ᠯᠥᠸᠧ ᠬᠤ᠋ ᠽᠠᠢ 2016 ᠤᠨ ᠤ ᠶᠡᠭᠡ ᠰᠤᠷᠭᠠᠭᠤᠯᠢ ᠳᠤ ᠳᠠᠪᠰᠢᠬᠤ ᠨᠢᠭᠡᠳᠦᠯᠲᠠᠢ ᠰᠢᠯᠭᠠᠯᠲᠠ ᠶᠢᠨ ᠪᠡᠯᠡᠳᠭᠡᠯ ᠠᠵᠢᠯ ᠢ ᠪᠠᠶᠢᠴᠠᠭᠠᠪᠠ
ᠨᠡᠶᠢᠲᠡᠯᠡᠭᠰᠡᠨ ᠴᠠᠭ᠄
2016/6/12
    6 ᠳ᠋ᠤᠭᠠᠷ ᠰᠠᠷ᠎ᠠ ᠶᠢᠨ 3 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠱᠦᠵᠢ ᠯᠦᠸᠧ ᠬᠤ᠋ ᠽᠠᠢ ᠰᠢᠯᠢ ᠶᠢᠨ ᠬᠤᠳᠠ ᠶᠢᠨ ᠭᠡᠰᠡᠭ ᠰᠤᠷᠭᠠᠭᠤᠯᠢ ᠳᠤ ᠭᠦᠨᠵᠡᠭᠡᠶᠢᠷᠡᠨ᠂ 2016 ᠤᠨ ᠤ ᠶᠡᠭᠡ ᠰᠤᠷᠭᠠᠭᠤᠯᠢ ᠳᠤ ᠲᠡᠪᠰᠢᠬᠤ ᠤᠯᠤᠰ ᠤᠨ ᠨᠢᠭᠡᠳᠦᠯᠳᠠᠢ ᠰᠢᠯᠭᠠᠯᠳᠠ ᠶᠢᠨ ᠪᠡᠯᠡᠳᠭᠡᠯ ᠠᠵᠢᠯ ᠢ ᠪᠠᠶᠢᠴᠠᠭᠠᠨ ᠰᠤᠳᠤᠯᠬᠤ ᠳᠠᠭᠠᠨ ᠴᠢᠬᠤᠯᠠᠴᠢᠯᠠᠭᠰᠠᠨ ᠨᠢ᠂ ᠨᠠᠷᠢᠨ ᠨᠢᠮᠪᠠᠢ ᠵᠤᠬᠢᠶᠠᠨ ᠪᠠᠶᠢᠭᠤᠯᠵᠦ᠂ ᠬᠠᠮᠢᠶᠠᠷᠤᠯᠳᠠ ᠶᠢ ᠴᠢᠩᠭᠠᠳᠬᠠᠨ᠂ ᠦᠢᠯᠡᠴᠢᠯᠡᠭᠡ ᠶᠢ ᠰᠠᠶᠢᠵᠢᠷᠠᠭᠤᠯᠵᠦ᠂ ᠦᠷᠭᠡᠨ ᠤᠯᠠᠨ ᠰᠢᠯᠭᠠᠭᠤᠯᠤᠭᠰᠠᠳ ᠲᠤ ᠠᠮᠦᠷ ᠲᠦᠪᠰᠢᠨ᠂ ᠲᠠᠭᠠᠯᠠᠮᠵᠢᠳᠠᠢ ᠰᠢᠯᠭᠠᠯᠳᠠ ᠶᠢᠨ ᠤᠷᠴᠢᠨ ᠲᠤᠭᠤᠷᠢᠨ ᠡᠭᠦᠳᠬᠦ ᠭᠡᠷᠡᠭᠳᠠᠢ ᠭᠡᠪᠡ᠃        ᠯᠦᠸᠧ ᠬᠤ᠋ ᠽᠠᠢ ᠰᠢᠯᠢ ᠶᠢᠨ ᠭᠤᠤᠯ ᠠᠶᠢᠮᠠᠭ ᠤᠨ ᠮᠤᠩᠭᠤᠯ ᠦᠨᠳᠦᠰᠦᠳᠡᠨ ᠤ ᠲᠤᠮᠳᠠᠳᠦ ᠰᠤᠷᠭᠠᠭᠤᠯᠢ᠂ ᠰᠢᠯᠢ ᠶᠢᠨ ᠬᠤᠳᠠ ᠶᠢᠨ ᠰᠤᠷᠭᠠᠨ ᠭᠦᠮᠦᠵᠢᠯ ᠤᠨ ᠲᠤᠪᠴᠢᠶ᠎ᠠ᠂ ᠰᠢᠯᠢ ᠶᠢᠨ ᠬᠤᠳᠠ ᠶᠢᠨ ᠵᠢᠷᠭᠤᠳᠤᠭᠠᠷ ᠲᠤᠮᠳᠠᠳᠦ ᠰᠤᠷᠭᠠᠭᠤᠯᠢ ᠳᠤ ᠭᠦᠨᠵᠡᠭᠡᠶᠢᠷᠡᠨ᠂ ᠰᠢᠯᠭᠠᠯᠳᠠ ᠶᠢᠨ ᠠᠵᠢᠯ ᠤᠨ ᠲᠠᠰᠤᠭ᠂ ᠬᠢᠨᠠᠨ ᠡᠵᠡᠮᠳᠡᠭᠦ ᠲᠠᠰᠤᠭ᠂ ᠰᠢᠯᠭᠠᠯᠳᠠ ᠶᠢᠨ ᠬᠠᠭᠤᠳᠠᠰᠦ ᠶᠢ ᠬᠠᠳᠠᠭᠠᠯᠠᠵᠦ ᠪᠠᠶᠢᠭ᠎ᠠ ᠭᠠᠵᠠᠷ᠂ ᠰᠤᠷᠭᠠᠭᠤᠯᠢ ᠶᠢᠨ ᠬᠤᠭᠤᠯᠠᠨ ᠲᠠᠩᠭᠢᠮ᠂ ᠰᠤᠷᠤᠭᠴᠢ ᠶᠢᠨ ᠪᠠᠶᠢᠷᠢ ᠶᠢ ᠪᠠᠶᠢᠴᠠᠭᠠᠨ ᠦᠵᠡᠵᠦ᠂ ᠰᠢᠯᠭᠠᠯᠳᠠ ᠠᠴᠠ ᠡᠮᠦᠨᠡᠭᠢ ᠡᠯ᠎ᠠ ᠲᠦᠷᠦᠯ ᠤᠨ ᠪᠡᠯᠡᠳᠭᠡᠯ ᠠᠵᠢᠯ ᠢ ᠨᠠᠷᠢᠨ ᠤᠢᠢᠯᠠᠭᠠᠪᠠ᠃ ᠲᠡᠷᠡ ᠴᠢᠬᠤᠯᠠᠴᠢᠯᠠᠬᠤ ᠳᠠᠭᠠᠨ᠂ ᠡᠯ᠎ᠠ ᠱᠠᠳᠤᠨ ᠤ ᠵᠠᠰᠠᠭ ᠤᠨ ᠤᠷᠳᠤᠨ ᠪᠤᠯᠤᠨ ᠰᠤᠷᠭᠠᠨ ᠭᠦᠮᠦᠵᠢᠯ ᠢ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠰᠢᠯᠭᠠᠯᠳᠠ ᠶᠢᠨ ᠬᠠᠭᠤᠳᠠᠰᠦ ᠶᠢᠨ ᠨᠢᠭᠤᠴᠠ ᠶᠢ ᠬᠠᠮᠠᠭᠠᠯᠠᠬᠤ ᠠᠵᠢᠯ ᠢ ᠰᠠᠶᠢᠳᠦᠷ ᠬᠢᠵᠦ᠂ ᠰᠢᠯᠭᠠᠯᠳᠠ ᠶᠢᠨ ᠠᠵᠢᠯ ᠢ ᠬᠠᠮᠢᠶᠠᠷᠬᠤ ᠪᠠᠨ ᠴᠢᠩᠭᠠᠳᠬᠠᠵᠦ᠂ ᠰᠢᠯᠭᠠᠯᠳᠠ ᠶᠢᠨ ᠰᠤᠷᠳᠠᠯ ᠰᠠᠬᠢᠯᠭ᠎ᠠ ᠪᠠᠳᠦ ᠶᠢ ᠴᠢᠩᠭᠠᠳᠬᠠᠵᠦ᠂ ᠰᠢᠯᠭᠠᠯᠳᠠ ᠶᠢᠨ ᠤᠷᠤᠭᠰᠢᠳᠠᠢ ᠶᠠᠪᠤᠬᠳᠠᠬᠤ ᠶᠢ ᠪᠠᠳᠤᠯᠠᠬᠤ ᠭᠡᠷᠡᠭᠳᠠᠢ᠃ ᠡᠯ᠎ᠠ ᠱᠠᠳᠤᠨ ᠤ ᠡᠷᠡᠭᠦᠯ ᠬᠠᠮᠠᠭᠠᠯᠠᠯ᠂ ᠢᠳᠡᠭᠡᠨ ᠪᠠ ᠡᠮ ᠤᠨ ᠵᠦᠢᠯ ᠤᠨ ᠬᠠᠮᠢᠶᠠᠷᠤᠯᠳᠡ ᠶᠢᠨ ᠰᠠᠯᠠᠭ᠎ᠠ ᠮᠦᠴᠢᠷ ᠪᠤᠯᠤᠨ ᠰᠢᠯᠭᠠᠯᠳᠠ ᠳᠤᠬᠢᠷᠠᠭᠤᠯᠤᠬᠰᠠᠨ ᠰᠤᠷᠭᠠᠭᠤᠯᠢ ᠢᠳᠡᠭᠡᠨ ᠤ ᠠᠮᠦᠷ ᠲᠦᠪᠰᠢᠨ ᠤ ᠠᠵᠢᠯ ᠢ ᠲᠡᠭᠡᠳᠦ ᠭᠡᠮᠵᠢᠶ᠎ᠠ ᠪᠠᠷ ᠴᠢᠬᠤᠯᠠᠴᠢᠯᠠᠵᠦ᠂ ᠬᠤᠭᠤᠯᠠ ᠪᠤᠳᠠᠭᠠᠨ ᠤ ᠴᠢᠨᠠᠷ ᠢ ᠪᠠᠳᠤᠯᠠᠵᠦ᠂ ᠰᠢᠮ᠎ᠠ ᠲᠡᠵᠢᠭᠡᠯ ᠢ ᠲᠤᠬᠢᠷᠠᠭᠤᠯᠬᠤ ᠶᠢ ᠠᠩᠬᠠᠷᠬᠤ ᠭᠡᠷᠡᠭᠳᠠᠢ᠃ ᠪᠠᠶᠢᠷᠢ ᠶᠢᠨ ᠭᠡᠷ ᠤᠨ ᠬᠠᠮᠢᠶᠠᠷᠤᠯᠳᠠ ᠶᠢ ᠦᠨᠡᠨᠭᠦ ᠴᠢᠩᠭᠠᠳᠬᠠᠵᠦ᠂ ᠡᠳᠦᠷ ᠲᠤᠳᠤᠮ ᠤᠨ ᠵᠢᠵᠢᠭᠦᠷ ᠪᠤᠯᠤᠨ ᠰᠦᠨᠢ ᠶᠢᠨ ᠪᠠᠶᠢᠴᠠᠭᠠᠯᠳᠠ ᠶᠢ ᠴᠢᠩᠭᠠᠳᠬᠠᠬᠤ ᠭᠡᠷᠡᠭᠳᠠᠢ᠃ ᠡᠮ ᠡᠮᠨᠡᠯᠭᠡ ᠶᠢᠨ ᠦᠢᠯᠡᠴᠢᠯᠡᠭᠡ ᠶᠢ ᠰᠠᠶᠢᠵᠢᠷᠠᠭᠤᠯᠵᠦ᠂ ᠡᠮᠴᠢ ᠠᠵᠢᠯᠳᠠᠨ᠂ ᠡᠮ ᠡᠮᠨᠡᠯᠭᠡ ᠶᠢᠨ ᠲᠤᠨᠤᠭ ᠲᠦᠭᠦᠭᠡᠷᠦᠮᠵᠢ᠂ ᠪᠠᠴᠢᠮ ᠪᠠᠶᠢᠳᠠᠯ ᠢ ᠠᠷᠭᠠᠴᠬᠠᠤ ᠲᠡᠷᠭᠡ ᠤᠨᠤᠭ᠎ᠠ᠂ ᠪᠠᠴᠢᠮ ᠠᠪᠤᠷᠠᠬᠤ ᠡᠮ ᠤᠨ ᠵᠦᠢᠯ ᠢ ᠲᠤᠬᠢᠷᠠᠭᠤᠯᠬᠤ ᠠᠵᠢᠯ ᠢ ᠴᠢᠩᠭᠠᠳᠬᠠᠬᠤ ᠭᠡᠷᠡᠭᠳᠠᠢ ᠭᠡᠪᠡ᠃        ᠰᠢᠯᠢ ᠶᠢᠨ ᠬᠤᠳᠠ ᠶᠢᠨ ᠵᠢᠷᠭᠤᠳᠤᠭᠠᠷ ᠲᠤᠮᠳᠠᠳᠦ ᠰᠤᠷᠭᠠᠭᠤᠯᠢ ᠳᠤ᠂ ᠯᠦᠸᠧ ᠬᠤ᠋ ᠽᠠᠢ ᠦᠨᠳᠦᠷ ᠲᠤᠮᠳᠠᠳᠦ ᠶᠢᠨ ᠭᠤᠷᠪᠠᠳᠤᠭᠠᠷ ᠤᠨ ᠤ ᠨᠡᠶᠢᠭᠡᠮ ᠤᠨ ᠰᠢᠨᠵᠢᠯᠡᠭᠦ ᠤᠬᠠᠭᠠᠨ ᠤ ᠠᠩᠭᠢ ᠶᠢᠨ ᠭᠡᠷ ᠲᠤ ᠢᠷᠡᠵᠦ᠂ ᠶᠠᠭ ᠰᠠᠶᠢᠬᠠᠨ ᠰᠢᠯᠭᠠᠯᠳᠠ ᠳᠤ ᠪᠡᠯᠡᠳᠭᠡᠵᠦ ᠪᠠᠶᠢᠭ᠎ᠠ ᠰᠤᠷᠤᠭᠴᠢᠤᠨ ᠢ ᠡᠷᠬᠢᠨ ᠦᠵᠡᠵᠦ᠂ ᠲᠡᠳᠡᠨ ᠢ ᠰᠠᠨᠠᠭ᠎ᠠ ᠰᠡᠳᠬᠢᠯ ᠢᠶᠠᠨ ᠠᠮᠦᠷ ᠲᠤᠭᠳᠠᠭᠤᠨ ᠪᠠᠶᠢᠯᠭᠠᠵᠦ᠂ ᠰᠢᠯᠭᠠᠯᠳᠠ ᠳᠤ ᠢᠳᠡᠭᠡᠯ ᠲᠡᠭᠦᠯᠳᠡᠷ ᠤᠷᠤᠯᠴᠠᠵᠦ᠂ ᠰᠢᠯᠢᠳᠡᠭ ᠬᠢᠷᠢ ᠪᠦᠳᠦᠮᠵᠢ ᠤᠯᠬᠤ ᠶᠢ ᠵᠤᠷᠢᠬᠵᠢᠭᠤᠯᠪᠠ᠃        ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠰᠢᠯᠢ ᠶᠢᠨ ᠬᠤᠳᠠ ᠶᠢᠨ ᠨᠠᠮ ᠤᠨ ᠬᠤᠷᠢᠶᠠᠨ ᠤ ᠱᠦᠵᠢ ᠲᠠᠶᠢᠴᠢᠨ᠂ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠠᠶᠢᠮᠠᠭ ᠤᠨ ᠪᠠᠶᠢᠡᠭᠭᠤ ᠶᠢᠨ ᠲᠡᠳ᠋ ᠲᠠᠷᠤᠭ᠎ᠠ ᠬᠤᠤ ᠰᠢᠦ ᠴᠤᠸᠠᠨ᠂ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠨᠠᠷᠢᠨ ᠪᠢᠴᠢᠭ ᠤᠨ ᠲᠠᠷᠤᠭ᠎ᠠ ᠲᠢᠶᠠᠨ ᠶᠦᠡᠭ ᠵᠢᠴᠢ ᠠᠶᠢᠮᠠᠭ ᠬᠤᠳᠠ ᠬᠤᠶᠠᠷ ᠱᠠᠳᠤᠨ ᠤ ᠬᠠᠮᠢᠶ᠎ᠠ ᠪᠦᠭᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠪᠠᠷ᠎ᠠ ᠪᠤᠯᠵᠦ ᠪᠠᠶᠢᠴᠠᠭᠠᠨ ᠰᠤᠳᠤᠯᠪᠠ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号