ᠠᠶᠢᠮᠠᠭ ᠤᠨ ᠨᠠᠮ ᠤᠨ ᠬᠤᠷᠢᠶ᠎ᠠ ᠲᠡᠳ᠋ ᠲᠢᠩᠭᠢᠮ ᠤᠨ ᠲᠡᠰ ᠠᠴᠠ ᠲᠡᠭᠡᠭᠰᠢᠭᠢ ᠤᠳᠤᠷᠢᠳᠬᠤ ᠺᠠᠳ᠋ᠷ ᠤᠨ ᠬᠤᠷᠠᠯ ᠬᠤᠷᠠᠯᠳᠤᠭᠤᠯᠪᠠ — ᠠᠶᠢᠮᠠᠭ ᠤᠨ ᠨᠠᠮ ᠤᠨ ᠬᠤᠷᠢᠶᠠᠨ ᠤ ᠬᠠᠮᠢᠶ᠎ᠠ ᠪᠦᠭᠦᠢ ᠤᠳᠤᠷᠢᠳᠤᠯᠭ᠎ᠠ ᠶᠢᠨ ᠲᠤᠰᠢᠶᠠᠯ ᠳᠤ ᠲᠤᠮᠢᠯᠠᠵᠦ ᠪᠠᠭᠤᠯᠭᠠᠬᠤ ᠲᠤᠬᠠᠢ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠲᠤᠭᠳᠠᠭᠠᠯ ᠢ ᠨᠡᠶᠢᠳᠡᠯᠡᠪᠡ
ᠨᠡᠶᠢᠲᠡᠯᠡᠭᠰᠡᠨ ᠴᠠᠭ᠄
2016/6/12
   6 ᠳ᠋ᠤᠭᠠᠷ ᠰᠠᠷ᠎ᠠ ᠶᠢᠨ 2 ᠤᠨ ᠡᠳᠦᠷ᠂ ᠠᠶᠢᠮᠠᠭ ᠤᠨ ᠨᠠᠮ ᠤᠨ  ᠬᠤᠷᠢᠶ᠎ᠠ ᠲᠡᠳ᠋ ᠲᠢᠩᠭᠢᠮ ᠤᠨ ᠲᠡᠰ ᠠᠴᠠ ᠲᠡᠭᠡᠭᠰᠢᠭᠢ ᠤᠳᠤᠷᠢᠳᠬᠤ ᠺᠠᠳ᠋ᠷ ᠤᠨ ᠬᠤᠷᠠᠯ ᠬᠤᠷᠠᠯᠳᠤᠭᠤᠯᠵᠦ᠂  ᠠᠶᠢᠮᠠᠭ ᠤᠨ ᠨᠠᠮ ᠤᠨ ᠬᠤᠷᠢᠶᠠᠨ ᠤ ᠬᠠᠮᠢᠶ᠎ᠠ ᠪᠦᠭᠦᠢ ᠤᠳᠤᠷᠢᠳᠤᠯᠭ᠎ᠠ ᠶᠢᠨ ᠲᠤᠰᠢᠶᠠᠯ ᠳᠤ ᠲᠤᠮᠢᠯᠠᠵᠦ ᠪᠠᠭᠤᠯᠭᠠᠬᠤ  ᠲᠤᠬᠠᠢ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠲᠤᠭᠳᠠᠭᠠᠯ ᠢ ᠨᠡᠶᠢᠳᠡᠯᠡᠪᠡ᠃ ᠦᠪᠡᠷᠳᠡᠭᠡᠨ  ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠳᠤᠬᠳᠠᠭᠠᠯ ᠢᠶᠠᠷ᠂ ᠸᠠᠩ ᠶᠦᠡᠭ ᠮᠢᠩ ᠨᠦᠭᠦᠷ ᠰᠢᠯᠢ   ᠶᠢᠨ ᠭᠤᠤᠯ  ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠵᠤᠬᠢᠶᠠᠨ ᠪᠠᠶᠢᠭᠤᠯᠬᠤ ᠭᠡᠯᠳᠡᠰ ᠤᠨ ᠲᠠᠷᠤᠭ᠎ᠠ ᠶᠢᠨ ᠲᠤᠰᠢᠶᠠᠯ ᠢ  ᠡᠭᠦᠷᠭᠡᠯᠡᠵᠦ᠂ ᠳ᠋ᠢ ᠷᠦᠢ ᠵᠧᠨ ᠨᠦᠭᠦᠷ ᠵᠤᠬᠢᠶᠠᠨ ᠪᠠᠶᠢᠭᠤᠯᠬᠤ ᠭᠡᠯᠳᠡᠰ ᠤᠨ ᠲᠠᠷᠤᠭ᠎ᠠ᠂ ᠠᠶᠢᠮᠠᠭ ᠤᠨ ᠨᠠᠮ ᠤᠨ  ᠬᠤᠷᠢᠶᠠᠨ ᠤ ᠭᠡᠰᠢᠭᠦᠨ ᠤ ᠲᠤᠰᠢᠶᠠᠯ ᠢ ᠡᠭᠦᠷᠭᠡᠯᠡᠭᠦ ᠪᠠᠨ ᠪᠤᠯᠢᠪᠠ᠃ ᠠᠶᠢᠮᠠᠭ ᠤᠨ ᠨᠠᠮ ᠤᠨ ᠬᠤᠷᠢᠶᠠᠨ ᠤ ᠱᠦᠵᠢ ᠯᠦᠸᠧ ᠬᠤ᠋ ᠽᠠᠢ ᠬᠤᠷᠠᠯ ᠡᠷᠭᠢᠯᠡᠭᠰᠡᠨ ᠪᠦᠭᠡᠳ ᠶᠠᠷᠢᠶ᠎ᠠ  ᠲᠠᠯᠪᠢᠵᠠᠢ᠃ ᠲᠡᠳ᠋ ᠲᠢᠩᠭᠢᠮ ᠤᠨ ᠲᠡᠰ ᠠᠴᠠ ᠲᠡᠭᠡᠭᠰᠢᠭᠢ ᠤᠳᠤᠷᠢᠳᠬᠤ ᠺᠠᠳ᠋ᠷ ᠬᠤᠷᠠᠯ ᠳᠤ ᠤᠷᠤᠯᠴᠠᠪᠠ᠃        ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠵᠤᠬᠢᠶᠠᠨ ᠪᠠᠶᠢᠭᠤᠯᠬᠤ ᠭᠡᠯᠳᠡᠰ ᠤᠨ ᠺᠠᠳ᠋ᠷ ᠤᠨ  ᠬᠤᠶᠠᠳᠤᠭᠠᠷ ᠭᠠᠵᠠᠷ ᠤᠨ ᠲᠡᠳ᠋ ᠭᠠᠵᠠᠷ ᠤᠨ ᠲᠠᠷᠤᠭ᠎ᠠ ᠮᠠ ᠶᠢᠨ ᠡᡁᠧ ᠦᠪᠡᠷᠳᠡᠭᠡᠨ ᠵᠠᠰᠠᠬᠤ ᠤᠷᠤᠨ ᠤ ᠨᠠᠮ ᠤᠨ  ᠬᠤᠷᠢᠶᠠᠨ ᠤ ᠲᠤᠰᠢᠶᠠᠯ ᠳᠤ ᠲᠤᠮᠢᠯᠠᠵᠦ ᠳᠤᠰᠢᠶᠠᠯ ᠠᠴᠠ ᠪᠠᠭᠤᠯᠭᠠᠬᠤ ᠲᠤᠭᠳᠠᠭᠠᠯ ᠢ ᠤᠡᠭᠰᠢᠨ ᠨᠡᠶᠢᠳᠡᠯᠡᠭᠰᠡᠨ ᠤ  ᠬᠠᠮᠳᠦ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢ ᠲᠦᠯᠦᠭᠡᠯᠡᠨ ᠶᠠᠷᠢᠶ᠎ᠠ ᠲᠠᠯᠪᠢᠵᠦ᠂ ᠳ᠋ᠢ ᠷᠦᠢ ᠵᠧᠨ ᠨᠦᠭᠦᠷ ᠤᠨ ᠰᠢᠯᠢ ᠶᠢᠨ ᠭᠤᠤᠯ ᠠᠶᠢᠮᠠᠭ ᠲᠤ ᠠᠵᠢᠯᠯᠠᠬᠰᠠᠨ ᠬᠤᠭᠤᠴᠠᠭᠠᠨ ᠳᠠᠬᠢ ᠠᠵᠢᠯ ᠤᠨ ᠬᠢᠷᠢ ᠪᠦᠳᠦᠮᠵᠢ ᠶᠢ  ᠭᠦᠢᠴᠡᠳ ᠨᠤᠳᠠᠯᠠᠪᠠ᠃ ᠲᠡᠷᠡ ᠵᠢᠭᠠᠬᠤ ᠳᠠᠭᠠᠨ᠂ ᠡᠨᠡ ᠤᠳᠠᠭ᠎ᠠ ᠰᠢᠯᠢ ᠶᠢᠨ ᠭᠤᠤᠯ ᠠᠶᠢᠮᠠᠭ ᠤᠨ ᠨᠠᠮ ᠤᠨ  ᠬᠤᠷᠢᠶᠠᠨ ᠤ ᠤᠳᠤᠷᠢᠳᠬᠤ ᠪᠠᠭ ᠤᠨ ᠭᠡᠰᠢᠭᠦᠨ ᠳᠤ ᠲᠤᠬᠢᠷᠠᠭᠤᠯᠤᠯᠳᠠ ᠬᠢᠭᠰᠡᠨ ᠨᠢ᠂ ᠦᠪᠡᠷᠳᠡᠭᠡᠨ ᠵᠠᠰᠠᠬᠤ  ᠤᠷᠤᠨ ᠤ ᠨᠠᠮ ᠤᠨ ᠬᠤᠷᠢᠶ᠎ᠠ ᠪᠦᠭᠦ ᠲᠠᠯ᠎ᠠ ᠠᠴᠠ ᠡᠭᠦᠰᠴᠦ᠂ ᠡᠯ᠎ᠠ ᠲᠠᠯ᠎ᠠ ᠶᠢᠨ ᠰᠠᠨᠠᠯ ᠢ ᠭᠦᠢᠴᠡᠳ ᠰᠤᠨᠤᠰᠴᠦ᠂  ᠪᠦᠭᠦ ᠲᠠᠯ᠎ᠠ ᠪᠠᠷ ᠪᠤᠳᠤᠯᠬᠢᠯᠠᠵᠦ᠂ ᠬᠢᠨᠠᠮᠠᠭᠠᠢ ᠰᠤᠳᠤᠯᠤᠭᠠᠳ ᠲᠤᠬᠳᠠᠭᠠᠭᠰᠠᠨ ᠶᠤᠮ᠃ ᠪᠦᠭᠦ ᠠᠶᠢᠮᠠᠭ ᠤᠨ ᠡᠯ᠎ᠠ  ᠱᠠᠳᠤᠨ ᠤ ᠤᠳᠤᠷᠢᠳᠬᠤ ᠺᠠᠳ᠋ᠷ ᠦᠵᠡᠯ ᠰᠠᠨᠠᠭ᠎ᠠ ᠦᠢᠯᠡ ᠠᠵᠢᠯᠯᠠᠭ᠎ᠠ ᠪᠠᠨ ᠦᠪᠡᠷᠳᠡᠭᠡᠨ ᠵᠠᠰᠠᠬᠤ ᠤᠷᠤᠨ ᠤ  ᠰᠢᠢᠳᠪᠦᠷᠢᠳᠦ ᠪᠤᠳᠤᠯᠭ᠎ᠠ ᠶᠢᠨ ᠪᠠᠶᠢᠷᠢᠯᠠᠭᠤᠯᠤᠯᠳᠠ ᠲᠠᠢ ᠨᠢᠭᠡᠳᠦᠭᠦᠯᠵᠦ᠂ ᠸᠠᠩ ᠶᠦᠡᠭ ᠮᠢᠩ ᠨᠦᠭᠦᠷ ᠤᠨ ᠠᠵᠢᠯ ᠢ ᠢᠳᠡᠪᠬᠢᠳᠠᠢ ᠲᠡᠮᠵᠢᠵᠦ᠂ ᠠᠶᠢᠮᠠᠬ ᠤᠨ ᠨᠠᠮ ᠤᠨ ᠬᠤᠷᠢᠶᠠᠨ ᠤ ᠤᠳᠤᠷᠢᠳᠤᠯᠭ᠎ᠠ ᠲᠤᠤᠷ᠎ᠠ᠂ ᠭᠦᠴᠦᠨ ᠴᠢᠳᠠᠯ ᠢᠶᠠᠨ  ᠨᠢᠬᠳᠠᠷᠠᠭᠤᠯᠵᠦ᠂ ᠬᠦᠭᠵᠢᠯᠳᠡ ᠶᠢ ᠠᠬᠢᠭᠤᠯᠵᠦ᠂ ᠤᠮᠠᠷᠠᠳᠦ ᠬᠢᠯᠢ ᠶᠢᠨ ᠦᠵᠡᠰᠭᠦᠯᠡᠩᠳᠦ ᠰᠠᠶᠢᠬᠠᠨ ᠦᠵᠡᠮᠵᠢ ᠶᠢᠨ  ᠤᠷᠤᠨ ᠢ ᠪᠦᠳᠦᠭᠡᠨ ᠪᠠᠶᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠭᠦ ᠶᠢ ᠭᠦᠰᠡᠵᠦ ᠪᠠᠶᠢᠨ᠎ᠠ ᠭᠡᠪᠡ᠃        ᠯᠦᠸᠧ ᠬᠤ᠋ ᠽᠠᠢ ᠢᠯᠡᠷᠭᠡᠶᠢᠯᠡᠭᠦ ᠳᠡᠭᠡᠨ᠂ ᠰᠢᠯᠢ ᠶᠢᠨ ᠭᠤᠤᠯ ᠠᠶᠢᠮᠠᠭ ᠤᠨ ᠨᠠᠮ ᠤᠨ ᠬᠤᠷᠢᠶ᠎ᠠ᠂ ᠠᠷᠠᠳ ᠤᠨ  ᠲᠦᠯᠦᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ᠂ ᠵᠠᠬᠢᠷᠭ᠎ᠠ᠂ ᠤᠯᠤᠰ ᠲᠦᠷᠦ ᠶᠢᠨ ᠵᠦᠪᠯᠡᠯᠭᠡᠨ  ᠪᠤᠯᠤᠨ ᠡᠯ᠎ᠠ ᠱᠠᠳᠤᠨ ᠤ ᠺᠠᠳ᠋ᠷ ᠤᠯᠠᠨ ᠲᠦᠮᠡᠨ ᠦᠪᠡᠷᠳᠡᠭᠡᠨ ᠵᠠᠰᠠᠬᠤ ᠤᠷᠤᠨ ᠤ ᠲᠤᠭᠳᠠᠭᠠᠯ ᠢ ᠡᠷᠡᠰ ᠭᠦᠷᠢᠶᠠᠯᠠᠵᠦ᠂ ᠸᠠᠩ ᠶᠦᠡᠭ ᠮᠢᠩ ᠨᠦᠭᠦᠷ ᠤᠨ ᠰᠢᠯᠢ ᠶᠢᠨ ᠭᠤᠤᠯ ᠠᠶᠢᠮᠠᠭ ᠲᠤ ᠢᠷᠡᠵᠦ ᠠᠵᠢᠯᠯᠠᠬᠤ ᠶᠢ ᠦᠨᠡᠨ  ᠰᠡᠳᠭᠢᠯ ᠠᠴᠠ ᠪᠠᠨ ᠤᠭᠳᠤᠵᠦ ᠪᠠᠶᠢᠨ᠎ᠠ᠃ ᠸᠠᠩ ᠶᠦᠡᠭ ᠮᠢᠩ ᠨᠦᠭᠦᠷ ᠤᠳᠤᠷᠢᠳᠬᠤ ᠪᠠᠭ ᠢ ᠴᠢᠩᠭ᠎ᠠ ᠠᠳᠬᠤᠨ᠂ ᠡᠩᠨᠡᠭᠡ ᠶᠢ ᠰᠠᠶᠢᠳᠦᠷ ᠲᠠᠭᠠᠭᠤᠯᠵᠦ᠂ ᠮᠠᠨ ᠤ ᠠᠶᠢᠮᠠᠭ ᠤᠨ ᠺᠠᠳ᠋ᠷ ᠢ ᠵᠤᠬᠢᠶᠠᠨ ᠪᠠᠶᠢᠭᠤᠯᠬᠤ ᠠᠵᠢᠯ ᠢ ᠪᠦᠭᠦ  ᠲᠠᠯ᠎ᠠ ᠪᠠᠷ ᠠᠬᠢᠭᠤᠯᠵᠦ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠢᠳᠡᠭᠡᠯ ᠨᠠᠶᠢᠳᠠᠯᠭ᠎ᠠ ᠪᠤᠯᠤᠨ  ᠪᠦᠭᠦ ᠠᠶᠢᠮᠠᠭ ᠤᠨ ᠦᠷᠭᠡᠨ ᠤᠯᠠᠨ ᠺᠠᠳ᠋ᠷ ᠤᠯᠠᠨ ᠲᠦᠮᠡᠨ ᠤ ᠭᠦᠰᠡᠯ ᠨᠠᠶᠢᠳᠠᠯᠭ᠎ᠠ ᠶᠢ ᠭᠦᠰᠡᠷᠳᠡᠭᠦᠯᠭᠦ ᠦᠭᠡᠢ  ᠪᠠᠶᠢᠬᠤ ᠶᠢ ᠭᠦᠰᠡᠵᠦ ᠪᠠᠶᠢᠨ᠎ᠠ᠃ ᠠᠶᠢᠮᠠᠭ ᠤᠨ ᠲᠦᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ ᠪᠤᠯᠤᠨ  ᠡᠯ᠎ᠠ ᠱᠠᠳᠤᠨ ᠤ ᠺᠠᠳ᠋ᠷ ᠸᠠᠩ ᠶᠦᠡᠭ ᠮᠢᠩ ᠨᠦᠭᠦᠷ ᠤᠨ ᠠᠵᠢᠯ ᠢ ᠳᠡᠮᠵᠢᠵᠦ᠂ ᠵᠤᠬᠢᠶᠠᠨ ᠪᠠᠶᠢᠭᠤᠯᠬᠤ ᠠᠵᠢᠯ ᠪᠤᠯᠤᠨ ᠺᠠᠳ᠋ᠷ ᠤᠨ ᠡᠩᠨᠡᠭᠡᠨ ᠤ ᠪᠠᠶᠢᠭᠤᠯᠤᠯᠳᠠ ᠶᠢᠨ ᠰᠢᠨ᠎ᠠ ᠪᠠᠶᠢᠳᠠᠯ ᠢ ᠴᠢᠷᠮᠠᠶᠢᠨ ᠡᠭᠦᠳᠭᠦ ᠭᠡᠷᠡᠭᠳᠠᠢ ᠭᠡᠪᠡ᠃        ᠸᠠᠩ ᠶᠦᠡᠭ ᠮᠢᠩ ᠤᠪᠤᠷ ᠢᠶᠠᠨ ᠢᠯᠡᠳᠭᠡᠬᠦ ᠳᠡᠭᠡᠨ᠂ ᠬᠤᠶᠢᠰᠢᠳᠠ ᠶᠢᠨ ᠠᠵᠢᠯ ᠲᠤᠮᠳᠠ᠂ ᠠᠶᠢᠮᠠᠭ ᠤᠨ  ᠨᠠᠮ ᠤᠨ ᠬᠤᠷᠢᠶᠠᠨ ᠤ ᠵᠦᠪ ᠤᠳᠤᠷᠢᠳᠤᠯᠭ᠎ᠠ ᠲᠤᠤᠷ᠎ᠠ ᠪᠡᠶ᠎ᠠ ᠪᠠᠨ ᠨᠡᠩ ᠴᠢᠩᠭ᠎ᠠ ᠱᠠᠭᠠᠷᠳᠠᠵᠦ᠂ ᠡᠭᠦᠷᠭᠡ  ᠬᠠᠷᠢᠭᠤᠴᠠᠯᠭ᠎ᠠ ᠪᠠᠨ ᠰᠠᠶᠢᠳᠦᠷ ᠭᠦᠢᠴᠡᠳᠭᠡᠵᠦ᠂ ᠠᠶᠢᠮᠠᠭ ᠤᠨ ᠨᠠᠮ ᠤᠨ ᠬᠤᠷᠢᠶᠠᠨ ᠤ ᠵᠤᠬᠢᠶᠠᠨ ᠪᠠᠶᠢᠭᠤᠯᠬᠤ  ᠭᠡᠯᠳᠡᠰ ᠤᠨ ᠨᠦᠭᠦᠳ ᠲᠠᠢ ᠬᠠᠮᠳᠦ ᠵᠤᠬᠢᠶᠠᠨ ᠪᠠᠶᠢᠭᠤᠯᠬᠤ ᠠᠵᠢᠯ ᠤᠨ ᠲᠦᠪᠰᠢᠨ‌‍ᠢᠶ᠋ᠠᠨ ᠲᠠᠰᠤᠷᠠᠯᠳᠠ ᠦᠭᠡᠢ  ᠲᠠᠭᠡᠭᠰᠢᠯᠡᠭᠦᠯᠵᠦ᠂ ᠪᠦᠭᠦ ᠠᠶᠢᠮᠠᠭ ᠤᠨ ᠠᠵᠦ ᠠᠬᠤᠢ ᠨᠡᠶᠢᠭᠡᠮ ᠤᠨ ᠭᠦᠭᠵᠢᠯᠳᠡ ᠳᠤ ᠪᠠᠳᠤ ᠴᠢᠩᠭ᠎ᠠ ᠵᠤᠬᠢᠶᠠᠨ  ᠪᠠᠶᠢᠭᠤᠯᠤᠯᠳᠠ ᠶᠢᠨ ᠪᠠᠳᠤᠯᠠᠭ᠎ᠠ ᠬᠠᠨᠭ᠍ᠭᠠᠨ᠎ᠠ ᠭᠡᠪᠡ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ 
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号