ᠮᠠᠨ ᠤ ᠤᠯᠤᠰ ᠤᠨ ᠰᠠᠭᠤᠭᠠᠯᠢ ᠠᠷᠠᠳ ᠤᠨ ᠡᠮᠨᠡᠯᠭᠡ ᠶᠢᠨ ᠲᠠᠭᠠᠳᠬᠠᠯ ᠤᠨ ᠡᠳ᠋ ᠤᠨ ᠵᠠᠰᠠᠭ ᠤᠨ  ᠨᠦᠬᠦᠪᠤᠷᠢ ᠲᠠᠬᠢᠨ 40 ᠲᠦᠭᠦᠷᠢᠭ ᠨᠡᠮᠡᠭᠳᠡᠪᠡ
ᠨᠡᠶᠢᠲᠡᠯᠡᠭᠰᠡᠨ ᠴᠠᠭ᠄
2016/6/14
   ᠬᠦᠮᠦᠨ ᠤ  ᠬᠦᠴᠦᠨ ᠤ ᠡᠬᠢ ᠪᠠᠶᠠᠯᠢᠭ ᠪᠤᠯᠤᠨ ᠨᠡᠶᠢᠭᠡᠮ ᠤᠨ ᠪᠠᠲᠤᠯᠠᠪᠤᠷᠢ ᠶᠢᠨ ᠬᠡᠯᠲᠡᠰ ᠥᠨᠥᠬᠡᠨ ᠮᠡᠳᠡᠭᠡ ᠨᠡᠶᠢᠲᠡᠯᠡᠨ᠂  ᠬᠦᠮᠦᠨ ᠤ ᠬᠦᠴᠦᠨ ᠤ ᠡᠬᠢ ᠪᠠᠶᠠᠯᠢᠭ ᠪᠤᠯᠤᠨ ᠨᠡᠶᠢᠭᠡᠮ ᠤᠨ ᠪᠠᠲᠤᠯᠠᠪᠤᠷᠢ ᠶᠢᠨ ᠬᠡᠯᠲᠡᠰ᠂ ᠡᠳ᠋ ᠤᠨ ᠵᠠᠰᠠᠭ ᠤᠨ  ᠬᠡᠯᠲᠡᠰ ᠤᠢᠢᠷ᠎ᠠ ᠶᠢᠨ ᠡᠳᠦᠷ ᠮᠡᠳᠡᠭᠳᠡᠯ ᠪᠠᠭᠤᠯᠭᠠᠨ᠂ 2016 ᠤ ᠰᠠᠭᠤᠭᠠᠯᠢ ᠠᠷᠠᠳ ᠤᠨ ᠡᠮᠨᠡᠯᠭᠡ ᠶᠢᠨ  ᠲᠠᠭᠠᠳᠬᠠᠯ ᠳᠤ ᠦᠭᠬᠦ ᠡᠯ᠎ᠡ ᠱᠠᠲᠤᠨ ᠤ ᠡᠳ᠋ ᠤᠨ ᠵᠠᠰᠠᠭ ᠤᠨ ᠨᠦᠬᠦᠪᠤᠷᠢ ᠶᠢᠨ ᠪᠠᠷᠢᠮᠵᠢᠶ᠎ᠠ ᠶᠢ 2015 ᠤᠨ ᠤ  ᠰᠠᠭᠤᠷᠢᠨ ᠳᠡᠭᠡᠷ᠎ᠡ 40 ᠲᠦᠭᠦᠷᠢᠭ ᠨᠡᠮᠡᠭᠳᠡᠭᠦᠯᠵᠦ᠂ ᠬᠦᠮᠦᠨ ᠪᠦᠷᠢ ᠶᠢᠨ ᠬᠢ ᠶᠢ ᠵᠢᠯ ᠪᠦᠷᠢ 420 ᠲᠦᠭᠦᠷᠢᠭ  ᠪᠤᠯᠭᠠᠬᠤ ᠪᠠᠷ ᠲᠤᠭᠲᠠᠵᠠᠢ ᠭᠡᠪᠡ᠃    2016 ᠤᠨ ᠤ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠲᠠᠭᠠᠳᠬᠠᠯ ᠤᠨ  ᠠᠵᠢᠯ ᠢ ᠰᠠᠶᠢᠲᠤᠷ ᠬᠢᠬᠦ ᠲᠤᠬᠠᠢ ᠬᠦᠮᠦᠨ ᠤ ᠬᠦᠴᠦᠨ ᠤ ᠡᠬᠢ ᠪᠠᠶᠠᠯᠢᠭ ᠪᠤᠯᠤᠨ ᠨᠡᠶᠢᠭᠡᠮ ᠤᠨ ᠪᠠᠲᠤᠯᠠᠪᠤᠷᠢ ᠶᠢᠨ  ᠬᠡᠯᠲᠡᠰ᠂ ᠡᠳ᠋ ᠤᠨ ᠵᠠᠰᠠᠭ ᠤᠨ ᠬᠡᠯᠲᠡᠰ ᠤᠨ ᠮᠡᠳᠡᠭᠳᠡᠯ ᠳᠤ᠂ ᠲᠦᠪ ᠤᠨ ᠡᠳ᠋ ᠤᠨ ᠵᠠᠰᠠᠭ 120 ᠲᠦᠭᠦᠷᠢᠭ ᠤᠨ  ᠦᠨᠳᠦᠰᠦᠨ ᠲᠤᠭᠠᠨ ᠤ ᠬᠡᠰᠡᠭ ᠲᠤ ᠤᠤᠯ ᠤᠨ ᠬᠠᠷᠢᠴᠠᠯ ᠢᠶᠠᠷ ᠨᠦᠬᠦᠪᠤᠷᠢ ᠦᠭᠴᠤ᠂ ᠨᠡᠮᠡᠭᠳᠡᠭᠰᠡᠨ 300  ᠲᠦᠭᠦᠷᠢᠭ ᠲᠤ ᠪᠠᠷᠠᠭᠤᠨ ᠤᠷᠤᠨ 80%᠂ ᠳᠤᠮᠳᠠ ᠤᠷᠤᠨ 60% ᠶᠢᠨ ᠬᠠᠷᠢᠴᠠᠯ ᠢᠶᠠᠷ ᠨᠦᠬᠦᠪᠤᠷᠢ ᠦᠭᠴᠤ᠂  ᠵᠡᠭᠦᠨ ᠤᠷᠤᠨ ᠤ ᠡᠯ᠎ᠡ ᠮᠤᠵᠢ  ᠳᠤ ᠲᠤᠰᠪᠤᠷᠢ ᠵᠤᠬᠢᠬᠤ ᠬᠠᠷᠢᠴᠠᠯ ᠢᠶᠠᠷ ᠨᠦᠬᠦᠪᠤᠷᠢ ᠦᠭᠭᠦᠨ᠎ᠡ᠃ ᠰᠠᠭᠤᠭᠠᠯᠢ  ᠠᠷᠠᠳ ᠤᠨ ᠬᠤᠪᠢ ᠪᠠᠷ ᠢᠶᠠᠨ ᠲᠤᠰᠢᠶᠠᠬᠤ ᠵᠠᠷᠤᠳᠠᠯ ᠢ 2015 ᠤᠨ ᠤ ᠬᠦᠮᠦᠨ ᠲᠤᠮᠳᠠᠴᠢ 120  ᠲᠦᠭᠦᠷᠢᠭ ᠠᠴᠠ ᠲᠤᠲᠠᠭᠤ ᠦᠭᠡᠢ ᠪᠠᠶᠢᠬᠰᠠᠨ ᠰᠠᠭᠤᠷᠢᠨ ᠳᠡᠭᠡᠷ᠎ᠡ 30 ᠲᠦᠭᠦᠷᠢᠭ ᠨᠡᠮᠡᠭᠳᠡᠭᠦᠯᠵᠦ᠂ ᠬᠦᠮᠦᠨ  ᠲᠤᠮᠳᠠᠴᠢ ᠶᠢᠨ ᠬᠢ ᠶᠢ 150 ᠲᠦᠭᠦᠷᠢᠭ ᠠᠴᠠ ᠲᠤᠲᠠᠭᠤ ᠦᠭᠡᠢ ᠪᠤᠯᠭᠠᠨ᠎ᠠ ᠭᠡᠵᠠᠢ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号