ᠰᠦᠨᠢᠳ ᠵᠡᠬᠦᠨ ᠬᠤᠰᠢᠭᠤ ᠪᠤᠯ 34251.7 ᠲᠦᠮᠡᠨ ᠬᠠᠪᠳᠠᠭᠠᠢ ᠲᠦᠷᠪᠡᠯᠵᠢᠨ ᠺᠢᠯᠤᠮᠧᠲᠷ ᠨᠤᠳᠤᠭ | ᠳᠡᠪᠢᠰᠭᠡᠷ ᠲᠠᠢ᠂ 3.37 ᠲᠦᠮᠡᠨ ᠬᠦᠮᠦᠨ ᠠᠮᠠ ᠲᠠᠢ᠂ ᠮᠤᠩᠭᠤᠯ ᠦᠨᠳᠦᠰᠦᠳᠡᠨ ᠤ ᠬᠦᠮᠦᠨ ᠠᠮᠠ ᠪᠦ᠋ᠬᠦ | ᠬᠤᠰᠢᠭᠤᠨ ᠤ ᠬᠦᠮᠦᠨ ᠠᠮᠠ ᠶᠢᠨ 60.8 % ᠶᠢ ᠡᠵᠡᠯᠡᠵᠤ ᠪᠠᠶᠢᠭ᠎ᠠ ᠮᠠᠯᠵᠢᠬᠤ ᠬᠤᠰᠢᠭᠤ ᠪᠤᠯᠤᠨ᠎ᠠ᠃ ᠡᠶᠢᠨᠬᠦ | ᠲᠤᠰ ᠬᠤᠰᠢᠭᠤᠨ ᠤ ᠠᠷᠠᠳ ᠤᠨ ᠰᠢᠬᠦᠬᠦ ᠬᠤᠷᠢᠶ᠎ᠡ ᠶᠢᠨ ᠤᠯᠠᠩᠬᠢ ᠭᠡᠷᠡᠭ ᠤᠨ ᠳᠣᠬᠠᠢ ᠶᠢᠨ ᠬᠦᠮᠦᠨ ᠨᠢ ᠮᠤᠩᠭᠤᠯ | ᠦᠨᠳᠦᠰᠦᠳᠡᠨ ᠪᠤᠯᠬᠤᠷ ᠮᠤᠩᠭᠤᠯ ᠭᠡᠯᠡᠨ ᠤ ᠭᠡᠷᠡᠭᠯᠡᠭᠡ ᠶᠢᠨ ᠬᠦᠷᠢᠶ᠎ᠡ ᠬᠡᠪᠴᠢᠶ᠎ᠡ ᠶᠢ ᠴᠢᠬᠤᠯᠠᠴᠢᠯᠠᠨ ᠦᠷᠭᠡᠳᠭᠡᠵᠤ᠂ | ᠮᠤᠩᠭᠤᠯ ᠭᠡᠯᠡᠨ ᠤ ᠬᠠᠤᠯᠢ ᠶᠢᠨ ᠠᠵᠢᠯᠳᠠᠨ ᠢ ᠴᠢᠷᠮᠠᠶᠢᠨ ᠬᠦᠮᠦᠵᠢᠬᠦᠯᠵᠤ᠂ ᠴᠦᠬᠡᠨ ᠳᠣᠭᠠᠳᠣ ᠦᠨᠳᠦᠰᠦᠳᠡᠨ ᠤ | ᠳᠤᠬᠠᠢ ᠶᠢᠨ ᠬᠦᠮᠦᠨ ᠤ ᠦᠪᠡᠷ ᠤᠨ ᠦᠬᠡ ᠬᠡᠯᠡ ᠦᠰᠦᠭ ᠪᠢᠴᠢᠭ ᠢᠶᠠᠨ ᠠᠰᠢᠭᠯᠠᠨ ᠬᠠᠤᠯᠢ ᠶᠤᠰᠤᠨ ᠤ ᠡᠷᠭᠡ | ᠠᠰᠢᠭ ᠢ ᠬᠠᠮᠠᠭᠠᠯᠠᠬᠤ ᠳᠤ ᠴᠢᠬᠤᠯᠠ ᠪᠠᠳᠤᠯᠠᠭ᠎ᠠ ᠬᠠᠩᠭᠠᠵᠦ ᠪᠠᠶᠢᠨ᠎ᠠ᠃ | ᠲᠤᠰ ᠬᠤᠰᠢᠭᠤᠨ ᠤ ᠠᠷᠠᠳ ᠤᠨ ᠰᠢᠬᠦᠬᠦ ᠬᠤᠷᠢᠶ᠎ᠠ ᠦᠨᠳᠦᠰᠦᠨ ᠬᠠᠤᠯᠢ ᠶᠢᠨ 134 ᠵᠤᠷᠪᠤᠰ ᠤᠨ ︽ | ᠰᠢᠬᠦᠬᠦ ᠳᠣᠰᠢᠶᠠᠯᠳᠠᠨ ᠰᠢᠬᠦᠯᠳᠠ ᠶᠢᠨ ᠶᠠᠪᠤᠴᠠ ᠳᠤ ᠳᠣᠬᠠᠢ ᠶᠢᠨ ᠬᠦᠮᠦᠨ ᠤ ᠦᠪᠡᠷ ᠤᠨ ᠦᠨᠳᠦᠰᠦᠳᠡᠨ ᠤ ᠦᠬᠡ | ᠬᠡᠯᠡ ᠦᠰᠦᠭ ᠪᠢᠴᠢᠭ ᠢᠶᠠᠷ ᠢᠶᠠᠨ ᠵᠠᠷᠭᠤ ᠳᠤ ᠣᠷᠣᠯᠴᠠᠬᠤ ᠶᠢ ᠪᠠᠳᠣᠯᠠᠬᠤ ᠭᠡᠷᠡᠭᠲᠡᠢ︾ ᠭᠡᠬᠦ ᠳᠣᠭᠳᠠᠭᠠᠯ ᠢ | ᠭᠡᠷᠡᠭᠵᠢᠬᠦᠯᠦᠨ ᠭᠡᠷᠡᠭ ᠳᠠᠩᠰᠠᠯᠠᠬᠤ ᠠᠴᠠ ᠡᠬᠢᠯᠡᠨ᠂ ᠮᠤᠩᠭᠤᠯ ᠦᠬᠡ ᠬᠡᠯᠡ ᠦᠰᠦᠭ ᠪᠢᠴᠢᠭ ᠢᠶᠠᠨ ᠭᠡᠷᠡᠭᠯᠡᠵᠤ | ᠴᠢᠳᠠᠳᠠᠭ ᠰᠢᠬᠦᠭᠴᠢ ᠪᠤᠶᠤ ᠰᠢᠬᠦᠭᠴᠢ ᠶᠢᠨ ᠳᠣᠰᠠᠯᠠᠭᠴᠢ ᠶᠢ ᠳᠣᠬᠢᠷᠠᠭᠤᠯᠤᠨ᠂ ᠭᠡᠷᠡᠭ ᠢᠶᠠᠷ ᠳᠡᠩᠰᠠᠯᠠᠬᠤ ᠪᠠ ᠬᠠᠤᠯᠢ | ᠴᠠᠭᠠᠵᠠ ᠶᠢᠨ ᠭᠡᠷᠡᠭ ᠤᠨ ᠳᠣᠬᠠᠢ ᠠᠰᠠᠭᠤᠯᠳᠠ ᠳᠤ ᠬᠠᠮᠢᠶ᠎ᠡ ᠪᠦᠬᠦᠢ ᠳᠠᠶᠢᠯᠪᠦᠷᠢᠯᠡᠯᠳᠡ ᠶᠢᠨ ᠦᠢᠯᠡᠴᠢᠯᠡᠭᠡ | ᠬᠠᠩᠭᠠᠵᠦ ᠪᠠᠶᠢᠨ᠎ᠠ᠃ ᠡᠬᠦᠨ ᠤ ᠬᠠᠮᠳᠤ ᠵᠠᠷᠭᠤ ᠵᠠᠭᠠᠯᠳᠤᠯᠭ᠎ᠠ ᠶᠢᠨ ᠶᠠᠪᠤᠴᠠ ᠳᠤ ᠳᠣᠬᠠᠢ ᠶᠢᠨ ᠬᠦᠮᠦᠨ ᠤ ᠮᠤᠩᠭᠤᠯ | ᠭᠡᠯᠡ ᠪᠠᠷ ᠢᠶᠠᠨ ᠬᠡᠯᠡᠵᠤ ᠢᠯᠡᠳᠭᠡᠬᠦ ᠶᠢ ᠵᠤᠷᠢᠭᠵᠢᠭᠤᠯᠳᠠᠭ ᠪᠠ ᠵᠠᠷᠭᠤ ᠶᠢᠨ ᠪᠢᠴᠢᠭ ᠮᠠᠲ᠋ᠧᠷᠢᠶᠠᠯ ᠢ | ᠮᠤᠩᠭᠤᠯ ᠢᠶᠠᠷ ᠢᠶᠠᠨ ᠪᠢᠴᠢᠬᠦ ᠶᠢ ᠪᠠᠳᠣᠯᠠᠳᠠᠭ ᠪᠠᠶᠢᠨ᠎ᠠ᠃ | ᠲᠤᠰ ᠬᠤᠰᠢᠭᠤᠨ ᠤ ᠨᠤᠳᠤᠭ ᠪᠡᠯᠴᠢᠭᠡᠷ ᠦᠷᠭᠡᠨ ᠠᠭᠤᠳᠠᠮ᠂ ᠮᠠᠯᠴᠢᠳ ᠳᠠᠷᠬᠠᠠᠢ ᠪᠤᠳᠠᠷᠬᠠᠢ ᠨᠤᠳᠤᠭᠰᠢᠨ | ᠰᠠᠭᠤᠷᠢᠰᠢᠳᠠᠭ ᠤᠨᠴᠠᠯᠢᠭ ᠠᠴᠠ ᠪᠤᠯᠵᠤ ᠠᠷᠠᠳ ᠤᠨ ᠰᠢᠬᠦᠬᠦ ᠬᠤᠷᠢᠶ᠎ᠡ ᠨᠢ ᠪᠦᠬᠦ ᠬᠤᠰᠢᠭᠤᠨ ᠤ ᠭᠡᠪᠴᠢᠶᠠᠨᠳᠤ 9 | ᠳᠣᠭᠤᠷᠢᠨ ᠰᠢᠬᠦᠬᠦ ᠰᠢᠬᠦᠯᠳᠠᠶᠢᠨ ᠴᠢᠭ ᠢ ᠪᠠᠶᠢᠭᠤᠯᠤᠬᠰᠠᠨ ᠪᠠ ᠰᠢᠬᠦᠯᠳᠡ ᠶᠢᠨ ᠴᠢᠭ ᠪᠦᠷᠢ ᠳᠤ ᠬᠤᠶᠠᠷ | ᠬᠠᠷᠢᠯᠴᠠᠬᠤ ᠬᠦᠮᠦᠨᠲ᠋ᠣᠬᠢᠷᠠᠭᠤᠯᠤᠨ᠂ ᠮᠠᠯᠴᠢᠨ ᠲᠦᠮᠡᠨ ᠤ ᠴᠠᠭ ᠳᠣᠬᠠᠢ ᠳᠤᠨᠢ ᠵᠠᠷᠭᠤ ᠳᠤ ᠣᠷᠣᠯᠴᠠᠬᠤ ᠳᠤ | ᠨᠦᠬᠦᠴᠡᠯ ᠬᠠᠩᠭᠠᠬᠰᠠᠨ ᠪᠠ ᠮᠠᠯᠴᠢᠳ ᠤᠨ ᠵᠠᠷᠭᠤ ᠠᠴᠠ ᠪᠤᠯᠤᠭᠰᠠᠨ ᠠᠵᠤ ᠠᠬᠤᠢ ᠶᠢᠨ ᠳᠠᠷᠤᠭᠠᠰᠣ ᠶᠢ | ᠬᠦᠩᠭᠡᠷᠡᠬᠦᠯᠪᠡ᠃ ᠰᠢᠬᠦᠯᠳᠡᠶᠢᠨ ᠴᠢᠭ ᠨᠢ ᠪᠦᠬᠦ ᠬᠤᠰᠢᠭᠤᠨ ᠤ ᠡᠮᠦᠨ᠎ᠡ ᠬᠤᠶᠢᠨ᠎ᠠ ᠭᠡᠳᠦᠨ ᠰᠣᠮᠤ ᠶᠢ | ᠪᠠᠭᠳᠠᠭᠠᠬᠤ ᠶᠢ ᠪᠠᠳᠣᠯᠠᠵᠤ᠂ ᠮᠠᠯᠴᠢᠤᠨᠡᠴᠠ ᠬᠠᠮᠤᠭ ᠤᠨ ᠤᠶᠢᠷ᠎ᠡ ᠭᠠᠵᠠᠷ ᠢ ᠰᠣᠩᠭᠤᠨ ᠰᠢᠬᠦᠯᠳᠡ ᠳᠤ | ᠣᠷᠣᠯᠴᠠᠬᠤ ᠳᠤ ᠲᠦᠬᠦᠮ ᠦᠵᠡᠬᠦᠯᠵᠡᠢ᠃ ᠳᠣᠭᠤᠷᠢᠨ ᠰᠢᠬᠦᠬᠦ ᠲᠢᠩᠬᠢᠮ ᠳᠡᠭᠡᠨ ᠭᠤᠴᠢᠨ ᠵᠢᠯ ᠮᠤᠩᠭᠤᠯ ᠦᠭᠡ | ᠭᠡᠯᠡ ᠦᠰᠦᠭ ᠪᠢᠴᠢᠭ ᠢᠶᠠᠨ ᠭᠡᠷᠡᠭᠯᠠᠨ ᠠᠵᠢᠯᠯᠠᠵᠤ ᠪᠠᠶᠢᠭ᠎ᠠ ᠠᠬᠠᠮᠠᠳ ᠰᠢᠬᠦᠭᠴᠢ ᠪᠠ ᠮᠤᠩᠭᠤᠯ ᠢᠶᠠᠷ ᠪᠢᠴᠢᠭ | ᠦᠵᠡᠵᠦ ᠶᠡᠭᠡ ᠰᠣᠷᠭᠠᠭᠤᠯᠢ ᠳᠡᠬᠦᠰᠦᠭᠰᠡᠨ ᠵᠠᠯᠠᠭᠤ ᠰᠢᠬᠦᠭᠴᠢ ᠵᠢᠴᠢ ᠮᠤᠩᠭᠤᠯ ᠦᠭᠡ ᠬᠡᠯᠡᠦᠰᠦᠭ ᠪᠢᠴᠢᠭ ᠢᠶᠠᠨ | ᠰᠠᠶᠢᠨ ᠡᠵᠡᠮᠰᠢᠵᠤ ᠭᠡᠷᠡᠭᠯᠡᠵᠤ ᠪᠠᠶᠢᠭ᠎ᠠ ᠪᠢᠴᠢᠭᠡᠴᠢ ᠶᠢ ᠳᠣᠬᠢᠷᠠᠭᠤᠯᠵᠤ᠂ ᠮᠠᠯᠴᠢᠨ ᠲᠦᠮᠡᠨ ᠤ ᠦᠪᠡᠷ ᠤᠨ | ᠦᠨᠳᠦᠰᠦᠳᠡᠨ ᠤ ᠦᠬᠡ ᠬᠡᠯᠡ ᠦᠰᠦᠭ ᠪᠢᠴᠢᠭ ᠢᠶᠠᠷ ᠵᠠᠷᠭᠤ ᠳᠤ ᠤᠷᠤᠯᠴᠠᠬᠤ ᠳᠤ ᠴᠢᠬᠤᠯᠠ ᠨᠦᠬᠦᠴᠡᠯ ᠬᠠᠩᠭᠠᠪᠠ | ᠃ | ᠳᠤᠰ ᠠᠷᠠᠳ ᠤᠨ ᠰᠢᠬᠦᠬᠦ ᠬᠤᠷᠢᠶᠠᠨ ᠳᠤ ᠨᠠᠶᠢᠳᠠ 20 ᠰᠢᠬᠦᠭᠴᠢ ᠲᠠᠢ ᠪᠠᠶᠢᠵᠤ᠂ ᠮᠤᠩᠭᠤᠯ ᠦᠬᠡ ᠬᠡᠯᠡ | ᠦᠰᠦᠭ ᠪᠢᠴᠢᠭ ᠢᠶᠠᠷ ᠢᠶᠠᠨ ᠰᠢᠬᠦᠡ ᠳᠠᠰᠣᠯᠣᠯᠳᠠ ᠶᠢᠨ ᠠᠵᠢᠯ ᠳᠤ ᠣᠷᠣᠯᠴᠠᠳᠠᠭ ᠰᠢᠬᠦᠭᠴᠢ ᠨᠠᠶᠢᠳᠠ 11 ᠪᠤᠢ᠃ | ᠮᠠᠯᠴᠢᠨ ᠲᠦᠮᠡᠨ ᠳᠤ ᠨᠡᠩ ᠰᠠᠶᠢᠨ ᠦᠢᠯᠡᠴᠢᠯᠡᠬᠦ ᠶᠢᠨ ᠳᠣᠰᠠᠳᠠ ᠳᠣᠰ ᠰᠢᠬᠦᠬᠦ ᠬᠤᠷᠢᠶ᠎ᠡ ᠬᠤᠷᠢᠶᠠᠨ ᠤ ᠪᠠᠨ | ᠭᠡᠪᠴᠢᠶᠡᠨ ᠳᠤ ᠵᠢᠯ ᠳᠤ ᠭᠤᠷᠪᠠ ᠠᠴᠠ ᠲᠦᠷᠪᠡ ᠣᠳᠠᠭᠠᠨ ᠤ ᠮᠤᠩᠭᠤᠯ ᠦᠬᠡ ᠬᠡᠯᠡ ᠦᠰᠦᠭ ᠪᠢᠴᠢᠭ ᠤᠨ | ᠪᠤᠯᠪᠠᠰᠣᠷᠠᠯ ᠭᠢᠳᠡᠭ᠃ ᠳᠣᠬᠠᠶᠢᠯᠠᠪᠠᠯ᠂ ᠬᠠᠤᠯᠢ ᠴᠠᠭᠠᠵᠠ ᠶᠢᠨ ᠤᠷᠴᠢᠭᠤᠯᠭ᠎ᠠ ᠶᠢᠨ ᠪᠤᠯᠪᠠᠰᠣᠷᠠᠯ᠂ ᠬᠠᠤᠯᠢ | ᠴᠠᠭᠠᠵᠠ ᠶᠢᠨ ᠨᠠᠷᠠ ᠳᠤᠮᠢᠶ᠎ᠡ ᠶᠢ ᠡᠵᠡᠮᠰᠢᠵᠤ ᠭᠡᠷᠡᠭᠯᠡᠬᠦ ᠪᠤᠯᠪᠠᠰᠣᠷᠠᠯ᠂ ᠬᠤᠤᠰ ᠬᠡᠯᠡᠨ ᠤ ᠪᠢᠴᠢᠭᠡᠴᠢ ᠶᠢᠨ | ᠪᠤᠯᠪᠠᠰᠣᠷᠠᠯ ᠵᠡᠷᠭᠡ ᠠᠯᠢ ᠤᠯᠠᠨ ᠮᠤᠩᠭᠤᠯ ᠦᠭᠡ ᠭᠡᠯᠡ ᠦᠰᠦᠭ ᠪᠢᠴᠢᠭ ᠤᠨ ᠭᠡᠷᠡᠭᠯᠡᠬᠡᠨ ᠳᠤ ᠬᠤᠯᠪᠤᠬᠳᠠᠭᠰᠠᠨ | ᠪᠤᠯᠪᠠᠰᠣᠷᠠᠯ ᠢ ᠦᠷᠨᠢᠬᠦᠯᠵᠦ᠂ ᠰᠢᠬᠦᠭᠴᠢ ᠶᠢᠨ ᠢᠶᠠᠨ ᠮᠤᠩᠭᠤᠯ ᠭᠡᠯᠡ ᠪᠠᠷ ᠦᠢᠯᠡᠴᠢᠯᠡᠬᠦ ᠴᠢᠳᠠᠪᠤᠷᠢ ᠶᠢ ᠤᠯᠠᠮ | ᠲᠡᠭᠡᠭᠰᠢᠯᠡᠬᠦᠯᠵᠦ ᠪᠠᠶᠢᠨ᠎ᠠ᠃ ᠮᠤᠩᠭᠤᠯ ᠦᠭᠡ ᠭᠡᠯᠡ ᠦᠰᠦᠭ ᠪᠢᠴᠢᠭ ᠢᠶᠠᠨ ᠬᠦᠨᠳᠦᠳᠭᠡᠨ ᠭᠡᠷᠡᠭᠯᠡᠵᠦ᠂ ᠠᠷᠠᠳ | ᠤᠯᠠᠨ ᠤ ᠪᠠᠨ ᠬᠦᠷᠢᠶᠡᠯᠡᠯ ᠢ ᠤᠯᠤᠭᠰᠠᠨ ᠢᠶᠠᠷ ᠲᠤᠰ ᠬᠤᠰᠢᠭᠤᠨ ᠤ ᠠᠷᠠᠳ ᠤᠨ ᠰᠢᠬᠦᠬᠦ ᠬᠤᠷᠢᠶ᠎ᠡ 2002 ᠤᠨ᠂ | 2005 ᠤᠨ᠂ 2014 ᠤᠨ ᠪᠠ 2016 ᠤᠨ ᠳᠤ ᠳᠣᠰ ᠳᠣᠰ ︽ᠪᠦᠬᠦ ᠬᠤᠰᠢᠭᠤᠨ ᠤ ᠮᠤᠩᠭᠤᠯ ᠦᠬᠡ | ᠬᠡᠯᠡ ᠦᠰᠦᠭ ᠪᠢᠴᠢᠭ ᠢ ᠰᠣᠷᠴᠤ ᠭᠡᠷᠡᠭᠯᠡᠭᠰᠡᠨ ᠳᠡᠷᠢᠬᠦᠨ ᠤ ᠨᠢᠭᠡᠴᠡ︾ ᠪᠠᠷ ᠦᠨᠡᠯᠡᠭᠳᠡᠪᠠ᠃ |