ᠯᠥᠸᠧ ᠬᠤ᠋ ᠽᠠᠢ ᠱᠦᠵᠢ ᠨᠠᠷ ᠤᠨ ᠠᠯᠪᠠᠯᠠᠬᠤ ᠬᠤᠷᠠᠯ ᠢ ᠡᠷᠬᠢᠯᠡᠨ ᠬᠤᠷᠠᠯᠳᠤᠭᠤᠯᠪᠠ — ᠰᠢᠯᠢ ᠶᠢᠨ  ᠭᠤᠤᠯ ᠤᠨ ᠠᠮᠢ ᠠᠬᠤᠢ ᠶᠢᠨ ᠦᠵᠡᠮᠵᠢ ᠶᠢᠨ ᠪᠦᠰᠡ ᠶᠢᠨ ᠶᠡᠷᠦᠩᠭᠡᠢ ᠲᠥᠯᠥᠪᠵᠢᠭᠦᠯᠭᠡ ᠶᠢᠨ ᠳᠥᠰᠥᠯ   ᠤᠨ ᠳᠤᠬᠠᠢ ᠳᠠᠬᠢᠨᠲᠠ ᠰᠤᠳᠤᠯᠤᠨ ᠶᠠᠷᠢᠯᠴᠠᠪᠠ
ᠨᠡᠶᠢᠲᠡᠯᠡᠭᠰᠡᠨ ᠴᠠᠭ᠄
2016/6/13
   6 ᠳ᠋ᠤᠭᠠᠷ ᠰᠠᠷ᠎ᠠ ᠶᠢᠨ 5 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ  ᠱᠦᠵᠢ ᠯᠦᠸᠧ  ᠬᠤ᠋ ᠽᠠᠢ ᠱᠦᠵᠢ ᠨᠠᠷ ᠤᠨ ᠠᠯᠪᠠᠯᠠᠬᠤ ᠬᠤᠷᠠᠯ ᠬᠤᠷᠠᠯᠳᠤᠭᠤᠯᠵᠦ᠂ ᠰᠢᠯᠢ ᠶᠢᠨ ᠭᠤᠤᠯ ᠤᠨ ᠠᠮᠢ  ᠠᠬᠤᠢ ᠶᠢᠨ ᠦᠵᠡᠮᠵᠢ ᠶᠢᠨ ᠪᠦᠰᠡ ᠶᠢᠨ ᠶᠡᠷᠦᠩᠭᠡᠢ ᠲᠦᠯᠦᠪᠵᠢᠭᠦᠯᠭᠡ ᠶᠢᠨ ᠲᠦᠰᠦᠯ ᠤᠨ ᠲᠤᠬᠠᠢ ᠲᠠᠬᠢᠨᠳᠠ  ᠰᠤᠳᠤᠯᠤᠨ ᠶᠠᠷᠢᠯᠴᠠᠵᠦ᠂ ᠦᠵᠡᠮᠵᠢ ᠶᠢᠨ ᠪᠦᠰᠡ ᠶᠢ ᠦᠪᠡᠷᠳᠡᠭᠡᠨ ᠵᠠᠰᠬᠠᠤ ᠤᠷᠤᠨ ᠪᠠᠶᠢᠭᠤᠯᠤᠭᠳᠠᠭᠰᠠᠨ 70  ᠵᠢᠯ ᠤᠨ ᠤᠢ ᠳᠤ ᠪᠡᠯᠡᠭ ᠡᠷᠭᠦᠭᠦ ᠢᠨᠵᠧᠨᠧᠷᠢᠩ᠂ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠰᠡᠳᠬᠢᠯ ᠠᠮᠦᠷ  ᠢᠨᠵᠧᠨᠧᠷᠢᠩ᠂ ᠬᠤᠳᠠ ᠶᠢᠨ ᠶᠠᠪᠤᠳᠠᠯ ᠤᠨ ᠪᠦᠳᠦᠭᠡᠨ ᠪᠠᠶᠢᠭᠤᠯᠤᠯᠳᠠ ᠶᠢᠨ ᠰᠤᠳᠤᠨ ᠢᠨᠵᠧᠨᠧᠷᠢᠩ᠂ ᠤᠯᠠᠨ  ᠲᠦᠮᠡᠨ ᠤ ᠰᠡᠳᠬᠢᠯ ᠬᠠᠨᠤᠮᠵᠢᠳᠠᠢ ᠢᠨᠵᠧᠨᠧᠷᠢᠩ ᠪᠤᠯᠭᠠᠨ ᠪᠦᠳᠦᠭᠡᠨ ᠪᠠᠶᠢᠭᠤᠯᠬᠤ ᠭᠡᠷᠡᠭᠳᠡᠢ ᠭᠡᠵᠦ ᠴᠢᠬᠤᠯᠠᠴᠢᠯᠠᠪᠠ᠃          ᠠᠶᠢᠮᠠᠭ ᠤᠨ ᠨᠠᠮ ᠤᠨ ᠬᠤᠷᠢᠶᠠᠨ ᠤ ᠲᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠶᠢᠨ  ᠱᠦᠵᠢ ᠡᠦ ᠭᠦᠸᠧ ᠳ᠋ᠦᠡᠭ᠂ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠰᠢᠯᠢ ᠶᠢᠨ ᠬᠤᠳᠠ ᠶᠢᠨ ᠨᠠᠮ ᠤᠨ  ᠬᠤᠷᠢᠶᠠᠨ ᠤ ᠱᠦᠵᠢ ᠲᠠᠶᠢᠴᠢᠨ᠂ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠨᠠᠷᠢᠨ ᠪᠢᠴᠢᠭ ᠤᠨ ᠲᠠᠷᠤᠭ᠎ᠠ  ᠲᠢᠶᠠᠨ ᠶᠦᠡᠭ ᠬᠤᠷᠠᠯ ᠳᠤ ᠤᠷᠤᠯᠴᠠᠭᠰᠠᠨ ᠪᠦᠭᠡᠳ ᠢᠨᠵᠧᠨᠧᠷᠢᠩ ᠤᠨ ᠲᠦᠯᠦᠪᠵᠢᠭᠦᠯᠭᠡ ᠶᠢᠨ ᠲᠤᠬᠠᠢ ᠰᠠᠨᠠᠯ  ᠲᠤᠷᠠᠳᠪᠠ᠃        ᠲᠤᠮᠳᠠᠳᠦ ᠤᠯᠤᠰ ᠤᠨ ᠵᠦᠡᠭ ᠵᠢᠶᠠᠨ ᠵᠢᠷᠤᠭ ᠲᠦᠯᠦᠪᠯᠡᠭᠡ ᠶᠢᠨ ᠪᠦᠯᠦᠭᠯᠡᠯ ᠤᠨ ᠬᠢᠵᠠᠭᠠᠷᠳᠦ ᠺᠤᠮᠫᠠᠨᠢ ᠶᠢᠨ  ᠬᠤᠳᠠ ᠶᠢᠨ ᠵᠢᠷᠤᠭ ᠲᠦᠯᠦᠪᠯᠡᠭᠡ ᠶᠢᠨ ᠰᠤᠳᠤᠯᠭᠠᠨ ᠤ ᠭᠠᠵᠠᠷ ᠤᠨ ᠬᠠᠷᠢᠭᠤᠴᠠᠯᠭᠠᠳᠠᠨ ᠰᠢᠯᠢ ᠶᠢᠨ ᠭᠤᠤᠯ ᠤᠨ ᠠᠮᠢ ᠠᠬᠤᠢ ᠶᠢᠨ ᠦᠵᠡᠮᠵᠢ ᠶᠢᠨ ᠪᠦᠰᠡ ᠶᠢᠨ ᠶᠡᠷᠦᠩᠭᠡᠢ ᠵᠢᠷᠤᠭ ᠲᠦᠯᠦᠪᠯᠡᠭᠡ ᠶᠢᠨ ᠪᠠᠶᠢᠳᠠᠯ ᠢ ᠨᠠᠷᠢᠯᠢᠭ ᠲᠠᠨᠢᠯᠴᠠᠭᠤᠯᠪᠠ᠃          ᠬᠤᠷᠠᠯ ᠠᠴᠠ ᠵᠢᠭᠠᠬᠤ ᠳᠠᠭᠠᠨ᠂ ᠰᠢᠯᠢ ᠶᠢᠨ ᠭᠤᠤᠯ ᠲᠠᠭᠠᠦ ᠶᠢᠨ ᠠᠮᠢ ᠠᠬᠤᠢ ᠶᠢᠨ ᠦᠵᠡᠮᠵᠢ ᠶᠢᠨ ᠪᠦᠰᠡ ᠶᠢᠨ ᠲᠦᠯᠦᠪᠵᠢᠭᠦᠯᠭᠡ ᠶᠢ ᠤᠯᠠᠮ ᠲᠡᠭᠦᠯᠳᠡᠷᠵᠢᠭᠦᠯᠵᠦ᠂ ᠡᠷᠳᠡᠨᠢᠠᠤᠪᠤᠭ᠎ᠠ ᠴᠡᠴᠡᠷᠯᠢᠭ᠂ ᠬᠤᠳᠠ ᠶᠢᠨ ᠪᠢᠨ ᠡᡁᠧ  ᠴᠡᠴᠡᠷᠯᠢᠭ᠂ ᠡᠮᠦᠨ᠎ᠠ ᠠᠭᠤᠯᠠ ᠶᠢᠨ ᠤᠢ ᠰᠢᠭᠤᠢ ᠶᠢᠨ ᠴᠡᠴᠡᠷᠯᠢᠭ᠂ ᠨᠤᠭᠤ ᠭᠠᠵᠠᠷ ᠤᠨ ᠴᠡᠴᠡᠷᠯᠢᠭ᠂ ᠠᠳᠤᠭᠤᠨ  ᠰᠤᠶᠤᠯ ᠤᠨ ᠳᠦᠪ ᠤᠨ ᠭᠤᠤᠯ ᠤᠷᠤᠨ ᠪᠤᠯᠤᠨ ᠰᠢᠯᠢ ᠶᠢᠨ ᠨᠠᠭᠤᠷ ᠵᠡᠷᠭᠡ ᠵᠢᠷᠭᠤᠭᠠᠨ ᠲᠤᠮᠤ ᠦᠵᠡᠮᠵᠢ ᠶᠢᠨ  ᠴᠢᠭ ᠢ ᠬᠤᠯᠪᠤᠯᠳᠤᠭᠤᠯᠤᠭᠰᠠᠨ ᠪᠤᠬᠢᠷᠳᠦᠯ ᠦᠭᠡᠢ ᠠᠮᠢ ᠠᠬᠤᠢ ᠶᠢᠨ ᠦᠵᠡᠮᠵᠢ ᠶᠢᠨ ᠤᠷᠤᠨ ᠢ ᠪᠦᠭᠦ ᠭᠦᠴᠦᠨ ᠢᠶᠠᠷ ᠪᠠᠶᠢᠭᠤᠯᠵᠦ᠂ ᠤᠯᠠᠨ ᠲᠦᠮᠡᠨ ᠳᠤ ᠰᠠᠶᠢᠨ ᠰᠠᠶᠢᠬᠠᠨ ᠠᠮᠢ ᠠᠬᠤᠢ ᠰᠡᠯᠡᠭᠦᠴᠡᠯ ᠤᠨ ᠤᠷᠴᠢᠨ ᠲᠤᠭᠤᠷᠢᠨ ᠬᠠᠨᠭ᠍ᠭᠠᠬᠤ ᠭᠡᠷᠡᠭᠳᠡᠢ ᠭᠡᠪᠡ᠃        ᠬᠤᠷᠠᠯ ᠠᠴᠠ ᠴᠢᠬᠤᠯᠠᠴᠢᠯᠠᠬᠤ ᠳᠠᠭᠠᠨ᠂ ᠠᠮᠢ ᠠᠬᠤᠢ ᠶᠢᠨ ᠦᠵᠡᠮᠵᠢ ᠶᠢᠨ ᠪᠦᠰᠡ ᠶᠢ ᠪᠠᠶᠢᠭᠤᠯᠬᠤ ᠳᠤ ︽ᠠᠮᠢ ᠠᠬᠤᠢ ᠶᠢᠨ ᠨᠤᠭᠤᠭᠠᠷᠠᠭᠤᠯᠤᠯᠳᠠ︾ ᠪᠠᠷ ᠭᠤᠤᠯ ᠰᠡᠳᠦᠪ ᠪᠤᠯᠭᠠᠵᠦ᠂ ᠲᠠᠯ᠎ᠠ ᠨᠤᠳᠤᠭ ᠪᠤᠯᠤᠨ ᠦᠨᠳᠦᠰᠦᠳᠡᠨ ᠤ  ᠵᠠᠩ ᠵᠠᠩᠰᠢᠯ ᠰᠤᠶᠤᠯ ᠢ ᠭᠦᠢᠴᠡᠳ ᠢᠯᠡᠷᠡᠭᠦᠯᠭᠦ ᠭᠡᠷᠡᠭᠳᠠᠢ᠃ ᠬᠤᠳᠠ ᠶᠢᠨ ᠦᠵᠡᠮᠵᠢ ᠶᠢᠨ ᠪᠦᠰᠠ ᠶᠢᠨ ᠭᠠᠷᠴᠦ  ᠤᠷᠤᠬᠤ ᠡᠭᠦᠳᠡ ᠪᠤᠯᠤᠨ ᠰᠤᠶᠤᠯ ᠢᠷᠭᠡᠨᠰᠢᠯ ᠤᠨ ᠲᠤᠨᠤᠭ ᠲᠦᠭᠦᠭᠡᠷᠦᠮᠵᠢ ᠶᠢ ᠰᠠᠶᠢᠳᠦᠷ ᠲᠦᠯᠦᠪᠵᠢᠭᠦᠯᠵᠦ᠂ ᠵᠠᠮ ᠨᠡᠪᠳᠡᠷᠡᠯᠭᠡ ᠶᠢ ᠨᠠᠷᠢᠯᠢᠭ ᠲᠦᠯᠦᠪᠵᠢᠭᠦᠯᠵᠦ᠂ ᠠᠮᠢ ᠠᠬᠤᠢ ᠶᠢᠨ ᠤᠰᠤᠨ ᠰᠢᠰᠲ᠋ᠧᠮ ᠢ ᠴᠡᠭᠴᠡᠯᠡᠭᠦ  ᠢᠨᠵᠧᠨᠧᠷᠢᠩ ᠤᠨ ᠲᠤᠨᠤᠭ ᠲᠦᠭᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠶᠢ ᠰᠠᠶᠢᠳᠦᠷ ᠬᠢᠵᠦ᠂ ᠡᠷᠭᠢᠨ  ᠲᠤᠭᠤᠷᠢᠨ ᠤ ᠤᠷᠴᠢᠨ ᠲᠤᠭᠤᠷᠢᠨ ᠢ ᠨᠢ ᠴᠡᠭᠴᠡᠯᠡᠨ᠂ ᠲᠡᠷᠭᠡᠨ ᠵᠤᠭᠰᠤᠭᠠᠯ᠂ ᠰᠡᠯᠡᠭᠦᠴᠡᠯ ᠤᠨ ᠲᠠᠯᠠᠪᠤᠷ ᠤᠨ  ᠪᠦᠳᠦᠭᠡᠨ ᠪᠠᠶᠢᠭᠤᠯᠤᠯᠳᠠ ᠪᠤᠯᠤᠨ ᠠᠮᠦᠷ ᠲᠦᠪᠰᠢᠨ ᠤ ᠬᠠᠮᠢᠶᠠᠷᠤᠯᠳᠠ ᠶᠢ ᠰᠠᠶᠢᠳᠦᠷ ᠬᠢᠭᠦ ᠭᠡᠷᠡᠭᠳᠠᠢ ᠭᠡᠪᠡ᠃        ᠬᠤᠷᠡᠯ ᠠᠴᠠ ᠱᠠᠭᠠᠷᠳᠠᠬᠤ ᠳᠠᠭᠠᠨ᠂ ᠰᠢᠯᠢ ᠶᠢᠨ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠤᠷᠳᠤᠨ  ᠦᠵᠡᠭᠦᠯᠦᠯᠭᠡ ᠶᠢᠨ ᠰᠠᠮᠪᠠᠷ᠎ᠠ ᠭᠠᠷᠭᠠᠬᠤ᠂ ᠰᠢᠨ᠎ᠠ ᠵᠠᠭᠤᠴᠢᠯᠠᠭᠤᠷ ᠢ ᠠᠰᠢᠬᠯᠠᠬᠤ ᠵᠡᠷᠭᠡ ᠠᠷᠭ᠎ᠠ ᠭᠡᠯᠪᠡᠷᠢ ᠪᠠᠷ ᠤᠯᠠᠨ ᠲᠦᠮᠡᠨ ᠠᠴᠠ ᠰᠠᠨᠠᠯ ᠬᠤᠷᠢᠶᠠᠵᠦ᠂ ᠦᠵᠡᠮᠵᠢ ᠶᠢᠨ ᠪᠦᠰᠡ ᠶᠢ ᠤᠯᠠᠨ ᠲᠦᠮᠡᠨ ᠤ ᠱᠠᠭᠠᠷᠳᠠᠯᠭ᠎ᠠ ᠳᠤ ᠨᠡᠶᠢᠴᠡᠭᠦᠯᠭᠦ  ᠭᠡᠷᠡᠭᠳᠠᠢ᠃ ᠲᠦᠷᠦᠯ ᠵᠦᠢᠯ ᠤᠨ ᠪᠡᠯᠡ ᠮᠦᠡᠭᠭᠦ ᠪᠤᠯᠤᠨ ᠢᠨᠵᠧᠨᠧᠷᠢᠩ ᠤᠨ ᠶᠠᠰᠦ ᠴᠢᠨᠡᠷ ᠤᠨ ᠬᠠᠮᠢᠶᠠᠷᠤᠯᠳᠠ ᠶᠢ  ᠴᠢᠩᠭᠠᠳᠬᠠᠬᠤ ᠭᠡᠷᠡᠭᠳᠠᠢ᠃ ᠠᠶᠢᠮᠠᠭ ᠤᠨ ᠤᠢ ᠰᠢᠭᠤᠢ ᠶᠢᠨ ᠲᠤᠪᠴᠢᠶ᠎ᠠ᠂ ᠤᠰᠤᠨ ᠠᠰᠢᠭᠯᠠᠯᠳᠠ ᠶᠢᠨ ᠲᠤᠪᠴᠢᠶ᠎ᠠ᠂ ᠤᠯᠤᠰ ᠤᠨ ᠭᠠᠵᠠᠷ ᠰᠢᠷᠦᠢ ᠶᠢᠨ ᠲᠤᠪᠴᠢᠶ᠎ᠠ᠂ ᠤᠷᠤᠨ ᠰᠠᠭᠤᠴᠠ ᠬᠤᠳᠠ ᠬᠦᠳᠡᠭᠡ ᠶᠢᠨ ᠪᠦᠳᠦᠭᠡᠨ  ᠪᠠᠶᠢᠭᠤᠯᠤᠯᠳᠠ ᠶᠢᠨ ᠲᠤᠪᠴᠢᠶ᠎ᠠ᠂ ᠡᠳ᠋ ᠤᠨ ᠵᠠᠰᠠᠭ ᠤᠨ ᠲᠤᠪᠴᠢᠶ᠎ᠠ ᠵᠡᠷᠭᠡ ᠰᠠᠯᠠᠭ᠎ᠠ ᠮᠦᠴᠢᠷ ᠢᠨᠵᠧᠨᠧᠷᠢᠩ ᠤᠨ  ᠪᠦᠳᠦᠭᠡᠨ ᠪᠠᠶᠢᠭᠤᠯᠤᠯᠳᠠ ᠶᠢ ᠪᠦᠭᠦ ᠭᠦᠴᠦᠨ ᠢᠶᠠᠷ ᠲᠠᠮᠵᠢᠵᠦ᠂ ᠲᠦᠷᠦ ᠶᠢᠨ ᠪᠤᠳᠤᠯᠭ᠎ᠠ᠂ ᠪᠡᠯᠡ ᠮᠦᠡᠭᠭᠦ ᠵᠡᠷᠭᠡ  ᠲᠠᠯ᠎ᠠ ᠪᠠᠷ ᠵᠤᠷᠢᠬᠵᠢᠭᠤᠯᠤᠨ ᠲᠡᠮᠵᠢᠬᠦ ᠡᠷᠴᠢᠮ ᠢᠶᠠᠨ ᠴᠢᠩᠭᠠᠷᠠᠭᠤᠯᠬᠤ ᠭᠡᠷᠡᠭᠳᠠᠢ ᠭᠡᠪᠡ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号