠰᠠᠬᠤ ᠤᠷᠤᠨ ᠤ ᠠᠷᠪᠠᠳᠤᠭᠠᠷ ᠤᠳᠠᠭ᠎ᠠ ᠶᠢᠨ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠳᠡᠭᠡᠷ᠎ᠠ ᠲᠤᠭᠳᠠᠭᠠᠭᠰᠠᠨ ᠤᠯᠤᠰ ᠲᠦᠷᠦ ᠶᠢᠨ ᠭᠤᠤᠯ ᠰᠡᠳᠦᠪ᠂ ᠭᠦᠭᠵᠢᠯᠳᠡ ᠶᠢᠨ ᠵᠢᠯᠤᠭᠤᠳᠤᠮᠵᠢ᠂ ᠶᠡᠷᠦᠩᠭᠡᠢ ᠰᠡᠳᠬᠢᠴᠡ᠂ ᠵᠠᠷᠴᠢᠮ ᠱᠠᠭᠠᠷᠳᠠᠯᠭ᠎ᠠ᠂ ᠭᠤᠤᠯ ᠬᠠᠷᠠᠯᠳᠠ ᠪᠤᠯᠤᠨ ᠭᠤᠤᠯᠳᠠᠯᠭ᠎ᠠ ᠲᠠᠢ ᠡᠭᠦᠷᠭᠡ ᠶᠢ ᠭᠦᠨᠵᠡᠭᠡᠢ ᠨᠠᠶᠢᠳᠠᠪᠤᠷᠢᠵᠢᠭᠤᠯᠵᠦ᠂ ᠪᠦᠭᠦ ᠠᠶᠢᠮᠠᠭ ᠤᠨ ᠠᠵᠦ ᠠᠬᠤᠢ ᠨᠡᠶᠢᠭᠡᠮ ᠤᠨ ᠭᠦᠭᠵᠢᠯᠳᠡ ᠶᠢᠨ ᠡᠯ᠎ᠠ ᠲᠦᠷᠦᠯ ᠤᠨ ᠠᠵᠢᠯ ᠢ ᠪᠦᠭᠦ ᠭᠦᠴᠦᠨ ᠢᠶᠠᠷ ᠰᠠᠶᠢᠳᠦᠷ ᠬᠢᠭᠦ ᠭᠡᠷᠡᠭᠳᠠᠢ᠃ ᠭᠤᠤᠯᠳᠠᠯᠭ᠎ᠠ ᠲᠠᠢ ᠲᠦᠷᠦᠯ ᠵᠦᠢᠯ ᠢ ᠰᠠᠶᠢᠳᠦᠷ ᠠᠳᠬᠤᠵᠦ᠂ 2017 ᠤᠨ ᠤ ᠭᠤᠤᠯᠳᠠᠯᠭ᠎ᠠ ᠲᠠᠢ ᠲᠦᠷᠦᠯ ᠵᠦᠢᠯ ᠢ ᠲᠤᠭᠳᠠᠭᠰᠠᠨ ᠴᠠᠭ ᠲᠤ ᠪᠠᠷᠢᠯᠭ᠎ᠠ ᠡᠬᠢᠯᠡᠭᠦᠯᠭᠦ ᠭᠡᠷᠡᠭᠳᠠᠢ᠃ ᠰᠢᠨ᠎ᠠ ᠨᠢᠭᠡ ᠡᠭᠡᠯᠵᠢ ᠶᠢᠨ ᠨᠤᠳᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠳᠡ ᠶᠢᠨ ᠨᠦᠭᠦᠪᠦᠷᠢ ᠱᠠᠩᠨᠠᠯ ᠤᠨ ᠲᠦᠷᠦ ᠶᠢᠨ ᠪᠤᠳᠤᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠦ᠂ ᠲᠦᠪ ᠤᠨ ᠤᠷᠴᠢᠨ ᠲᠤᠭᠤᠷᠢᠨ ᠤ ᠬᠠᠮᠠᠭᠠᠯᠠᠯᠳᠠ ᠶᠢ ᠱᠠᠯᠠᠪᠳᠠᠭᠤᠯᠤᠨ ᠪᠠᠶᠢᠴᠠᠭᠠᠬᠤ ᠲᠤᠭᠤᠢᠢᠯᠠᠩ ᠤᠨ ᠬᠠᠷᠢᠭᠤ ᠲᠤᠰᠬᠠᠯ ᠢ ᠰᠠᠶᠢᠳᠤᠷ ᠴᠡᠭᠴᠡᠯᠡᠨ ᠨᠠᠶᠢᠳᠠᠪᠤᠷᠢᠵᠢᠭᠤᠯᠬᠤ ᠭᠡᠷᠡᠭᠳᠠᠢ᠃ ᠰᠢᠯᠢᠳᠡᠭ ᠡᠭᠦᠯᠳᠡᠷ ᠤᠨ ᠦᠭᠡᠷ ᠬᠤᠨᠢ ᠮᠠᠯᠵᠢᠬᠤ ᠠᠵᠦ ᠦᠢᠯᠡᠰ᠂ ᠲᠠᠯ᠎ᠠ ᠨᠤᠳᠤᠭ ᠤᠨ ᠵᠤᠭᠠᠴᠠᠯ ᠢ ᠲᠦᠷᠭᠡᠳᠭᠡᠨ ᠠᠬᠢᠭᠤᠯᠵᠦ᠂ ᠴᠡᠪᠡᠷ ᠡᠨᠧᠷᠭᠢ ᠶᠢ ᠭᠠᠳᠠᠭᠰᠢ ᠲᠠᠮᠵᠢᠭᠤᠯᠬᠤ ᠰᠠᠭᠤᠷᠢᠨ ᠭᠠᠵᠠᠷ ᠤᠨ ᠪᠦᠳᠦᠭᠡᠨ ᠪᠠᠶᠢᠭᠤᠯᠤᠯᠳᠠ ᠶᠢ ᠠᠬᠢᠭᠤᠯᠵᠦ᠂ ᠤᠳᠤ ᠦᠶ᠎ᠠ ᠶᠢᠨ ᠰᠤᠷᠠᠭ ᠵᠠᠩᠭᠢ ᠶᠢᠨ ᠠᠵᠦ ᠦᠢᠯᠡᠰ ᠢ ᠢᠳᠡᠪᠬᠢᠳᠠᠢ ᠭᠦᠭᠵᠢᠭᠦᠯᠵᠦ᠂ ᠤᠯᠠᠨ ᠡᠰᠢᠳᠦ ᠲᠤᠯᠭᠠᠭᠤᠷᠢᠯᠠᠬᠤ ᠠᠵᠦ ᠦᠢᠯᠡᠰ ᠤᠨ ᠰᠢᠰᠲ᠋ᠧᠮ ᠢ ᠪᠠᠶᠢᠭᠤᠯᠬᠤ ᠭᠡᠷᠡᠭᠳᠠᠢ ᠭᠡᠪᠡ᠃     ᠬᠤᠷᠠᠯ ᠠᠴᠠ ᠱᠠᠭᠠᠷᠳᠠᠬᠤ ᠳᠠᠭᠠᠨ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠶᠢ ᠲᠡᠷᠢᠭᠦᠨ ᠴᠢᠬᠤᠯᠠ ᠠᠷᠠᠳ ᠤᠨ ᠠᠮᠢᠳᠦᠷᠠᠯ ᠤᠨ ᠢᠨᠵᠧᠨᠧᠷᠢᠩ ᠪᠤᠯᠭᠠᠵᠦ᠂ ᠰᠤᠷᠭᠠᠨ ᠭᠦᠮᠦᠵᠢᠯ ᠤᠨ ᠴᠢᠨᠠᠷ ᠴᠢᠨᠰᠠᠭ᠎ᠠ ᠶᠢ ᠦᠷᠭᠦᠯᠵᠢᠯᠡᠨ ᠲᠡᠭᠡᠭᠰᠢᠯᠡᠭᠦᠯᠵᠦ᠂ ᠨᠡᠶᠢᠭᠡᠮ ᠤᠨ ᠪᠠᠳᠤᠯᠠᠭ᠎ᠠ ᠶᠢᠨ ᠰᠢᠰᠲ᠋ᠧᠮ ᠢ ᠲᠠᠰᠤᠷᠠᠯᠳᠠ ᠦᠭᠡᠢ ᠲᠡᠭᠦᠯᠳᠡᠷᠵᠢᠭᠦᠯᠭᠦ ᠭᠡᠷᠡᠭᠳᠠᠢ᠃ ᠦᠨᠳᠦᠰᠦᠳᠡᠨ ᠤ ᠪᠦᠯᠭᠦᠮᠳᠡᠯ ᠪᠤᠯᠤᠨ ᠬᠢᠯᠢ ᠬᠢᠵᠠᠭᠠᠷ ᠤᠨ ᠠᠮᠤᠷ ᠲᠤᠭᠳᠠᠭᠤᠨ ᠢ ᠰᠠᠶᠢᠳᠦᠷ ᠬᠠᠮᠠᠭᠠᠯᠠᠵᠦ᠂ ︽ᠠᠮᠤᠭᠤᠯᠠᠩ ᠰᠢᠯᠢ ᠶᠢᠨ ᠭᠤᠤᠯ ᠠᠶᠢᠮᠠᠭ︾ ᠤᠨ ᠪᠦᠳᠦᠭᠡᠨ ᠪᠠᠶᠢᠭᠤᠯᠤᠯᠳᠠ ᠶᠢ ᠠᠬᠢᠭᠤᠯᠬᠤ ᠭᠡᠷᠡᠭᠳᠠᠢ ᠭᠡᠪᠡ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号