ᠤᠯᠠᠭᠠᠨ ᠮᠠᠨ ᠤ ᠠᠶᠢᠮᠠᠭ ᠲᠤ ᠪᠠᠶᠢᠴᠠᠭᠠᠨ ᠰᠤᠳᠤᠯᠤᠯᠲᠠ ᠬᠢᠬᠦ ᠳᠡᠭᠡᠨ ᠴᠢᠬᠤᠯᠠᠴᠢᠯᠠᠭᠰᠠᠨ ᠨᠢ — ︽ᠬᠤᠶᠠᠷ ᠎ ᠢ ᠰᠤᠷᠤᠯᠴᠠᠵᠦ ᠬᠢᠷᠢ ᠲᠡᠩᠴᠡᠭᠰᠡᠨ ᠨᠠᠮ ᠤᠨ ᠭᠡᠰᠢᠭᠦᠨ ᠪᠤᠯᠬᠤ︾ ᠰᠤᠷᠤᠯᠴᠠᠯᠭ᠎ᠠ ᠬᠦᠮᠦᠵᠢᠯ ᠢᠶᠠᠷ ᠳᠠᠮᠵᠢᠭᠤᠯᠤᠨ ᠠᠵᠢᠯ ᠬᠢᠵᠦ ᠦᠢᠯᠡᠰ ᠪᠦᠲᠦᠭᠡᠬᠦ ᠡᠷᠴᠢ ᠵᠤᠷᠢᠭ ᠢᠶᠠᠨ ᠬᠥᠪᠴᠢᠯᠡᠬᠦ ᠬᠡᠷᠡᠭᠲᠡᠢ
ᠨᠡᠶᠢᠲᠡᠯᠡᠭᠰᠡᠨ ᠴᠠᠭ᠄
2016/6/13
   6 ᠳ᠋ᠤᠭᠠᠷ ᠰᠠᠷ᠎ᠠ ᠶᠢᠨ 6 — 7᠎ ᠤ ᠡᠲᠥᠷ ᠪᠤᠯᠲᠠᠯ᠎ᠠ᠂ ᠥᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠡᠭᠭᠤ ᠶᠢᠨ ᠬᠡᠰᠢᠬᠦᠨ᠂ ᠤᠬᠠᠭᠤᠯᠬᠤ ᠬᠡᠯᠲᠡᠰ ᠤᠨ ᠲᠠᠷᠤᠭ᠎ᠠ ᠤᠯᠠᠭᠠᠨ ᠮᠠᠨ ᠤ ᠠᠶᠢᠮᠠᠭ ᠤᠨ ᠠᠪᠠᠭ᠎ᠠ ᠬᠤᠰᠢᠭᠤ᠂ ᠰᠢᠯᠢ ᠶᠢᠨ ᠬᠤᠲᠠ ᠳᠤ ᠬᠥᠨᠵᠡᠭᠡᠶᠢᠷᠡᠵᠥ᠂ ︽ᠬᠤᠶᠠᠷ ᠢ ᠰᠤᠷᠤᠯᠴᠠᠵᠥ ᠬᠢᠷᠢ ᠲᠡᠩᠴᠡᠭᠰᠡᠨ ᠨᠠᠮ ᠤᠨ ᠬᠡᠰᠢᠬᠦᠨ ᠪᠤᠯᠬᠤ︾ ᠰᠤᠷᠤᠯᠴᠠᠯᠭ᠎ᠠ ᠬᠥᠮᠥᠵᠢᠯ ᠪᠤᠯᠤᠨ ᠭᠤᠤᠯᠲᠠᠯᠭ᠎ᠠ ᠲᠠᠢ ᠠᠵᠢᠯ ᠢ ᠠᠬᠢᠭᠤᠯᠵᠥ ᠪᠠᠶᠢᠭ᠎ᠠ ᠪᠠᠶᠢᠲᠠᠯ ᠳᠤ ᠪᠠᠶᠢᠴᠠᠭᠠᠨ ᠰᠤᠲᠤᠯᠤᠯᠲᠠ ᠬᠢᠵᠥ᠂ ︽ᠬᠤᠶᠠᠷ ᠢ ᠰᠤᠷᠤᠯᠴᠠᠵᠥ ᠬᠢᠷᠢ ᠲᠡᠩᠴᠡᠭᠰᠡᠨ ᠨᠠᠮ ᠤᠨ ᠬᠡᠰᠢᠬᠦᠨ ᠪᠤᠯᠬᠤ︾ ᠰᠤᠷᠤᠯᠴᠠᠯᠭ᠎ᠠ ᠬᠥᠮᠥᠵᠢᠯ ᠥᠷᠨᠢᠬᠦᠯᠬᠦ ᠶᠢᠨ ᠴᠢᠬᠤᠯᠠ ᠶᠡᠭᠡ ᠠᠴᠢ ᠬᠤᠯᠪᠤᠭᠲᠠᠯ ᠢ ᠬᠥᠢᠴᠡᠳ ᠲᠠᠨᠢᠵᠥ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠠᠭᠠᠷᠲᠠᠯᠭ᠎ᠠ ᠶᠤᠰᠤᠭᠠᠷ᠂ ︽ᠬᠤᠶᠠᠷ ᠢ ᠰᠤᠷᠤᠯᠴᠠᠵᠥ ᠬᠢᠷᠢ ᠲᠡᠩᠴᠡᠭᠰᠡᠨ ᠨᠠᠮ ᠤᠨ ᠬᠡᠰᠢᠬᠦᠨ ᠪᠤᠯᠬᠤ︾ ᠰᠤᠷᠤᠯᠴᠠᠯᠭ᠎ᠠ ᠬᠥᠮᠥᠵᠢᠯ ᠢ ᠬᠥᠨᠵᠡᠭᠡᠢ ᠥᠷᠨᠢᠬᠦᠯᠬᠦ ᠪᠠ ᠡᠲᠥᠷ ᠲᠤᠲᠤᠮ ᠤᠨ ᠠᠵᠢᠯ ᠢᠶᠠᠨ ᠠᠬᠢᠭᠤᠯᠬᠤ ᠶᠢ ᠤᠷᠭᠠᠨᠢᠭ ᠢᠶᠠᠷ ᠤᠶᠠᠯᠲᠤᠭᠤᠯᠵᠥ᠂ ᠰᠤᠷᠤᠯᠴᠠᠯᠭ᠎ᠠ ᠬᠥᠮᠥᠵᠢᠯ ᠤᠨ ᠥᠷ᠎ᠠ ᠪᠥᠲᠥᠭᠡᠯ ᠢ ᠰᠢᠯᠢ ᠶᠢᠨ ᠭᠤᠤᠯ ᠠᠶᠢᠮᠠᠭ ᠤᠨ ᠥᠭᠡᠷᠡᠴᠢᠯᠡᠯᠲᠡ ᠬᠥᠭᠵᠢᠯᠲᠡ ᠲᠤᠭᠲᠠᠭᠤᠨ ᠤ ᠡᠯ᠎ᠠ ᠵᠥᠢᠯ ᠤᠨ ᠥᠢᠯᠡᠰ ᠢ ᠠᠬᠢᠭᠤᠯᠬᠤ ᠲᠡᠭᠡᠷ᠎ᠠ ᠥᠨᠡᠨᠬᠦ ᠢᠯᠡᠷᠡᠬᠦᠯᠬᠦ ᠬᠡᠷᠡᠭᠲᠡᠢ ᠬᠡᠵᠥ ᠴᠢᠬᠤᠯᠠᠴᠢᠯᠠᠪᠠ᠃        ᠠᠪᠠᠭ᠎ᠠ ᠬᠤᠰᠢᠭᠤᠨ ᠤ ︽ᠬᠠᠯᠠᠮᠵᠢ︾ ᠮᠠᠯᠵᠢᠬᠤ ᠤᠷᠤᠨ ᠤ ᠨᠠᠰᠤᠲᠠᠶᠢᠴᠤᠳ ᠤᠨ ᠠᠰᠠᠷᠠᠮᠵᠢ ᠶᠢᠨ ᠥᠢᠯᠡᠴᠢᠯᠡᠭᠡᠨ ᠤ ᠲᠥᠪ ᠲᠤ᠂ ᠤᠯᠠᠭᠠᠨ ᠬᠠᠮᠢᠶ᠎ᠠ ᠪᠥᠬᠦᠢ ᠬᠠᠷᠢᠭᠤᠴᠠᠯᠭᠠᠲᠠᠨ ᠤ ᠲᠠᠨᠢᠯᠴᠠᠭᠤᠯᠭ᠎ᠠ ᠶᠢ ᠰᠤᠨᠤᠰᠤᠭᠰᠠᠨ ᠤ ᠲᠠᠷᠠᠭ᠎ᠠ ᠬᠥᠢᠴᠡᠳ ᠨᠤᠲᠠᠯᠠᠯᠲᠠ ᠥᠭᠬᠦᠭᠰᠡᠨ ᠪᠥᠭᠡᠳ ᠠᠷᠠᠳ ᠠᠴᠠ ᠡᠷᠬᠢᠯᠡᠵᠥ ᠠᠯᠪᠠᠨ ᠠᠴᠠ ᠬᠠᠪᠰᠤᠷᠬᠤ ᠨᠠᠰᠤᠵᠢᠯ ᠤᠨ ᠠᠰᠠᠷᠠᠮᠵᠢ ᠶᠢᠨ ᠥᠢᠯᠡᠴᠢᠯᠡᠭᠡᠨ ᠤ ᠲᠥᠪᠰᠢᠨ ᠢ ᠲᠠᠰᠤᠷᠠᠯᠲᠠ ᠥᠭᠡᠢ ᠲᠡᠭᠡᠭᠰᠢᠯᠡᠬᠦᠯᠵᠥ᠂ ᠥᠢᠯᠡᠴᠢᠯᠡᠭᠡᠨ ᠤ ᠲᠥᠪ ᠢ ᠪᠥᠬᠦ ᠠᠶᠢᠮᠠᠭ ᠴᠢᠨᠠᠭᠰᠢᠯᠠᠨ ᠪᠥᠬᠦ ᠤᠷᠤᠨ ᠤ ᠮᠠᠯᠵᠢᠬᠤ ᠤᠷᠤᠨ ᠤ ᠨᠠᠰᠤᠵᠢᠯ ᠤᠨ ᠠᠰᠠᠷᠠᠮᠵᠢ ᠶᠢᠨ ᠥᠢᠯᠡᠴᠢᠯᠡᠭᠡᠨ ᠤ ᠲᠥᠪ ᠤᠨ ᠵᠢᠱᠢᠶ᠎ᠠ ᠥᠵᠡᠬᠦᠯᠬᠦ ᠢᠨᠵᠧᠨᠧᠷᠢᠩ ᠪᠤᠯᠭᠠᠬᠤ ᠶᠢ ᠬᠥᠰᠡᠪᠡ᠃ ᠪᠡᠯᠬᠦᠲᠡᠢ ᠪᠠᠯᠭᠠᠰᠤ ᠶᠢᠨ ᠠᠯᠲᠠᠨᠬᠠᠡᠭᠭᠠᠢ ᠭᠠᠴᠠᠭᠠᠨ ᠤ ᠨᠠᠮ ᠤᠨ ᠬᠡᠰᠢᠬᠦᠨ ᠭᠤᠤᠯᠯᠠᠬᠤ ᠡᠷᠥᠭᠡ ᠰᠡᠴᠡᠩᠭᠤᠸ᠎ᠠ ᠶᠢᠨ ᠬᠢᠨ ᠳᠤ᠂ ᠤᠯᠠᠭᠠᠨ ︽ᠬᠤᠶᠠᠷ ᠢ ᠰᠤᠷᠤᠯᠴᠠᠵᠥ ᠬᠢᠷᠢ ᠲᠡᠩᠴᠡᠭᠰᠡᠨ ᠨᠠᠮ ᠤᠨ ᠬᠡᠰᠢᠬᠦᠨ ᠪᠤᠯᠬᠤ︾ ᠰᠤᠷᠤᠯᠴᠠᠯᠭ᠎ᠠ ᠬᠥᠮᠥᠵᠢᠯ ᠤᠨ ᠠᠵᠢᠯ ᠢ ᠥᠷᠨᠢᠬᠦᠯᠵᠥ ᠪᠠᠶᠢᠭ᠎ᠠ ᠪᠠᠶᠢᠲᠠᠯ ᠢ ᠨᠠᠷᠢᠨ ᠤᠢᠢᠯᠠᠭᠠᠭᠰᠠᠨ ᠪᠥᠭᠡᠳ ᠮᠠᠯᠵᠢᠬᠤ ᠲᠠᠷᠢᠶᠠᠯᠠᠬᠤ ᠤᠷᠤᠨ ᠤ ᠪᠤᠲᠠᠲᠤ ᠪᠠᠶᠢᠲᠠᠯ ᠲᠠᠢ ᠤᠶᠠᠯᠲᠤᠭᠤᠯᠤᠨ᠂ ᠨᠠᠮ ᠤᠨ ᠬᠡᠰᠢᠬᠦᠨ ᠤ ᠬᠤᠰᠢᠭᠤᠴᠢ ᠵᠢᠱᠢᠶᠡᠴᠢ ᠥᠢᠯᠡᠲᠥᠯ ᠢ ᠰᠠᠶᠢᠲᠤᠷ ᠪᠠᠲᠠᠷᠠᠭᠤᠯᠵᠥ ᠂ ᠨᠠᠮ ᠤᠨ ᠥᠨᠲᠤᠰᠤᠨ ᠱᠠᠲᠤᠨ ᠳᠠᠬᠢ ᠲᠠᠶᠢᠴᠢᠨ ᠪᠠᠬᠢᠯᠡᠯᠲᠡ ᠶᠢᠨ ᠥᠢᠯᠡᠲᠥᠯ ᠢ ᠪᠠᠲᠤ ᠴᠤᠭᠴᠠᠯᠠᠵᠥ᠂ ᠰᠤᠷᠤᠯᠴᠠᠯᠭ᠎ᠠ ᠬᠥᠮᠥᠵᠢᠯ ᠢᠶᠠᠷ ᠲᠠᠮᠵᠢᠭᠤᠯᠤᠨ ᠨᠠᠮ ᠤᠨ ᠬᠡᠰᠢᠬᠦᠳ ᠲᠤ ᠬᠥᠮᠥᠵᠢᠯ ᠬᠥᠷᠲᠡᠭᠡᠵᠥ᠂ ᠠᠷᠠᠳ ᠤᠯᠠᠨ ᠳᠤ ᠠᠰᠢᠭ ᠬᠥᠷᠲᠡᠭᠡᠬᠦ ᠬᠡᠷᠡᠭᠲᠡᠢ ᠬᠡᠪᠡ᠃        ᠰᠢᠯᠢ ᠶᠢᠨ ᠭᠤᠤᠯ ᠢᠲᠡᠭᠡᠨ ᠤ ᠵᠥᠢᠯ ᠢ ᠰᠢᠯᠭᠠᠨ ᠪᠠᠶᠢᠴᠠᠭᠠᠬᠤ ᠪᠤᠯᠤᠨ ᠲᠥᠭᠰᠢᠬᠦᠷᠢ ᠶᠢ ᠥᠨᠡᠯᠡᠬᠦ ᠲᠥᠪ ᠲᠤ᠂ ᠤᠯᠠᠭᠠᠨ ᠮᠠᠨ ᠤ ᠠᠶᠢᠮᠠᠭ ᠤᠨ ᠶᠠᠰᠤ ᠴᠢᠨᠠᠷ ᠤᠨ ᠮᠥᠷᠲᠡᠨ ᠨᠡᠭᠡᠮᠵᠢᠯᠡᠬᠦ ᠰᠢᠰᠲ᠋ᠧᠮ ᠤᠨ ᠪᠠᠶᠢᠭᠤᠯᠤᠯᠲᠠ᠂ ᠢᠲᠡᠭᠡᠨ ᠤ ᠵᠥᠢᠯ ᠢ ᠰᠢᠯᠭᠠᠨ ᠪᠠᠶᠢᠴᠠᠭᠠᠬᠤ ᠵᠡᠷᠭᠡ ᠠᠵᠢᠯ ᠢ ᠨᠠᠷᠢᠨ ᠤᠢᠢᠯᠠᠭᠠᠵᠥ᠂ ︽ᠢᠲᠡᠭᠡᠨ ᠤ ᠵᠥᠢᠯ ᠤᠨ ᠠᠮᠤᠷ ᠲᠥᠪᠰᠢᠨ ᠤ ᠬᠠᠤᠯᠢ︾᠎ ᠶᠢ ᠨᠠᠷᠢᠨ ᠬᠢᠨᠠᠮᠠᠭᠠᠢ ᠨᠠᠶᠢᠲᠠᠪᠤᠷᠢᠵᠢᠭᠤᠯᠵᠥ᠂ ᠠᠷᠠᠳ ᠤᠯᠠᠨ ᠤ ᠢᠲᠡᠭᠡᠨ ᠤᠮᠲᠠᠭᠠᠨ ᠤ ᠠᠮᠤᠷ ᠲᠥᠪᠰᠢᠨ ᠢ ᠪᠠᠲᠤᠯᠠᠬᠤ ᠬᠡᠷᠡᠭᠲᠡᠢ ᠬᠡᠵᠥ ᠱᠠᠭᠠᠷᠲᠠᠪᠠ᠃ ᠰᠢᠯᠢ ᠶᠢᠨ ᠭᠤᠤᠯ ᠠᠵᠢᠯ ᠮᠡᠷᠭᠡᠵᠢᠯ ᠤᠨ ᠲᠡᠭᠡᠲᠥ ᠰᠤᠷᠭᠠᠭᠤᠯᠢ ᠶᠢᠨ ᠴᠢ᠊ · ᠪᠤᠯᠠᠭ ᠤᠯᠠᠨ ᠤᠯᠤᠰ ᠤᠨ ᠮᠤᠷᠢᠨ ᠬᠤᠭᠤᠷ ᠤᠨ ᠳᠡᠭᠡᠳᠤ ᠰᠤᠷᠭᠠᠭᠤᠯᠢ ᠳᠤ᠂ ᠤᠯᠠᠭᠠᠨ ᠰᠤᠷᠭᠠᠭᠤᠯᠢ ᠶᠢᠨ ᠬᠥᠭᠵᠢᠯᠲᠡ ᠪᠠ ᠪᠥᠲᠥᠭᠡᠨ ᠪᠠᠶᠢᠭᠤᠯᠤᠯᠲᠠ ᠪᠤᠯᠤᠨ ᠰᠤᠷᠤᠭᠴᠢ ᠡᠯᠰᠡᠵᠥ ᠪᠠᠶᠢᠭ᠎ᠠ ᠪᠠᠶᠢᠲᠠᠯ ᠢ ᠤᠢᠢᠯᠠᠭᠠᠭᠰᠠᠨ ᠪᠥᠭᠡᠳ ᠨᠡᠩ ᠤᠯᠠᠨ ᠰᠢᠯᠢᠲᠡᠭ ᠮᠤᠷᠢᠨ ᠬᠤᠭᠤᠷᠴᠢᠨ ᠢ ᠬᠥᠮᠥᠵᠢᠬᠦᠯᠵᠥ᠂ ᠭᠠᠵᠠᠷ ᠤᠷᠤᠨ ᠪᠤᠯᠤᠨ ᠥᠨᠲᠤᠰᠤᠲᠡᠨ ᠤ ᠤᠨᠴᠠᠯᠢᠭ ᠲᠠᠢ ᠰᠤᠶᠤᠯ ᠤᠷᠠᠯᠢᠭ ᠤᠨ ᠨᠡᠷᠡᠲᠥ ᠲᠡᠮᠲᠡᠭ ᠢ ᠪᠤᠢ ᠪᠤᠯᠭᠠᠬᠤ ᠶᠢ ᠬᠥᠰᠡᠪᠡ᠃    ᠤᠯᠠᠭᠠᠨ ᠴᠢᠬᠤᠯᠠᠴᠢᠯᠠᠬᠤ ᠳᠠᠭᠠᠨ᠂ ︽ᠬᠤᠶᠠᠷ ᠢ ᠰᠤᠷᠤᠯᠴᠠᠵᠥ ᠬᠢᠷᠢ ᠲᠡᠩᠴᠡᠭᠰᠡᠨ ᠨᠠᠮ ᠤᠨ ᠬᠡᠰᠢᠬᠦᠨ ᠪᠤᠯᠬᠤ︾ ᠰᠤᠷᠤᠯᠴᠠᠯᠭ᠎ᠠ ᠬᠥᠮᠥᠵᠢᠯ ᠪᠠ ᠰᠢᠯᠢ ᠶᠢᠨ ᠭᠤᠤᠯ ᠠᠶᠢᠮᠠᠭ ᠤᠨ ᠥᠭᠡᠷᠡᠴᠢᠯᠡᠯᠲᠡ ᠬᠥᠭᠵᠢᠯᠲᠡ ᠲᠤᠭᠲᠠᠭᠤᠨ ᠤ ᠡᠯ᠎ᠠ ᠵᠥᠢᠯ ᠤᠨ ᠠᠵᠢᠯ ᠢ ᠤᠷᠭᠠᠨᠢᠭ ᠢᠶᠠᠷ ᠨᠢᠭᠡᠳᠭᠡᠨ ᠠᠬᠢᠭᠤᠯᠵᠥ᠂ ᠪᠥᠬᠦ ᠠᠶᠢᠮᠠᠭ ᠤᠨ ᠥᠨᠲᠤᠰᠤᠲᠡᠨ ᠨᠦᠭᠦᠳ ᠤᠨ ᠤᠯᠠᠨ ᠲᠥᠮᠡᠨ ᠢ ᠪᠥᠯᠬᠦᠮᠲᠡᠬᠦᠯᠥᠨ ᠲᠠᠭᠠᠭᠤᠯᠵᠥ᠂ ᠲᠠᠪᠤᠨ ᠶᠡᠭᠡ ᠬᠥᠭᠵᠢᠯᠲᠡ ᠶᠢᠨ ᠤᠢᠢᠯᠠᠭᠠᠭᠲᠠᠬᠤᠨ ᠢ ᠪᠥᠬᠦ ᠲᠠᠯ᠎ᠠ ᠪᠠᠷ ᠨᠠᠶᠢᠲᠠᠪᠤᠷᠢᠵᠢᠭᠤᠯᠵᠥ᠂ ᠤᠲᠤ ᠥᠶ᠎ᠠ ᠶᠢᠨ ᠮᠠᠯ ᠠᠵᠤ ᠠᠬᠤᠢ ᠶᠢᠨ ᠬᠥᠭᠵᠢᠯᠲᠡ ᠶᠢ ᠲᠥᠷᠭᠡᠳᠭᠡᠵᠥ᠂ ᠭᠤᠤᠯᠲᠠᠯᠭ᠎ᠠ ᠲᠠᠢ ᠲᠥᠷᠥᠯ ᠵᠥᠢᠯ ᠤᠨ ᠪᠥᠲᠥᠭᠡᠨ ᠪᠠᠶᠢᠭᠤᠯᠤᠯᠲᠠ ᠶᠢ ᠪᠥᠬᠦ ᠬᠥᠴᠥᠨ ᠢᠶᠠᠷ ᠰᠠᠶᠢᠲᠤᠷ ᠠᠳᠬᠤᠵᠥ᠂ ᠭᠤᠷᠪᠠᠲᠤᠭᠠᠷ ᠠᠵᠤ ᠥᠢᠯᠡᠰ ᠥᠢᠯᠡᠴᠢᠯᠡᠭᠡᠨ ᠤ ᠥᠢᠯᠡᠰ ᠢ ᠪᠤᠶᠢᠵᠢᠭᠤᠯᠤᠨ ᠬᠥᠭᠵᠢᠬᠦᠯᠵᠥ᠂ ᠠᠮᠢ ᠠᠬᠤᠢ ᠶᠢᠨ ᠬᠠᠮᠠᠭᠠᠯᠠᠯᠲᠠ ᠶᠢ ᠴᠢᠩᠭᠠᠳᠬᠠᠵᠥ᠂ ︽ᠠᠷᠪᠠ ᠶᠢ ᠪᠥᠷᠬᠦᠬᠦᠯᠬᠦ︾ ᠪᠤᠯᠤᠨ ᠶᠠᠲᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ ᠵᠡᠷᠭᠡ ᠭᠤᠤᠯᠲᠠᠯᠭ᠎ᠠ ᠲᠠᠢ ᠠᠷᠠᠳ ᠤᠨ ᠠᠮᠢᠲᠤᠷᠠᠯ ᠤᠨ ᠢᠨᠵᠧᠨᠧᠷᠢᠩ ᠢ ᠠᠬᠢᠭᠤᠯᠵᠤ᠂ ᠪᠥᠬᠦ ᠵᠢᠯ ᠤᠨ ᠬᠠᠷᠠᠯᠲᠠ ᠡᠬᠦᠷᠭᠡ ᠪᠠᠨ ᠪᠡᠶᠡᠯᠡᠬᠦᠯᠬᠦ ᠳᠤ ᠪᠠᠲᠤ ᠰᠠᠭᠤᠷᠢ ᠲᠡᠯᠪᠢᠬᠤ ᠬᠡᠷᠡᠭᠲᠡᠢ ᠬᠡᠪᠡ᠃    ᠠᠶᠢᠮᠠᠭ ᠤᠨ ᠨᠠᠮ ᠤᠨ ᠬᠤᠷᠢᠶᠠᠨ ᠤ ᠱᠥᠵᠢ ᠯᠥᠸᠧ ᠬᠤ᠋ ᠽᠠᠢ᠂ ᠠᠶᠢᠮᠠᠭ ᠤᠨ ᠨᠠᠮ ᠤᠨ ᠬᠤᠷᠢᠶᠠᠨ ᠤ ᠬᠡᠰᠢᠬᠦᠨ᠂ ᠤᠬᠠᠭᠤᠯᠬᠤ ᠬᠡᠯᠲᠡᠰ ᠤᠨ ᠲᠠᠷᠤᠭ᠎ᠠ ᠪᠤᠤ ᠯᠢ ᠯᠢᠩ᠂ ᠠᠶᠢᠮᠠᠭ ᠤᠨ ᠨᠠᠮ ᠤᠨ ᠬᠤᠷᠢᠶᠠᠨ ᠤ ᠬᠡᠰᠢᠬᠦᠨ᠂ ᠰᠢᠯᠢ ᠶᠢᠨ ᠬᠤᠲᠠ ᠶᠢᠨ ᠨᠠᠮ ᠤᠨ ᠬᠤᠷᠢᠶᠠᠨ ᠤ ᠱᠥᠵᠢ ᠲᠠᠶᠢᠴᠢᠨ᠂ ᠠᠶᠢᠮᠠᠭ ᠤᠨ ᠨᠠᠮ ᠤᠨ ᠬᠤᠷᠢᠶᠠᠨ ᠤ ᠬᠡᠰᠢᠬᠦᠨ᠂ ᠨᠠᠷᠢᠨ ᠪᠢᠴᠢᠭ ᠤᠨ ᠲᠠᠷᠤᠭ᠎ᠠ ᠲᠢᠶᠠᠨ ᠶᠥᠡᠭ ᠪᠠᠷ᠎ᠠ ᠪᠤᠯᠵᠥ ᠪᠠᠶᠢᠴᠠᠭᠠᠨ ᠰᠤᠲᠤᠯᠪᠠ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号