ᠯᠥᠸᠧ ᠬᠤ᠋ ᠽᠠᠢ ᠰᠢᠯᠤᠭᠤᠨ ᠬᠥᠪᠡᠭᠡᠲᠤ ᠴᠠᠭᠠᠨ ᠬᠤᠰᠢᠭᠤᠨ ᠳᠤ ᠭᠦᠨᠵᠡᠭᠡᠶᠢᠷᠡᠵᠦ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠭᠦᠳᠡ ᠬᠤᠷᠠᠯ ᠪᠤᠯᠤᠨ ᠥᠪᠡᠷᠲᠡᠭᠡᠨ ᠵᠠᠰᠠᠬᠤ ᠤᠷᠤᠨ ᠤ ᠠᠷᠪᠠᠳᠤᠭᠠᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠪᠠ
ᠨᠡᠶᠢᠲᠡᠯᠡᠭᠰᠡᠨ ᠴᠠᠭ᠄
2016/12/6
        12 ᠳ᠋ᠤᠭᠠᠷ ᠰᠠᠷ᠎ᠠ ᠶᠢᠨ 2 ᠤᠨ ᠡᠲᠥᠷ᠂ ᠠᠶᠢᠮᠠᠭ ᠤᠨ ᠨᠠᠮ ᠤᠨ ᠬᠤᠷᠢᠶᠠᠨ ᠤ ᠱᠥᠵᠢ ᠯᠥᠸᠧ ᠬᠤ᠋ ᠽᠠᠢ ᠰᠢᠯᠤᠭᠤᠨ ᠬᠥᠪᠡᠭᠡᠲᠥ ᠴᠠᠭᠠᠨ ᠬᠤᠰᠢᠭᠤᠨ ᠤ ᠪᠤᠯᠠᠭᠠᠨᠲᠤᠬᠤᠢ ᠰᠤᠮᠤᠨ ᠳᠤ ᠬᠥᠨᠵᠡᠭᠡᠶᠢᠷᠡᠵᠥ᠂ ᠥᠨᠲᠤᠰᠤᠨ ᠱᠠᠲᠤᠨ ᠤ ᠺᠠᠳ᠋ᠷ᠂ ᠨᠠᠮ ᠤᠨ ᠬᠡᠰᠢᠬᠦᠨ ᠤᠯᠠᠨ ᠲᠥᠮᠡᠨ ᠤ ᠲᠥᠯᠥᠭᠡᠯᠡᠭᠴᠢᠳ ᠲᠤ ᠨᠠᠮ ᠤᠨ ᠠᠷᠪᠠᠨ ᠨᠠᠢᠮᠠᠲᠤᠭᠠᠷ ᠬᠤᠭᠤᠴᠠᠭᠠᠨ ᠤ ᠲᠥᠪ ᠬᠤᠷᠢᠶᠠᠨ ᠤ ᠵᠢᠷᠭᠤᠲᠤᠭᠠᠷ ᠪᠥᠬᠦᠲᠠ ᠬᠤᠷᠠᠯ ᠤᠨ ᠵᠤᠷᠢᠭ ᠰᠠᠨᠠᠭ᠎ᠠ ᠪᠤᠯᠤᠨ ᠥᠪᠡᠷᠲᠡᠭᠡᠨ ᠵᠠᠰᠠᠬᠤ ᠤᠷᠤᠨ ᠤ ᠠᠷᠪᠠᠲᠤᠭᠠᠷ ᠤᠲᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠤᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠡᠪᠠ᠃ ᠲᠡᠷᠡ ᠴᠢᠬᠤᠯᠠᠴᠢᠯᠠᠬᠤ ᠳᠠᠭᠠᠨ᠂ ᠡᠯ᠎ᠠ ᠱᠠᠲᠤᠨ ᠤ ᠨᠠᠮ ᠤᠨ ᠵᠤᠬᠢᠶᠠᠨ ᠪᠠᠶᠢᠭᠤᠯᠤᠯᠲᠠ ᠪᠤᠯᠤᠨ ᠥᠷᠭᠡᠨ ᠤᠯᠠᠨ ᠨᠠᠮ ᠤᠨ ᠬᠡᠰᠢᠬᠦᠨ ᠺᠠᠳ᠋ᠷ ᠬᠤᠶᠠᠷ ᠬᠤᠷᠠᠯ ᠤᠨ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠤᠱᠯᠠᠭᠤᠯᠵᠥ᠂ ᠥᠵᠡᠯ ᠰᠠᠨᠠᠭ᠎ᠠ ᠪᠤᠯᠤᠨ ᠥᠢᠯᠡ ᠠᠵᠢᠯᠯᠠᠭ᠎ᠠ ᠪᠠᠨ ᠲᠥᠪ ᠬᠤᠷᠢᠶ᠎ᠠ ᠪᠤᠯᠤᠨ ᠥᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠲᠠᠯᠭ᠎ᠠ ᠲᠡᠭᠡᠷ᠎ᠠ ᠨᠢᠭᠡᠳᠭᠡᠵᠥ᠂ ᠬᠥᠭᠵᠢᠯᠲᠡ᠂ ᠠᠮᠢ ᠠᠬᠤᠢ᠂ ᠠᠷᠠᠳ ᠤᠨ ᠠᠮᠢᠲᠤᠷᠠᠯ ᠢ ᠪᠠᠲᠤᠯᠠᠵᠥ᠂ ᠰᠢᠨ᠎ᠠ ᠬᠡᠯᠪᠡᠷᠢ ᠶᠢᠨ ᠠᠵᠤ ᠥᠢᠯᠡᠳᠪᠤᠷᠢᠵᠢᠯᠲᠠ᠂ ᠰᠤᠷᠠᠭ ᠴᠢᠮᠡᠭᠡᠵᠢᠯᠲᠠ᠂ ᠬᠤᠲᠠ ᠪᠠᠯᠭᠠᠰᠤᠵᠢᠯᠲᠠ᠂ ᠮᠠᠯ ᠲᠠᠷᠢᠶᠠᠯᠠᠩ ᠤᠨ ᠤᠲᠤᠬᠢᠴᠢᠯᠠᠯᠲᠠ ᠪᠤᠯᠤᠨ ᠪᠤᠬᠢᠷᠲᠤᠯ ᠥᠭᠡᠢ ᠬᠥᠭᠵᠢᠯᠲᠡ ᠶᠢ ᠵᠤᠬᠢᠴᠠᠩᠭᠤᠢ ᠠᠬᠢᠭᠤᠯᠵᠥ᠂ ᠲᠡᠭᠡᠲᠥ ᠬᠡᠮᠵᠢᠶᠡᠨ ᠤ ᠤᠯᠤᠰ ᠲᠥᠷᠥ ᠶᠢᠨ ᠤᠬᠠᠮᠰᠠᠷ᠂ ᠥᠵᠡᠯ ᠰᠠᠨᠠᠭᠠᠨ ᠤ ᠤᠬᠠᠮᠰᠠᠷ ᠪᠤᠯᠤᠨ ᠥᠢᠯᠡ ᠠᠵᠢᠯᠯᠠᠭᠠᠨ ᠤ ᠤᠬᠠᠮᠰᠠᠷ ᠢᠶᠠᠷ ᠡᠯ᠎ᠠ ᠵᠥᠢᠯ ᠤᠨ ᠡᠬᠦᠷᠭᠡ ᠶᠢ ᠰᠠᠶᠢᠲᠤᠷ ᠲᠤᠤᠱᠯᠠᠭᠤᠯᠤᠨ ᠨᠠᠶᠢᠲᠠᠪᠤᠷᠢᠵᠢᠭᠤᠯᠬᠤ ᠬᠡᠷᠡᠭᠲᠡᠢ ᠬᠡᠪᠡ᠃     ᠯᠥᠸᠧ ᠬᠤ᠋ ᠽᠠᠢ ᠶᠡᠷᠤᠩᠭᠡᠢ ᠱᠥᠵᠢ ᠰᠢ ᠶᠢᠨ ᠫᠢᠡᠭ ᠤᠨ ᠴᠢᠬᠤᠯᠠ ᠶᠠᠷᠢᠶ᠎ᠠ ᠪᠤᠯᠤᠨ ︽ᠰᠢᠨ᠎ᠠ ᠪᠠᠶᠢᠲᠠᠯ ᠲᠤᠤᠷᠠᠬᠢ ᠨᠠᠮ ᠤᠨ ᠲᠤᠲᠤᠭᠠᠲᠤᠬᠢ ᠤᠯᠤᠰ ᠲᠥᠷᠥ ᠶᠢᠨ ᠠᠮᠢᠲᠤᠷᠠᠯ ᠤᠨ ᠪᠠᠷᠢᠮᠵᠢᠶ᠎ᠠ ᠨᠤᠭᠤᠳ︾ ︽ᠲᠤᠮᠲᠠᠲᠤ ᠤᠯᠤᠰ ᠤᠨ ᠡᠪ ᠬᠠᠮᠲᠤ ᠨᠠᠮ ᠤᠨ ᠨᠠᠮ ᠤᠨ ᠲᠤᠲᠤᠭᠠᠲᠤ ᠶᠢᠨ ᠬᠢᠨᠠᠯᠲᠠ ᠲᠠᠯᠪᠢᠬᠤ ᠲᠥᠷᠢᠮ︾ ᠢᠶᠠᠷ ᠭᠤᠤᠯ ᠠᠭᠤᠯᠭ᠎ᠠ ᠪᠤᠯᠭᠠᠵᠥ᠂ ᠥᠨᠲᠤᠰᠤᠨ ᠱᠠᠲᠤᠨ ᠤ ᠪᠤᠲᠠᠲᠤ ᠪᠠᠶᠢᠲᠠᠯ ᠲᠠᠢ ᠤᠶᠠᠯᠲᠤᠭᠤᠯᠤᠨ᠂ ᠵᠢᠷᠭᠤᠲᠤᠭᠠᠷ ᠪᠥᠬᠦᠲᠠ ᠬᠤᠷᠠᠯ ᠤᠨ ᠵᠤᠷᠢᠭ ᠰᠠᠨᠠᠭ᠎ᠠ ᠶᠢ ᠲᠥᠭᠦᠮ ᠤᠢᠢᠯᠠᠭᠠᠮᠵᠢᠲᠠᠢ ᠤᠬᠠᠭᠤᠯᠤᠨ ᠲᠠᠶᠢᠯᠪᠤᠷᠢᠯᠠᠪᠠ᠃ ᠲᠡᠷᠡ ᠪᠠᠰᠠ ᠯᠢ ᠵᠢᠢ ᠾᠸᠡᠭ ᠱᠥᠵᠢ ᠶᠢᠨ ᠥᠪᠡᠷᠲᠡᠭᠡᠨ ᠵᠠᠰᠠᠬᠤ ᠤᠷᠤᠨ ᠤ ᠠᠷᠪᠠᠲᠤᠭᠠᠷ ᠤᠲᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠲᠡᠭᠡᠷ᠎ᠠ ᠬᠢᠭᠰᠡᠨ ᠢᠯᠡᠳᠭᠡᠯ ᠢᠶᠠᠷ ᠭᠤᠤᠯᠲᠠᠯᠭ᠎ᠠ ᠪᠤᠯᠭᠠᠵᠥ᠂ ᠮᠠᠯᠵᠢᠬᠤ ᠲᠠᠷᠢᠶᠠᠯᠠᠬᠤ ᠤᠷᠤᠨ ᠤ ᠪᠤᠲᠠᠲᠤ ᠪᠠᠶᠢᠲᠠᠯ ᠪᠤᠯᠤᠨ ᠺᠠᠳ᠋ᠷ ᠤᠯᠠᠨ ᠲᠥᠮᠡᠨ ᠤ ᠠᠩᠬᠠᠷᠴᠤ ᠪᠠᠶᠢᠭ᠎ᠠ ᠠᠰᠠᠭᠤᠲᠠᠯ ᠲᠠᠢ ᠨᠢᠭᠲᠠ ᠤᠶᠠᠯᠲᠤᠭᠤᠯᠤᠨ ᠂ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠤᠷᠢᠭ ᠰᠠᠨᠠᠭ᠎ᠠ ᠶᠢ ᠪᠤᠲᠠᠲᠠᠢ ᠲᠠᠶᠢᠯᠪᠤᠷᠢᠯᠠᠭᠰᠠᠨ ᠪᠠᠶᠢᠨ᠎ᠠ᠃     ᠯᠥᠸᠧ ᠬᠤ᠋ ᠽᠠᠢ ᠴᠢᠬᠤᠯᠠᠴᠢᠯᠠᠬᠤ ᠳᠠᠭᠠᠨ᠂ ᠪᠥᠬᠦ ᠠᠶᠢᠮᠠᠭ ᠤᠨ ᠡᠯ᠎ᠠ ᠱᠠᠲᠤᠨ ᠤ ᠨᠠᠮ ᠤᠨ ᠵᠤᠬᠢᠶᠠᠨ ᠪᠠᠶᠢᠭᠤᠯᠤᠯᠲᠠ ᠪᠤᠯᠤᠨ ᠨᠠᠮ ᠤᠨ ᠬᠡᠰᠢᠬᠦᠨ ᠺᠠᠳ᠋ᠷ ᠨᠠᠮ ᠤᠨ ᠠᠷᠪᠠᠨ ᠨᠠᠢᠮᠠᠲᠤᠭᠠᠷ ᠬᠤᠭᠤᠴᠠᠭᠠᠨ ᠤ ᠲᠥᠪ ᠬᠤᠷᠢᠶᠠᠨ ᠤ ᠵᠢᠷᠭᠤᠲᠤᠭᠠᠷ ᠪᠥᠬᠦᠲᠠ ᠬᠤᠷᠠᠯ ᠤᠨ ᠵᠤᠷᠢᠭ ᠰᠠᠨᠠᠭ᠎ᠠ ᠪᠤᠯᠤᠨ ᠥᠪᠡᠷᠲᠡᠭᠡᠨ ᠵᠠᠰᠠᠬᠤ ᠤᠷᠤᠨ ᠤ ᠠᠷᠪᠠᠲᠤᠭᠠᠷ ᠤᠲᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ᠤᠲᠤᠬᠠᠨ ᠤ ᠴᠢᠬᠤᠯᠠ ᠤᠯᠤᠰ ᠲᠥᠷᠥ ᠶᠢᠨ ᠡᠬᠦᠷᠭᠡ ᠪᠤᠯᠭᠠᠵᠥ᠂ ᠲᠥᠪ ᠬᠤᠷᠢᠶ᠎ᠠ᠂ ᠥᠪᠡᠷᠲᠡᠭᠡᠨ ᠵᠠᠰᠬᠠᠤ ᠤᠷᠤᠨ ᠪᠤᠯᠤᠨ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠡᠯ᠎ᠠ ᠵᠥᠢᠯ ᠤᠨ ᠰᠢᠢᠳᠪᠤᠷᠢᠲᠤ ᠪᠤᠲᠤᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠲᠠᠪᠤᠷᠢᠵᠢᠭᠤᠯᠬᠤ ᠬᠡᠷᠡᠭᠲᠡᠢ᠃ ᠡᠯ᠎ᠠ ᠱᠠᠲᠤᠨ ᠤ ᠨᠠᠮ ᠤᠨ ᠵᠤᠬᠢᠶᠠᠨ ᠪᠠᠶᠢᠭᠤᠯᠤᠯᠲᠠ ᠪᠤᠯᠤᠨ ᠥᠷᠭᠡᠨ ᠤᠯᠠᠨ ᠨᠠᠮ ᠤᠨ ᠬᠡᠰᠢᠬᠦᠨ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢᠨ ᠴᠢᠬᠤᠯᠠ ᠴᠢᠨᠠᠷ᠂ ᠲᠤᠯᠭᠠᠮ᠎ᠠ ᠴᠢᠨᠠᠷ ᠢ ᠬᠥᠢᠴᠡᠳ ᠲᠠᠨᠢᠵᠥ᠂ ᠨᠠᠮ ᠢ ᠬᠠᠮᠢᠶᠠᠷᠴᠥ ᠨᠠᠮ ᠢ ᠵᠠᠰᠠᠬᠤ ᠡᠯ᠎ᠠ ᠵᠥᠢᠯ ᠤᠨ ᠡᠬᠦᠷᠭᠡ ᠪᠤᠯᠤᠨ ᠱᠠᠭᠠᠷᠲᠠᠯᠭ᠎ᠠ ᠶᠢ ᠰᠠᠶᠢᠲᠤᠷ ᠨᠠᠶᠢᠲᠠᠪᠤᠷᠢᠵᠢᠭᠤᠯᠵᠥ᠂ ᠪᠤᠲᠠᠲᠤ ᠥᠷ᠎ᠠ ᠪᠥᠲᠥᠮᠵᠢ ᠭᠠᠷᠭᠠᠬᠤ ᠬᠡᠷᠡᠭᠲᠡᠢ ᠬᠡᠪᠡ᠃     ᠯᠥᠸᠧ ᠬᠤ᠋ ᠽᠠᠢ ᠱᠠᠭᠠᠷᠲᠠᠬᠤ ᠳᠠᠭᠠᠨ᠂ ᠡᠯ᠎ᠠ ᠭᠠᠵᠠᠷ ᠡᠯ᠎ᠠ ᠰᠠᠯᠠᠭ᠎ᠠ ᠮᠥᠴᠢᠷ ᠴᠢᠭᠯᠡᠬᠦᠯᠥᠯᠲᠤ ᠴᠢᠨᠠᠷᠲᠠᠢ ᠪᠠᠷ ᠤᠯᠠᠨ ᠲᠥᠮᠡᠨ ᠤ ᠠᠩᠬᠠᠷᠤᠨ ᠬᠠᠯᠠᠮᠵᠢᠯᠠᠵᠥ ᠪᠠᠶᠢᠭ᠎ᠠ ᠮᠠᠯ ᠲᠠᠷᠢᠶᠠᠯᠠᠩ ᠤᠨ ᠬᠠᠷᠠᠭᠠᠯᠵᠠᠯ ᠤᠨ ᠲᠥᠷᠥ ᠶᠢᠨ ᠪᠤᠲᠤᠯᠭ᠎ᠠ᠂ ᠤᠲᠤ ᠥᠶ᠎ᠠ ᠶᠢᠨ ᠮᠠᠯ ᠠᠵᠤ ᠠᠬᠤᠢ᠂ ᠰᠤᠶᠤᠯ ᠵᠤᠭᠠᠴᠠᠯ ᠤᠨ ᠥᠢᠯᠡᠰ᠂ ᠶᠠᠲᠠᠭᠤ ᠠᠴᠠ ᠠᠩᠭᠢᠵᠢᠷᠠᠭᠤᠯᠵᠥ ᠴᠢᠨᠡᠭᠡᠯᠢᠭᠵᠢᠬᠦᠯᠬᠦ᠂ ᠰᠤᠷᠭᠠᠨ ᠬᠥᠮᠥᠵᠢᠯ ᠡᠮ ᠡᠮᠨᠡᠯᠭᠡ ᠡᠷᠡᠬᠦᠯ ᠬᠠᠮᠠᠭᠠᠯᠠᠯ᠂ ᠤᠯᠠᠨ ᠲᠥᠮᠡᠨ ᠤ ᠰᠤᠶᠤᠯ ᠤᠨ ᠠᠮᠢᠲᠤᠷᠠᠯ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠲᠠ ᠵᠡᠷᠭᠡ ᠴᠢᠬᠤᠯᠠ ᠠᠰᠠᠭᠤᠲᠠᠯ ᠢ ᠰᠠᠶᠢᠲᠤᠷ ᠲᠠᠶᠢᠯᠪᠤᠷᠢᠯᠠᠬᠤ ᠬᠡᠷᠡᠭᠲᠡᠢ᠃ ᠥᠨᠲᠤᠰᠤᠨ ᠱᠠᠲᠤᠨ ᠤ ᠨᠠᠮ ᠤᠨ ᠵᠤᠬᠢᠶᠠᠨ ᠪᠠᠶᠢᠭᠤᠯᠤᠯᠲᠠ ᠨᠠᠮ ᠢ ᠴᠢᠩᠭ᠎ᠠ ᠵᠠᠰᠠᠬᠤ ᠤᠯᠤᠰ ᠲᠥᠷᠥ ᠶᠢᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠨᠠᠶᠢᠲᠠᠪᠤᠷᠢᠵᠢᠭᠤᠯᠵᠥ᠂ ᠡᠯ᠎ᠠ ᠬᠥᠷᠢᠶ᠎ᠠ ᠬᠡᠪᠴᠢᠶ᠎ᠠ᠂ ᠡᠯ᠎ᠠ ᠭᠤᠭᠴᠤᠭᠠᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠨᠠᠷᠢᠨ ᠬᠥᠨᠵᠡᠭᠡᠢ ᠠᠳᠬᠤᠵᠥ᠂ ᠨᠠᠮ ᠤᠨ ᠳᠦᠷᠦ ᠪᠠᠷᠢᠬᠤ ᠰᠠᠭᠤᠷᠢ ᠶᠢ ᠪᠠᠲᠤᠳᠬᠠᠵᠥ᠂ ᠥᠨᠲᠤᠰᠤᠨ ᠱᠠᠲᠤᠨ ᠤ ᠨᠠᠮ ᠤᠨ ᠵᠤᠬᠢᠶᠠᠨ ᠪᠠᠶᠢᠭᠤᠯᠤᠯᠲᠠ ᠶᠢᠨ ᠴᠤᠭᠴᠠᠯᠠᠯᠲᠠ ᠶᠢ ᠪᠠᠲᠤ ᠴᠢᠩᠭ᠎ᠠ ᠲᠠᠶᠢᠴᠢᠨ ᠪᠠᠬᠢᠯᠡᠯᠲᠡ ᠪᠤᠯᠭᠠᠨ ᠪᠠᠶᠢᠭᠤᠯᠬᠤ ᠬᠡᠷᠡᠭᠲᠡᠢ᠃ ᠤᠯᠠᠨ ᠲᠥᠮᠡᠨ ᠲᠠᠢ ᠬᠠᠷᠢᠴᠠᠵᠥ ᠥᠢᠯᠡᠴᠢᠯᠡᠬᠦ ᠠᠵᠢᠯ ᠢ ᠰᠠᠶᠢᠲᠤᠷ ᠬᠢᠵᠥ᠂ ᠤᠯᠠᠨ ᠲᠥᠮᠡᠨ ᠤ ᠲᠤᠰ ᠪᠡᠶ᠎ᠠ ᠶᠢᠨ ᠠᠰᠢᠭ ᠲᠤᠰᠠ ᠶᠢ ᠰᠠᠶᠢᠲᠤᠷ ᠪᠠᠲᠤᠯᠠᠨ ᠬᠠᠮᠠᠭᠠᠯᠠᠬᠤ ᠬᠡᠷᠡᠭᠲᠡᠢ ᠬᠡᠪᠡ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号