ᠯᠥᠸᠧ ᠬᠤ᠋ ᠽᠠᠢ ᠠᠶᠢᠮᠠᠭ ᠤᠨ ᠨᠠᠮ ᠤᠨ ᠬᠤᠷᠢᠶᠠᠨ ᠤ ︵ᠥᠷᠭᠡᠳᠭᠡᠭᠰᠡᠨ︶ ᠬᠤᠷᠠᠯ ᠢ ᠡᠷᠬᠢᠯᠡᠨ  ᠬᠤᠷᠠᠯᠳᠤᠭᠤᠯᠪᠠ — ᠪᠦᠬᠦ ᠤᠯᠤᠰ ᠤᠨ ᠰᠢᠨᠵᠢᠯᠡᠬᠦ ᠤᠬᠠᠭᠠᠨ ᠮᠠᠷᠭᠡᠵᠢᠯ ᠤᠨ ᠰᠢᠨ᠎ᠡ ᠡᠭᠦᠳᠦᠯᠲᠠ ᠶᠢᠨ  ᠶᠡᠭᠡ ᠬᠤᠷᠠᠯ ᠪᠤᠯᠤᠨ ᠥᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠭᠦᠳ ︵ᠥᠷᠭᠡᠳᠭᠡᠭᠰᠡᠨ︶᠎ ᠤᠨ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠤᠯᠠᠮᠵᠢᠯᠠᠪᠠ
ᠨᠡᠶᠢᠲᠡᠯᠡᠭᠰᠡᠨ ᠴᠠᠭ᠄
2016/6/13
   6 ᠳ᠋ᠤᠭᠠᠷ ᠰᠠᠷ᠎ᠠ ᠶᠢᠨ 6᠎ ᠤ ᠡᠳᠦᠷ᠂ ᠠᠶᠢᠮᠠᠭ ᠤᠨ ᠨᠠᠮ ᠤᠨ  ᠬᠤᠷᠢᠶᠠᠨ ᠤ ᠱᠦᠵᠢ ᠯᠦᠸᠧ ᠬᠤ᠋ ᠽᠠᠢ ᠠᠶᠢᠮᠠᠭ ᠤᠨ ᠨᠠᠮ ᠤᠨ ᠬᠤᠷᠢᠶᠠᠨ ︵ᠦᠷᠭᠡᠳᠭᠡᠭᠰᠡᠨ︶  ᠎ ᠤ ᠬᠤᠷᠠᠯ ᠢ  ᠡᠷᠬᠢᠯᠡᠨ ᠬᠤᠷᠠᠯᠳᠤᠭᠤᠯᠵᠦ᠂ ᠶᠡᠷᠦᠩᠭᠡᠢ ᠱᠦᠵᠢ ᠰᠢ ᠶᠢᠨ ᠫᠢᠡᠭ᠂ ᠶᠡᠷᠦᠩᠭᠡᠢ ᠰᠠᠶᠢᠳ ᠯᠢ ᠺᠧ ᠴᠢᠶᠠᠩ ᠪᠤᠯᠤᠨ  ᠲᠡᠳ᠋ ᠶᠡᠷᠦᠩᠭᠡᠢ ᠰᠠᠶᠢᠳ ᠯᠢᠦ ᠶᠠᠨ ᠳ᠋ᠦᠡᠭ ᠤᠨ ᠪᠦᠭᠦ ᠤᠯᠤᠰ ᠤᠨ ᠰᠢᠨᠵᠢᠯᠡᠭᠦ ᠤᠬᠠᠭᠠᠨ ᠮᠡᠷᠭᠡᠵᠢᠯ ᠤᠨ ᠰᠢᠨ᠎ᠠ  ᠡᠬᠦᠳᠦᠯᠳᠡ ᠶᠢᠨ ᠶᠡᠭᠡ ᠬᠤᠷᠠᠯ᠂ ᠬᠤᠶᠠᠷ ᠭᠦᠷᠢᠶᠠᠯᠠᠩ ᠤᠨ ᠠᠺᠠᠳᠧᠮᠢᠴᠢ ᠶᠢᠨ ᠶᠡᠭᠡ ᠬᠤᠷᠠᠯ᠂ ᠲᠤᠮᠳᠠᠳᠦ  ᠤᠯᠤᠰ ᠤᠨ ᠰᠢᠨᠵᠢᠯᠡᠭᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠶᠢᠰᠦᠳᠦᠭᠡᠷ ᠤᠳᠠᠭᠠᠨ ᠤ ᠪᠦᠭᠦ ᠤᠯᠤᠰ ᠤᠨ  ᠲᠦᠯᠦᠭᠡᠯᠡᠭᠴᠢᠳ ᠤᠨ ᠶᠡᠭᠡ ᠬᠤᠷᠠᠯ ᠲᠡᠭᠡᠷᠡᠭᠢ ᠴᠢᠬᠤᠯᠠ ᠶᠠᠷᠢᠶᠠᠨ ᠤ ᠵᠤᠷᠢᠭ ᠰᠠᠨᠠᠭ᠎ᠠ ᠪᠤᠯᠤᠨ ᠦᠪᠡᠷᠳᠡᠭᠡᠨ  ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠡᠭᠭᠤ ᠶᠢᠨ ᠭᠡᠰᠢᠬᠦᠳ ︵ᠦᠷᠭᠡᠳᠭᠡᠭᠰᠡᠨ︶᠎ ᠤᠨ ᠬᠤᠷᠠᠯ ᠤᠨ ᠵᠤᠷᠢᠭ  ᠰᠠᠨᠠᠭ᠎ᠠ ᠶᠢ ᠲᠤᠤᠱᠯᠠᠭᠤᠯᠵᠦ᠂ ᠮᠠᠨ ᠤ ᠠᠶᠢᠮᠠᠭ ᠲᠤ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃        ᠯᠦᠸᠧ ᠬᠤ᠋ ᠽᠠᠢ ᠶᠠᠷᠢᠶ᠎ᠠ ᠲᠠᠯᠪᠢᠪᠠ᠃ ᠠᠶᠢᠮᠠᠭ ᠤᠨ ᠨᠠᠮ ᠤᠨ ᠬᠤᠷᠢᠶ᠎ᠠ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ᠂ ᠠᠶᠢᠮᠠᠭ ᠤᠨ ᠵᠠᠬᠢᠷᠭ᠎ᠠ᠂ ᠤᠯᠤᠰ ᠲᠦᠷᠦ ᠶᠢᠨ ᠵᠦᠪᠯᠡᠯᠭᠡᠨ ᠤ ᠤᠳᠤᠷᠢᠳᠬᠤ ᠪᠠᠭ ᠤᠨ ᠭᠡᠰᠢᠭᠦᠳ᠂ ᠠᠶᠢᠮᠠᠭ ᠤᠨ ᠠᠷᠠᠳ ᠤᠨ ᠲᠤᠮᠲᠠ ᠵᠡᠷᠭᠡ ᠶᠢᠨ ᠰᠢᠬᠦᠬᠦ ᠬᠤᠷᠢᠶᠠᠨ ᠤ ᠲᠠᠷᠤᠭ᠎ᠠ᠂ ᠪᠠᠶᠢᠴᠠᠭᠠᠬᠤ ᠬᠤᠪᠢᠶᠠᠷᠢ ᠬᠤᠷᠢᠶᠠᠨ ᠤ ᠲᠠᠷᠤᠭ᠎ᠠ᠂ ᠰᠢᠯᠢ ᠶᠢᠨ ᠭᠤᠤᠯ ᠠᠵᠢᠯ ᠮᠡᠷᠭᠡᠵᠢᠯ ᠤᠨ ᠲᠡᠭᠡᠲᠥ  ᠰᠤᠷᠭᠠᠭᠤᠯᠢ ᠶᠢᠨ ᠨᠠᠮ ᠤᠨ ᠬᠤᠷᠢᠶᠠᠨ ᠤ ᠱᠥᠵᠢ᠂ ᠵᠠᠬᠢᠷᠤᠯ᠂ ᠡᠯ᠎ᠠ ᠬᠤᠰᠢᠭᠤ ᠰᠢᠶᠠᠨ ᠬᠤᠳᠠ ︵ᠤᠷᠤᠨ︶᠎ ᠶᠢᠨ  ᠨᠠᠮ ᠤᠨ ᠬᠤᠷᠢᠶᠠᠨ ᠤ ᠱᠦᠵᠢ ᠵᠢᠴᠢ ᠠᠶᠢᠮᠠᠭ ᠤᠨ ᠰᠢᠭᠤᠳ ᠬᠠᠷᠢᠶ᠎ᠠ ᠰᠠᠯᠠᠭ᠎ᠠ ᠮᠦᠴᠢᠷ ᠤᠨ ᠭᠤᠤᠯ  ᠬᠠᠷᠢᠭᠤᠴᠠᠯᠭᠠᠳᠠᠨ ᠬᠤᠷᠠᠯ ᠳᠤ ᠤᠷᠤᠯᠴᠠᠪᠠ᠃        ᠬᠤᠷᠠᠯ ᠠᠴᠠ ᠵᠢᠭᠠᠬᠤ ᠳᠠᠭᠠᠨ᠂ ᠪᠦᠭᠦ ᠠᠶᠢᠮᠠᠭ ᠤᠨ ᠡᠯ᠎ᠠ ᠱᠠᠳᠤᠨ ᠤ ᠨᠠᠮ ᠤᠨ ᠬᠤᠷᠢᠶ᠎ᠠ᠂ ᠵᠠᠰᠠᠭ ᠤᠨ  ᠤᠷᠳᠤᠨ ᠪᠤᠯᠤᠨ ᠦᠷᠭᠡᠨ ᠤᠯᠠᠨ ᠨᠠᠮ ᠤᠨ ᠭᠡᠰᠢᠭᠦᠨ ᠺᠠᠳ᠋ᠷ ᠲᠦᠪ ᠪᠠ ᠦᠪᠡᠷᠳᠡᠭᠡᠨ ᠵᠠᠰᠠᠬᠤ ᠤᠷᠤᠨ ᠤ ᠨᠠᠮ ᠤᠨ  ᠬᠤᠷᠢᠶ᠎ᠠ ᠶᠢᠨ ᠬᠤᠷᠠᠯ ᠤᠨ ᠵᠤᠷᠢᠭ ᠰᠠᠨᠠᠭ᠎ᠠ ᠲᠡᠷᠡᠴᠢᠯᠡᠨ ᠶᠡᠷᠦᠩᠭᠡᠢ ᠱᠦᠵᠢ ᠰᠢ ᠶᠢᠨ ᠫᠢᠡᠭ ᠤᠨ ᠴᠢᠬᠤᠯᠠ  ᠶᠠᠷᠢᠶᠠᠨ ᠤ ᠵᠤᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠵᠦ᠂ ᠨᠠᠮ ᠤᠨ ᠲᠦᠪ ᠬᠤᠷᠢᠶᠠᠨ ᠤ ᠰᠢᠨᠵᠢᠯᠡᠭᠦ ᠤᠬᠠᠭᠠᠨ ᠮᠡᠷᠭᠡᠵᠢᠯ ᠤᠨ ᠰᠢᠨ᠎ᠠ ᠡᠬᠦᠳᠦᠯᠳᠡ ᠶᠢᠨ ᠪᠠᠶᠢᠯᠳᠤᠬᠤ ᠪᠤᠳᠤᠯᠭ᠎ᠠ ᠶᠢᠨ ᠦᠵᠡᠯ ᠰᠠᠨᠠᠭ᠎ᠠ᠂ ᠬᠠᠷᠠᠯᠳᠠ᠂ ᠰᠢᠢᠳᠪᠦᠷᠢᠳᠦ ᠪᠠᠶᠢᠷᠢᠯᠠᠭᠤᠯᠤᠯᠳᠠ ᠶᠢ ᠵᠦᠪ ᠡᠵᠡᠮᠳᠡᠵᠦ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠰᠢᠨᠵᠢᠯᠡᠭᠦ  ᠤᠬᠠᠭᠠᠨ ᠮᠡᠷᠭᠡᠵᠢᠯ ᠤᠨ ᠰᠢᠨ᠎ᠠ ᠡᠭᠦᠳᠦᠯᠳᠡ ᠶᠢᠨ ᠠᠵᠢᠯ ᠤᠨ ᠴᠢᠬᠤᠯᠠ ᠱᠠᠭᠠᠷᠳᠠᠯᠭ᠎ᠠ ᠶᠢ ᠭᠦᠨᠵᠡᠭᠡᠢ ᠤᠢᠢᠯᠠᠭᠠᠵᠦ᠂ ᠬᠤᠷᠠᠯ ᠤᠨ ᠵᠤᠷᠢᠭ ᠰᠠᠨᠠᠭ᠎ᠠ ᠪᠠᠷ ᠲᠠᠷᠢᠭᠢ ᠲᠤᠯᠤᠭᠠᠢ ᠪᠠᠨ ᠵᠡᠪᠰᠡᠭᠯᠡᠭᠦ᠂ ᠦᠢᠯᠡᠳᠦᠯᠭᠡ ᠪᠠᠨ ᠵᠢᠯᠤᠭᠤᠳᠤᠭᠤᠯᠬᠤ᠂  ᠠᠵᠢᠯ ᠢᠶᠠᠨ ᠠᠬᠢᠭᠤᠯᠬᠤ ᠶᠢ ᠨᠡᠩ ᠰᠠᠶᠢᠳᠦᠷ ᠪᠡᠶᠡᠯᠡᠭᠦᠯᠭᠦ ᠭᠡᠷᠡᠭᠳᠠᠢ᠃ ᠪᠠᠶᠢᠴᠠᠭᠠᠨ ᠰᠤᠳᠤᠯᠤᠯᠳᠠ ᠬᠢᠵᠦ᠂ ᠦᠵᠡᠯ  ᠰᠠᠨᠠᠭ᠎ᠠ ᠪᠤᠯᠤᠨ ᠦᠢᠯᠡ ᠠᠵᠢᠯᠯᠠᠭ᠎ᠠ ᠪᠠᠨ ᠦᠨᠡᠨᠭᠦ ᠲᠥᠪ ᠪᠤᠯᠤᠨ ᠥᠪᠡᠷᠲᠡᠭᠡᠨ ᠵᠠᠰᠠᠬᠤ ᠤᠷᠤᠨ ᠤ ᠰᠢᠢᠳᠪᠤᠷᠢᠲᠤ  ᠪᠠᠶᠢᠷᠢᠯᠠᠭᠤᠯᠤᠯᠲᠠ ᠲᠡᠭᠡᠷ᠎ᠠ ᠨᠢᠭᠡᠳᠭᠡᠭᠦ ᠭᠡᠷᠡᠭᠳᠠᠢ ᠭᠡᠪᠡ᠃        ᠬᠤᠷᠠᠯ ᠠᠴᠠ ᠴᠢᠬᠤᠯᠠᠴᠢᠯᠠᠬᠤ ᠳᠠᠭᠠᠨ᠂ ᠡᠯ᠎ᠠ ᠱᠠᠳᠤᠨ ᠤ ᠡᠯ᠎ᠠ ᠰᠠᠯᠠᠭ᠎ᠠ ᠮᠦᠴᠢᠷ ᠰᠢᠨᠵᠢᠯᠡᠭᠦ ᠤᠬᠠᠭᠠᠨ  ᠮᠡᠷᠭᠡᠵᠢᠯ ᠤᠨ ᠰᠢᠨ᠎ᠠ ᠡᠭᠦᠳᠦᠯᠳᠡ ᠶᠢᠨ ᠠᠵᠢᠯ ᠤᠨ ᠬᠠᠷᠢᠭᠤᠴᠠᠯᠭᠠᠳᠦ ᠰᠡᠳᠬᠢᠯᠭᠡ᠂ ᠲᠤᠯᠭᠠᠮ᠎ᠠ ᠰᠡᠳᠬᠢᠯᠭᠡ ᠪᠠᠨ ᠦᠨᠡᠨᠭᠦ ᠴᠢᠩᠭᠠᠳᠬᠠᠵᠦ᠂ ᠪᠦᠭᠦ ᠲᠠᠯ᠎ᠠ ᠪᠠᠷ ᠰᠢᠨ᠎ᠠ ᠶᠢ ᠡᠭᠦᠳᠭᠦ ᠶᠢ ᠠᠬᠢᠭᠤᠯᠬᠤ ᠪᠠᠷ ᠤᠯᠠᠮ ᠬᠦᠴᠦᠯᠡᠨ ᠴᠢᠷᠮᠠᠶᠢᠵᠦ᠂ ᠰᠢᠨ᠎ᠠ ᠶᠢ ᠡᠭᠦᠳᠭᠦ ᠶᠢ ᠪᠦᠭᠦ ᠠᠶᠢᠮᠠᠭ ᠤᠨ ᠡᠯ᠎ᠠ ᠦᠨᠳᠦᠰᠦᠳᠡᠨ ᠤ ᠠᠷᠠᠳ ᠲᠦᠮᠡᠨ ᠤ ᠭᠦᠰᠡᠯ ᠵᠤᠷᠢᠯᠳᠠ ᠪᠤᠯᠤᠨ ᠬᠠᠮᠳᠦ ᠶᠢᠨ ᠠᠵᠢᠯᠯᠠᠭ᠎ᠠ ᠪᠤᠯᠭᠠᠵᠦ᠂ ᠰᠢᠨᠵᠢᠯᠡᠭᠦ ᠤᠬᠠᠭᠠᠨ ᠮᠡᠷᠭᠡᠵᠢᠯ ᠭᠦᠴᠦᠷᠭᠡᠭᠵᠢᠭᠰᠡᠨ ᠠᠴᠠ ᠠᠵᠦ ᠦᠢᠯᠡᠰ  ᠭᠦᠴᠦᠷᠭᠡᠭᠵᠢᠭᠰᠡᠨ᠂ ᠠᠵᠦ ᠠᠬᠤᠢ ᠭᠦᠴᠦᠷᠭᠡᠭᠵᠢᠭᠰᠡᠨ ᠭᠦᠭᠵᠢᠯᠳᠡ ᠶᠢᠨ ᠰᠢᠨ᠎ᠠ ᠵᠠᠮ ᠢᠶᠠᠷ ᠵᠠᠮᠨᠠᠵᠦ᠂ ᠴᠢᠨᠡᠭᠡᠯᠢᠭ᠂ ᠪᠤᠯᠪᠠᠰᠤᠨ᠂ ᠦᠵᠡᠰᠭᠦᠯᠠᠩᠳᠦ᠂ ᠵᠤᠯ ᠵᠢᠷᠭᠠᠯᠳᠥ ᠰᠢᠯᠢ ᠶᠢᠨ ᠭᠤᠤᠯ ᠢ ᠪᠠᠶᠢᠭᠤᠯᠬᠤ ᠳᠤ ᠭᠦᠳᠦᠯᠦᠨ ᠲᠠᠭᠠᠭᠤᠯᠬᠤ  ᠪᠤᠯᠤᠨ ᠲᠤᠯᠭᠠᠭᠤᠷᠢᠯᠠᠬᠤ ᠭᠡᠷᠡᠭᠳᠠᠢ ᠭᠡᠪᠡ᠃        ᠬᠤᠷᠠᠯ ᠠᠴᠠ ᠱᠠᠭᠠᠷᠳᠠᠬᠤ ᠳᠠᠭᠠᠨ᠂ ᠠᠵᠦ ᠠᠬᠤᠢᠢᠯᠠᠯ ᠤᠨ ᠮᠡᠷᠭᠡᠵᠢᠯ ᠤᠨ ᠰᠢᠨ᠎ᠠ ᠶᠢ ᠡᠭᠦᠳᠭᠦ ᠭᠤᠤᠯ  ᠴᠤᠭᠴᠠ ᠶᠢᠨ ᠪᠠᠶᠢᠷᠢ ᠰᠠᠭᠤᠷᠢ ᠶᠢ ᠴᠢᠩᠭᠠᠳᠬᠠᠵᠦ᠂ ᠲᠤᠮᠳᠠ ᠪᠠᠭ᠎ᠠ ᠠᠵᠦ ᠠᠬᠤᠢᠢᠯᠠᠯ ᠤᠨ ᠮᠡᠷᠭᠡᠵᠢᠯ ᠤᠨ  ᠰᠢᠨ᠎ᠠ ᠶᠢ ᠡᠭᠦᠳᠭᠦ ᠶᠢ ᠵᠤᠷᠢᠬᠵᠢᠭᠤᠯᠬᠤ ᠡᠷᠴᠢᠮ ᠢᠶᠠᠨ ᠴᠢᠩᠭᠠᠷᠠᠭᠤᠯᠵᠦ᠂ ᠠᠵᠦ ᠠᠬᠤᠢᠢᠯᠠᠯ ᠤᠨ ᠰᠢᠨ᠎ᠠ ᠶᠢ  ᠡᠭᠦᠳᠭᠦ ᠴᠢᠳᠠᠪᠤᠷᠢ ᠶᠢ ᠪᠦᠭᠦ ᠲᠠᠯ᠎ᠠ ᠪᠠᠷ ᠲᠡᠭᠡᠭᠰᠢᠯᠡᠭᠦᠯᠭᠦ ᠭᠡᠷᠡᠭᠳᠠᠢ᠃ ᠠᠷᠭ᠎ᠠ ᠪᠦᠭᠦᠨ ᠢ ᠰᠦᠪᠡᠭᠴᠢᠯᠡᠨ ᠰᠢᠨᠵᠢᠯᠡᠭᠦ ᠤᠬᠠᠭᠠᠨ ᠮᠡᠷᠭᠡᠵᠢᠯ ᠳᠠᠬᠢ ᠪᠡᠯᠡ ᠤᠷᠤᠭᠤᠯᠤᠯᠳᠠ ᠶᠢ ᠨᠡᠮᠡᠭᠳᠡᠭᠦᠯᠵᠦ᠂ ᠰᠢᠨᠵᠢᠯᠡᠭᠦ ᠤᠬᠠᠭᠠᠨ ᠮᠡᠷᠭᠡᠵᠢᠯ ᠢ  ᠲᠦᠭᠡᠮᠡᠯᠵᠢᠭᠦᠯᠦᠨ ᠭᠡᠷᠡᠭᠯᠡᠭᠦ ᠶᠢ ᠴᠢᠩᠭᠠᠳᠬᠠᠬᠤ ᠭᠡᠷᠡᠭᠳᠠᠢ᠃ ᠴᠢᠳᠠᠪᠤᠷᠢᠳᠠᠨ ᠢ ᠭᠦᠮᠦᠵᠢᠭᠦᠯᠭᠦ ᠪᠠ ᠲᠠᠳᠠᠨ  ᠤᠷᠤᠭᠤᠯᠬᠤ ᠡᠷᠴᠢᠮ ᠢᠶᠠᠨ ᠴᠢᠩᠭᠠᠷᠠᠭᠤᠯᠵᠦ᠂ ᠤᠳᠤ ᠪᠠᠶᠢᠭ᠎ᠠ ᠴᠢᠳᠠᠪᠤᠷᠢᠳᠠᠨ ᠢ ᠴᠢᠬᠤᠯᠠᠴᠢᠯᠠᠨ ᠭᠡᠷᠡᠭᠯᠡᠬᠦ  ᠲᠦᠷᠦ ᠶᠢᠨ ᠪᠤᠳᠤᠯᠭ᠎ᠠ ᠶᠢ ᠰᠠᠶᠢᠳᠦᠷ ᠭᠡᠷᠡᠭᠵᠢᠭᠦᠯᠵᠦ᠂ ᠤᠷᠤᠨ ᠨᠤᠳᠤᠭ ᠤᠨ ᠴᠢᠳᠠᠪᠤᠷᠢᠳᠠᠨ ᠢ ᠭᠦᠮᠦᠵᠢᠭᠦᠯᠭᠦ ᠶᠢ  ᠴᠢᠬᠤᠯᠠᠴᠢᠯᠠᠬᠤ ᠭᠡᠷᠡᠭᠳᠠᠢ᠃ ᠤᠯᠠᠨ ᠲᠦᠮᠡᠨᠴᠢ ᠦᠢᠯᠡᠰ ᠪᠤᠰᠬᠠᠬᠤ᠂ ᠰᠢᠨ᠎ᠠ ᠶᠢ ᠡᠭᠦᠳᠭᠦ ᠶᠢ ᠭᠦᠨᠵᠡᠭᠡᠢ  ᠠᠬᠢᠭᠤᠯᠵᠦ᠂ ᠰᠤᠶᠤᠯ ᠤᠨ ᠰᠢᠨ᠎ᠠ ᠡᠬᠦᠳᠦᠯᠳᠡ ᠶᠢ ᠪᠦᠭᠦ ᠭᠦᠴᠦᠨ ᠢᠶᠠᠷ ᠭᠦᠭᠵᠢᠭᠦᠯᠭᠦ ᠪᠠ ᠤᠯᠠᠮᠵᠢᠯᠠᠨ  ᠪᠠᠳᠠᠷᠠᠭᠤᠯᠬᠤ ᠭᠡᠷᠡᠭᠳᠠᠢ᠃ ᠠᠵᠦ ᠦᠢᠯᠡᠰ ᠤᠨ ᠰᠢᠨ᠎ᠠ ᠶᠢ ᠡᠭᠦᠳᠭᠦ ᠶᠢ ᠪᠠᠷᠢᠮᠳᠠᠯᠠᠵᠦ᠂ ᠰᠢᠨᠵᠢᠯᠡᠭᠦ ᠤᠬᠠᠭᠠᠨ  ᠮᠡᠷᠭᠡᠵᠢᠯ ᠤᠨ ᠰᠢᠨ᠎ᠠ ᠶᠢ ᠡᠭᠦᠳᠭᠦ ᠳᠤ ᠲᠦᠰᠢᠭᠯᠡᠨ ᠤᠯᠠᠮᠵᠢᠯᠠᠯᠳᠦ ᠠᠵᠦ ᠦᠢᠯᠡᠰ ᠤᠨ ᠭᠡᠯᠪᠡᠷᠢ ᠶᠢ ᠬᠤᠪᠢᠷᠠᠭᠤᠯᠵᠦ ᠲᠡᠰ ᠲᠡᠪᠰᠢᠭᠦᠯᠭᠦ᠂ ᠰᠢᠨ᠎ᠠ ᠭᠡᠯᠪᠡᠷᠢ ᠶᠢᠨ ᠠᠵᠦ ᠦᠢᠯᠡᠰ ᠢ ᠲᠦᠷᠭᠡᠨ ᠭᠦᠭᠵᠢᠭᠦᠯᠭᠦ ᠶᠢ ᠠᠬᠢᠭᠤᠯᠵᠦ᠂ ᠠᠵᠦ ᠠᠬᠤᠢ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠭᠦᠭᠵᠢᠭᠦ ᠶᠢ ᠲᠠᠶᠢᠴᠢᠯᠠᠬᠤ ᠭᠡᠷᠡᠭᠳᠠᠢ ᠭᠡᠪᠡ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ 
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号