︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠤ ᠪᠦᠬᠦ ᠤᠯᠤᠰ ᠤᠨ ᠰᠢᠨ᠎ᠡ ᠪᠠᠷ  ᠨᠡᠮᠡᠭᠳᠡᠭᠦ ᠪᠦᠳᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ 669 ᠲᠦᠮᠡ ᠰᠢᠬᠠᠮ ᠮᠤ᠋ ᠪᠠᠭᠠᠰᠤᠨ᠎ᠠ
ᠨᠡᠶᠢᠲᠡᠯᠡᠭᠰᠡᠨ ᠴᠠᠭ᠄
2016/6/14
    ᠭᠠᠵᠠᠷ ᠰᠢᠷᠤᠢ ᠶᠢ ᠠᠷᠪᠢᠯᠠᠵᠥ ᠡᠷᠴᠢᠮᠵᠢᠬᠦᠯᠵᠥ ᠬᠡᠷᠡᠭᠯᠡᠬᠦ ᠱᠠᠭᠠᠷᠳᠠᠯᠭ᠎ᠠ ᠪᠠᠷ᠂ ︽ ᠬᠠᠳᠠᠭᠠᠯᠠᠯᠲᠠ ᠶᠢ ᠪᠠᠭᠠᠰᠬᠠᠬᠤ︾ ᠡᠭᠦᠷᠭᠡ ᠶᠢ ᠪᠡᠶᠡᠯᠡᠭᠦᠯᠬᠦ ᠶᠢᠨ ᠲᠦᠯᠦᠭᠡ᠂ ︽ᠠᠷᠪᠠᠨ ᠭᠤᠷᠪᠠᠳᠤᠭᠠᠷ ᠲᠠᠪᠤᠨ ᠵᠢᠯ  ︾ ᠤᠨ ᠬᠤᠭᠤᠴᠠᠭᠠᠨ ᠤ ᠪᠦᠬᠦ ᠤᠯᠤᠰ ᠤᠨ ᠰᠢᠨ᠎ᠡ ᠪᠠᠷ ᠨᠡᠮᠡᠭᠳᠡᠭᠦ ᠪᠦᠳᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ  ︽ᠠᠷᠪᠠᠨ ᠬᠤᠶᠠᠳᠤᠭᠠᠷ ᠲᠠᠪᠤᠨ ᠵᠢᠯ︾ ᠤᠨ ᠬᠢ ᠠᠴᠠ 669 ᠲᠦᠮᠡ ᠰᠢᠬᠠᠮ ᠮᠤ᠋ ᠪᠠᠭᠠᠰᠬᠠᠬᠤ ᠪᠠᠷ ᠪᠠᠶᠢᠨ᠎ᠠ᠃        ᠰᠤᠷᠪᠤᠯᠵᠢᠯᠠᠭᠴᠢ ᠦᠨᠤᠬᠡᠨ ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠬᠡᠯᠲᠡᠰ ᠠᠴᠠ  ᠤᠢᠢᠯᠠᠭᠠᠭᠰᠠᠨ ᠢᠶᠠᠷ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠤ᠂ ᠤᠯᠤᠰ ᠤᠨ ᠭᠠᠵᠠᠷ  ᠰᠢᠷᠤᠢ ᠡᠬᠢ ᠪᠠᠶᠠᠯᠢᠭ ᠤᠨ ᠪᠠᠲᠤᠯᠠᠪᠤᠷᠢ ᠶᠢᠨ ᠴᠢᠳᠠᠪᠤᠷᠢ ᠢᠯᠡᠳᠲᠡ ᠳᠡᠭᠡᠭᠰᠢᠯᠡᠬᠦ ᠶᠢ ᠳᠠᠭᠠᠯᠳᠤᠨ᠂ ᠰᠢᠨ᠎ᠡ ᠪᠠᠷ  ᠨᠡᠮᠡᠭᠳᠡᠭᠦ ᠪᠦᠳᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠤᠢ ᠶᠢᠨ ᠪᠦᠬᠦ ᠬᠡᠮᠵᠢᠶ᠎ᠡ ᠶᠢ 3256 ᠲᠦᠮᠡᠨ ᠮᠤ᠋  ᠲᠤᠳᠤᠷ᠎ᠠ ᠬᠢᠵᠠᠭᠠᠷᠯᠠᠵᠥ᠂ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ᠂ ᠮᠡᠳᠡᠭᠡ ᠵᠠᠩᠭᠢᠵᠢᠯᠳᠡ᠂ ᠬᠤᠲᠠ  ᠪᠠᠯᠭᠠᠰᠤᠵᠢᠯᠳᠡ ᠪᠠ ᠲᠠᠷᠢᠶᠠᠯᠠᠩ ᠤᠨ ᠤᠳᠤᠬᠢᠴᠢᠯᠠᠯᠲᠠ ᠵᠢᠴᠢ ᠰᠠᠭᠤᠷᠢ ᠳᠦᠬᠦᠭᠡᠷᠦᠮᠵᠢ᠂ ᠠᠷᠠᠳ ᠤᠨ ᠠᠮᠢᠳᠤᠷᠠᠯ ᠢ  ᠰᠠᠶᠢᠵᠢᠷᠠᠭᠤᠯᠬᠤ᠂ ᠰᠢᠨ᠎ᠡ ᠠᠵᠤ ᠦᠢᠯᠡᠰ ᠰᠢᠨ᠎ᠡ ᠡᠵᠡᠩᠨᠡᠯᠲᠡ ᠶᠢᠨ ᠬᠡᠯᠪᠡᠷᠢ ᠪᠠ ᠤᠯᠠᠨ ᠢᠶᠠᠷ ᠢᠶᠠᠨ ᠦᠢᠯᠡᠰ  ᠪᠤᠰᠬᠠᠵᠤ ᠨᠡᠶᠢᠳᠡ ᠪᠠᠷ ᠢᠶᠠᠨ ᠰᠢᠨ᠎ᠡ ᠶᠢ ᠡᠭᠦᠳᠬᠦ ᠲᠦᠷᠦᠯ ᠵᠦᠢᠯ ᠤᠨ ᠬᠡᠷᠡᠭᠯᠡᠬᠦ ᠭᠠᠵᠠᠷ ᠰᠢᠷᠤᠢ ᠶᠢᠨ ᠬᠡᠷᠡᠭᠴᠡᠭᠡ ᠶᠢ  ᠪᠦ᠋ᠲᠦᠮᠵᠢᠲᠠᠢ ᠪᠠᠲᠤᠯᠠᠨ᠎ᠠ᠃        ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠬᠡᠯᠲᠡᠰ ᠤᠨ ᠲᠦᠯᠦᠪᠵᠢᠭᠦᠯᠭᠡ ᠶᠢᠨ ᠵᠤᠷᠭᠠᠨ ᠤ ᠳᠡᠳ᠋  ᠳᠠᠷᠤᠭ᠎ᠠ ᠵᠢᠤᠢ ᠵᠢᠶᠠᠨ ᠬᠤᠸᠠ᠂ ︽ᠠᠷᠪᠠᠨ ᠬᠤᠶᠠᠳᠤᠭᠠᠷ ᠲᠠᠪᠤᠨ ᠵᠢᠯ︾ ᠤᠨ ᠬᠤᠭᠤᠴᠠᠭᠠᠨ ᠳᠤ ᠤᠯᠤᠰ ᠤᠨ  ᠭᠠᠵᠠᠷ ᠰᠢᠷᠤᠢ ᠡᠬᠢ ᠪᠠᠶᠠᠯᠢᠭ ᠤᠨ  ᠰᠢᠰᠲ᠋ᠧᠮ ᠠᠴᠠ 3925 ᠲᠦᠮᠡᠨ ᠮᠤ᠋ ᠰᠢᠨ᠎ᠡ ᠪᠠᠷ ᠨᠡᠮᠡᠭᠳᠡᠭᠦ ᠪᠦᠳᠦᠭᠡᠨ  ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠬᠠᠩᠭᠠᠵᠠᠢ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ  ᠬᠤᠭᠤᠴᠠᠭᠠᠨ ᠳᠤ ︽ᠠᠷᠪᠠᠨ ᠬᠤᠶᠠᠳᠤᠭᠠᠷ ᠲᠠᠪᠤᠨ ᠵᠢᠯ︾ ᠤᠨ ᠬᠤᠭᠤᠴᠠᠭᠠᠨ ᠤ ᠬᠢ ᠠᠴᠠ ᠪᠠᠭᠠᠰᠬᠠᠭᠰᠠᠨ ᠨᠢ  ᠬᠠᠳᠠᠭᠠᠯᠠᠯᠲᠠ ᠶᠢᠨ ᠲᠤᠭ᠎ᠠ ᠬᠡᠮᠵᠢᠶ᠎ᠡ ᠶᠢ ᠤᠯᠠᠮ ᠠᠮᠢᠳᠤᠯᠢᠭ ᠪᠤᠯᠭᠠᠬᠤ‌‍ᠶᠢᠨ ᠲᠦᠯᠦᠭᠡ ᠶᠤᠮ ᠭᠡᠵᠦ ᠲᠠᠨᠢᠯᠴᠠᠭᠤᠯᠪᠠ᠃          ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠬᠡᠯᠲᠡᠰ ᠤᠢᠢᠷ᠎ᠠ ᠳᠤ ︽ᠤᠯᠤᠰ ᠤᠨ ᠭᠠᠵᠠᠷ ᠰᠢᠷᠤᠢ ᠡᠬᠢ  ᠪᠠᠶᠠᠯᠢᠭ ᠤᠨ ︿ᠠᠷᠪᠠᠨ ᠭᠤᠷᠪᠠᠳᠤᠭᠠᠷ ᠲᠠᠪᠤᠨ ᠵᠢᠯ﹀ ᠤᠨ ᠲᠦᠯᠦᠪᠵᠢᠭᠦᠯᠭᠡ ᠶᠢᠨ ᠬᠦᠲᠤᠯᠪᠦᠷᠢ︾ ᠶᠢ ᠳᠠᠷᠤᠮᠠᠯᠯᠠᠨ  ᠲᠠᠷᠬᠠᠭᠠᠭᠰᠠᠠ ᠪᠦᠭᠡᠳ ᠭᠠᠵᠠᠷ ᠰᠢᠷᠤᠢ᠂ ᠠᠭᠤᠷᠬᠠᠢ ᠶᠢᠨ ᠭᠠᠷᠤᠯᠲᠠ᠂ ᠭᠠᠵᠠᠷ ᠰᠢᠨᠵᠢᠯᠡᠭᠡ᠂ ᠳᠠᠯᠠᠢ ᠲᠠᠩᠭᠢᠰ᠂  ᠭᠠᠵᠠᠷ ᠵᠦᠢ ᠶᠢᠨ ᠮᠡᠳᠡᠭᠡ ᠵᠠᠩᠭᠢ ᠶᠢ ᠵᠢᠷᠤᠭᠯᠠᠬᠤ 5 ᠬᠦᠷᠢᠶᠡᠨ ᠤ 18 ᠲᠦᠷᠦᠯ ᠤᠨ ᠭᠤᠤᠯ ᠪᠤᠯᠬᠤ ᠵᠢᠭᠠᠯᠲᠠ  ᠲᠤᠭ᠎ᠠ ᠶᠢ ᠲᠤᠳᠤᠯᠠᠵᠤ᠂ ᠡᠬᠢ ᠪᠠᠶᠠᠯᠢᠭ ᠤᠨ ᠬᠠᠮᠠᠭᠠᠯᠠᠯᠲᠠ ᠶᠢ ᠤᠯᠠᠮ ᠲᠤᠪᠤᠶᠢᠯᠭᠠᠵᠤ᠂ ᠡᠬᠢ ᠪᠠᠶᠠᠯᠢᠭ ᠤᠨ  ᠠᠰᠢᠬᠯᠠᠯᠳᠡ ᠶᠢ ᠠᠷᠪᠢᠯᠠᠬᠤ ᠡᠷᠴᠢᠮᠵᠢᠬᠦᠯᠬᠦ ᠪᠠᠷ ᠢᠯᠡᠳᠬᠡᠵᠦ᠂ ᠠᠵᠤ ᠠᠬᠤᠢ ᠨᠡᠶᠢᠭᠡᠮ ᠤᠨ ᠬᠦᠭᠵᠢᠯᠲᠡ ᠳᠤ ᠡᠬᠢ  ᠪᠠᠶᠠᠯᠢᠭ ᠤᠨ ᠪᠠᠲᠤᠯᠠᠪᠤᠷᠢ ᠬᠠᠩᠭᠠᠵᠤ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠲᠠ ᠪᠠ ᠠᠷᠠᠳ ᠤᠨ  ᠠᠮᠢᠳᠤᠷᠠᠯ ᠢ ᠳᠤᠪᠤᠶᠢᠯᠭᠠᠪᠠ᠃ ᠵᠢᠱᠢᠶᠡᠯᠡᠪᠡᠯ᠂ ᠤᠷᠤᠨ ᠪᠦᠰᠡ ᠶᠢᠨ ᠵᠤᠬᠢᠴᠠᠩᠭᠤᠢ ᠬᠦᠭᠵᠢᠬᠦ ᠶᠢ ᠠᠬᠢᠭᠤᠯᠵᠤ᠂ ︽ ᠪᠡᠭᠡᠵᠢᠩ ᠲᠢᠶᠠᠨᠵᠢᠨ ᠡᠾᠧᠪᠸᠢ ᠶᠢᠨ ᠬᠠᠮᠲᠤᠷᠠᠯᠴᠠᠨ ᠭᠠᠵᠠᠷ ᠰᠢᠷᠤᠢ ᠶᠢᠨ ᠠᠰᠢᠬᠯᠠᠯᠳᠡ ᠶᠢ ᠬᠦᠭᠵᠢᠭᠦᠯᠬᠦ ᠪᠦᠬᠦ  ᠲᠠᠯ᠎ᠠ ᠶᠢᠨ ᠲᠦᠯᠦᠪᠵᠢᠭᠦᠯᠭᠡ︾ ᠶᠢ ᠬᠡᠷᠡᠭᠵᠢᠭᠦᠯᠵᠦ᠂ 891 ᠲᠦᠮᠡᠨ ᠮᠤ᠋ ᠶᠢᠨ ᠠᠮᠢ ᠠᠬᠤᠢ ᠶᠢᠨ ᠲᠠᠷᠢᠶᠠᠯᠠᠬᠤ‌‍ᠪᠠᠨ  ᠵᠤᠭᠰᠤᠬᠤ ᠶᠢ ᠪᠡᠶᠡᠯᠡᠬᠦᠯᠵᠤ᠂ ᠬᠤᠲᠠ ᠶᠢᠨ ᠨᠢᠬᠡ ᠴᠤᠭᠴᠠᠵᠢᠯᠲᠠ ᠶᠢᠨ ᠲᠦᠪᠰᠢᠨ ᠢ ᠳᠡᠭᠡᠭᠰᠢᠯᠡᠭᠦᠯᠪᠡ᠃  ᠬᠦᠬᠡᠮᠦ᠋ᠷᠡᠨ ᠤ ᠠᠵᠤ ᠠᠬᠤᠢ ᠶᠢᠨ ᠪᠦᠰᠡ ᠶᠢᠨ ᠬᠦᠭᠵᠢᠯᠲᠡ ᠶᠢ ᠠᠬᠢᠭᠤᠯᠵᠤ᠂ ᠰᠢᠨ᠎ᠡ ᠨᠢᠭᠡ ᠡᠭᠡᠯᠵᠢ ᠶᠢᠨ  ᠲᠠᠷᠢᠶᠠᠯᠠᠬᠤ ᠪᠠᠨ ᠵᠤᠭᠰᠤᠵᠥ ᠡᠪᠡᠰᠤ ᠮᠤᠳᠤ ᠲᠠᠷᠢᠬᠤ ᠲᠦᠯᠦᠪᠵᠢᠭᠦᠯᠭᠡ ᠶᠢ ᠨᠠᠶᠢᠳᠠᠪᠤᠷᠢᠵᠢᠭᠤᠯᠵᠤ᠂ 25  ᠭᠷᠠᠳᠦ᠋ᠰ ᠠᠴᠠ ᠳᠡᠭᠡᠭᠰᠢ ᠨᠠᠯᠠᠤ ᠲᠠᠷᠢᠶᠠᠨ ᠭᠠᠵᠠᠷ ᠤᠨ ᠠᠮᠢ ᠠᠬᠤᠢ ᠶᠢᠨ ᠲᠠᠷᠢᠶᠠᠯᠠᠬᠤ ᠪᠠᠨ ᠵᠤᠭᠰᠤᠬᠤ ᠶᠢ  ᠪᠡᠶᠡᠯᠡᠭᠦᠯᠵᠦ᠂ ᠪᠤᠬᠢᠷᠳᠤᠯ ᠦᠭᠡᠢ ᠠᠮᠢ ᠠᠬᠤᠢ ᠶᠢᠨ ᠬᠤᠩᠬᠢᠯ ᠢ ᠪᠠᠶᠢᠭᠤᠯᠬᠤ ᠶᠢ ᠳᠡᠮᠵᠢᠪᠡ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号