ᠠᠶᠢᠮᠠᠭ ᠤᠨ ᠨᠠᠮ  ᠤᠨ ᠬᠤᠷᠢᠶᠠᠨ ᠤ ᠲᠡᠳ᠋ ᠱᠥᠵᠢ᠂ᠠᠶᠢᠮᠠᠭ  ᠤᠨ ᠳᠠᠷᠤᠭ᠎ᠠ᠄ ᠹᠦ᠋ ᠸᠠᠨ ᠬᠤᠢ
ᠨᠡᠶᠢᠲᠡᠯᠡᠭᠰᠡᠨ ᠴᠠᠭ᠄
2016/6/28
ᠲᠤᠪᠴᠢ ᠨᠠᠮᠲᠠᠷ  ᠹᠦ᠋ ᠸᠠᠨ ᠬᠤᠢ᠂ ᠡᠷᠡᠭᠲᠡᠢ᠂ ᠮᠤᠩᠭᠤᠯ ᠦᠨᠳᠤᠰᠤᠲᠡᠨ᠂ 1960 ᠤᠨ ᠤ 2 ᠳ᠋ᠤᠭᠠᠷ ᠰᠠᠷ᠎ᠠ ᠳᠤ ᠦᠪᠦᠷ ᠮᠤᠩᠭᠤᠯ ᠤᠨ ᠪᠤᠭᠤᠳᠤ ᠬᠤᠳᠠ ᠳᠤ ᠲᠦᠷᠦᠪᠡ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠳᠠᠷ ᠲᠠᠢ᠃    1976 ᠤᠨ ᠤ 11 ᠳ᠋ᠤᠭᠡᠷ ᠰᠠᠷ᠎ᠠ ᠳᠤ ᠠᠵᠢᠯᠯᠠᠵᠤ᠂ 1986 ᠤᠨ ᠤ 6 ᠳ᠋ᠤᠭᠠᠷ ᠰᠠᠷ᠎ᠠ ᠳᠤ ᠲᠤᠮᠳᠠᠳᠤ ᠤᠯᠤᠰ ᠤᠨ ᠡᠪ ᠬᠠᠮᠳᠤ ᠨᠠᠮ ᠳᠤ ᠡᠯᠰᠡᠭᠳᠠᠵᠠᠢ᠃    1976.11 — 1990. 03 ᠪᠤᠭᠤᠳᠤ ᠬᠤᠳᠠ ᠶᠢᠨ ᠲᠤᠳᠤᠭᠠᠳᠤ ᠶᠢ ᠬᠠᠮᠠᠭᠠᠯᠠᠬᠤ ᠲᠤᠪᠴᠢᠶᠠᠨ ᠳᠤ ᠠᠵᠢᠯᠯᠠᠵᠤ᠂ ᠤᠷᠢᠳ ᠬᠤᠵᠢᠳ ᠠᠷᠠᠳ ᠤᠨ ᠴᠠᠭᠳᠠᠭ᠎ᠠ᠂ ᠠᠵᠢᠯᠳᠠᠨ᠂ ᠳᠡᠳ᠋ ᠰᠠᠯᠠᠭᠠᠨ ᠲᠠᠷᠤᠭ᠎ᠠ ᠪᠠᠶᠢᠪᠠ︔    1990.03 — 1991.03 ᠪᠤᠭᠤᠳᠤ ᠬᠤᠳᠠ ᠶᠢᠨ ᠨᠠᠮ ᠤᠨ ᠬᠤᠷᠢᠶᠠᠨ ᠤ ᠰᠤᠩᠭᠤᠨ ᠲᠤᠮᠢᠯᠠᠯᠲᠠ ᠪᠠᠷ ᠬᠦᠨᠳᠡᠯᠡᠨ ᠲᠤᠭᠤᠷᠢᠭ ᠤᠨ ᠪᠠᠢ ᠶᠦᠨ ᠵᠠᠮ ᠤᠨ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠲᠤᠰᠢᠶᠠᠯ ᠡᠬᠦᠷᠭᠡᠯᠡᠵᠤ᠂ ᠨᠠᠮ ᠤᠨ ᠬᠤᠷᠢᠶᠠᠨ ᠤ ᠳᠡᠳ᠋ ᠱᠦᠵᠢ ᠪᠠᠷ ᠲᠤᠮᠢᠯᠠᠭᠳᠠᠭᠰᠠᠨ ᠮᠦᠷᠲᠡᠭᠡᠨ ᠶᠡᠷᠦᠩᠭᠡᠶᠢᠯᠡᠨ ᠵᠠᠰᠠᠬᠤ ᠠᠯᠪᠠᠨ ᠭᠡᠷ ᠤᠨ ᠡᠷᠬᠢᠯᠡᠭᠴᠢ ᠶᠢ ᠬᠠᠪᠰᠤᠷᠭᠠᠨ ᠬᠠᠷᠢᠭᠤᠴᠠᠵᠠᠢ︔    1991.03 — 1994.05 ᠪᠤᠭᠤᠳᠤ ᠬᠤᠳᠠ ᠶᠢᠨ ᠬᠦᠨᠳᠡᠯᠡᠨ ᠲᠤᠭᠤᠷᠢᠭ ᠤᠨ ᠨᠠᠮ ᠤᠨ ᠬᠤᠷᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠵᠦᠪᠯᠡᠯ ᠤᠨ ᠳᠡᠳ᠋ ᠱᠦᠵᠢ᠂ ᠲᠤᠰ ᠲᠤᠭᠤᠷᠢᠭ ᠤᠨ ᠶᠡᠷᠦᠩᠭᠡᠶᠢᠯᠡᠨ ᠵᠠᠰᠠᠬᠤ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠬᠠᠷᠢᠭᠤᠴᠠᠵᠠᠢ︔    1994.05 — 1995.09 ᠪᠤᠭᠤᠳᠤ ᠬᠤᠳᠠ ᠶᠢᠨ ᠬᠤᠳᠠ ᠶᠢᠨ ᠲᠡᠬᠦᠷᠭᠡ ᠶᠢᠨ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠬᠦᠨ᠂ ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ ᠤ ᠱᠦᠵᠢ︔    1995.09 — 1999.02 ᠪᠤᠭᠤᠳᠤ ᠬᠤᠳᠠ ᠶᠢᠨ ᠬᠤᠳᠠ ᠶᠢᠨ ᠲᠡᠭᠦᠷᠭᠡ ᠶᠢᠨ ᠲᠤᠭᠤᠷᠢᠭ ᠤᠨ ᠵᠠᠰᠠᠭ ᠤᠨ ᠤᠷᠳᠤᠨ ᠤ ᠳᠡᠳ᠋ ᠲᠠᠷᠤᠭ᠎ᠠ︔    1999.02 — 2001.04 ᠪᠤᠭᠤᠳᠤ ᠬᠤᠳᠠ ᠶᠢᠨ ᠪᠦᠲᠦᠭᠡᠨ ᠪᠠᠶᠢᠭᠤᠯᠤᠯᠲᠠ ᠶᠢᠨ ᠲᠤᠪᠴᠢᠶ᠎ᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠬᠦᠨ᠂ ᠳᠡᠳ᠋ ᠲᠤᠪᠴᠢᠶᠠᠨ ᠲᠠᠷᠤᠭ᠎ᠠ︔    2001.04 — 2003.08 ᠪᠤᠭᠤᠳᠤ ᠬᠤᠳᠠ ᠶᠢᠨ ᠬᠤᠳᠠ ᠶᠢᠨ ᠰᠠᠭᠤᠷᠢ ᠲᠦᠬᠦᠭᠡᠷᠦᠮᠵᠢ ᠶᠢᠨ ᠨᠡᠭᠡᠭᠡᠨ ᠬᠦᠭᠵᠢᠬᠦᠯᠦᠯᠲᠡ ᠶᠢᠨ ᠺᠤᠮᠫᠠᠨᠢ ᠶᠢᠨ ᠳᠡᠳ᠋ ᠭᠡᠷᠡᠭ ᠮᠡᠳᠡᠭᠴᠢᠳ ᠤᠨ ᠲᠠᠷᠤᠭ᠎ᠠ᠂ ᠶᠠᠷᠦᠩᠭᠡᠢ ᠲᠡᠭᠠᠭᠠᠮᠠᠯ᠂ ᠬᠤᠳᠠ ᠶᠢᠨ ᠰᠢᠳᠠᠮᠠᠬᠠᠢ ᠭᠡᠢ ᠶᠢᠨ ᠶᠡᠷᠦᠩᠭᠡᠢ ᠺᠤᠮᠫᠠᠨᠢ ᠶᠢᠨ ᠨᠠᠮ ᠤᠨ ᠬᠤᠷᠢᠶᠠᠨ ᠤ ᠱᠦᠵᠢ᠂ ᠲᠠᠭᠠᠭᠠᠮᠠᠯ︔    2003.08 — 2004.12 ᠤᠷᠳᠤᠰ ᠬᠤᠳᠠ ᠶᠢᠨ ᠳ᠋ᠦᠩᠱᠧᠩ ᠤᠨ ᠬᠢᠶ᠎ᠠ ᠪᠠᠭᠰᠢ ᠰᠢᠨ᠎ᠠ ᠲᠤᠭᠤᠷᠢᠭ ︵ᠴᠢᠩ ᠴᠦᠨ ᠱᠠᠨ ᠨᠡᠭᠡᠭᠡᠨ ᠬᠦᠭᠵᠢᠬᠦᠯᠦᠯᠲᠡ ᠶᠢᠨ ᠲᠤᠭᠤᠷᠢᠭ︶ ᠤᠨ ᠨᠠᠮ ᠤᠨ ᠠᠵᠢᠯ ᠤᠨ ᠵᠦᠪᠯᠡᠯ ᠤᠨ ᠳᠡᠳ᠋ ᠱᠦᠵᠢ᠂ ᠬᠠᠮᠢᠶᠠᠷᠤᠯᠳᠠ ᠶᠢᠨ ᠵᠦᠪᠯᠡᠯ ᠤᠨ ᠡᠷᠬᠢᠯᠡᠭᠴᠢ︔    2004.12 — 2006.10 ᠤᠷᠳᠤᠰ ᠬᠤᠳᠠ ᠶᠢᠨ ᠬᠤᠳᠠ ᠶᠢᠨ ᠲᠠᠷᠤᠭ᠎ᠠ ᠶᠢᠨ ᠲᠤᠰᠠᠯᠠᠭᠴᠢ᠂ ᠳ᠋ᠦᠩᠱᠧᠩ ᠤᠨ ᠬᠢᠶ᠎ᠠ ᠪᠠᠭᠰᠢ ᠰᠢᠨ᠎ᠠ ᠲᠤᠭᠤᠷᠢᠭ ᠤᠨ ᠨᠠᠮ ᠤᠨ ᠠᠵᠢᠯ ᠤᠨ ᠵᠦᠪᠯᠡᠯ ᠤᠨ ᠳᠡᠳ᠋ ᠱᠦᠵᠢ᠂ ᠬᠠᠮᠢᠶᠠᠷᠤᠯᠳᠠ ᠶᠢᠨ ᠵᠦᠪᠯᠡᠯ ᠤᠨ ᠡᠷᠬᠢᠯᠡᠭᠴᠢ︔    2006.10 — 2006.11 ᠤᠷᠳᠤᠰ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠬᠦᠨ᠂ ᠳ᠋ᠦᠩᠱᠧᠩ ᠤᠨ ᠬᠢᠶ᠎ᠠ ᠪᠠᠭᠰᠢ ᠰᠢᠨ᠎ᠠ ᠲᠤᠭᠤᠷᠢᠭ ᠤᠨ ᠨᠠᠮ ᠤᠨ ᠠᠵᠢᠯ ᠤᠨ ᠵᠦᠪᠯᠡᠯ ᠤᠨ ᠳᠡᠳ᠋ ᠱᠦᠵᠢ᠂ ᠬᠠᠮᠢᠶᠠᠷᠤᠯᠳᠠ ᠶᠢᠨ ᠵᠦᠪᠯᠡᠯ ᠤᠨ ᠡᠷᠬᠢᠯᠡᠭᠴᠢ︔    2006.11 — 2007.12 ᠤᠷᠳᠤᠰ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠬᠦᠨ᠂ ᠳ᠋ᠦᠩᠱᠧᠩ ᠤᠨ ᠬᠢᠶ᠎ᠠ ᠪᠠᠭᠰᠢ ᠰᠢᠨ᠎ᠠ ᠲᠤᠭᠤᠷᠢᠭ ᠤᠨ ᠨᠠᠮ ᠤᠨ ᠠᠵᠢᠯ ᠤᠨ ᠵᠦᠪᠯᠡᠯ ᠤᠨ ᠱᠦᠵᠢ᠂ ᠬᠠᠮᠢᠶᠠᠷᠤᠯᠳᠠ ᠶᠢᠨ ᠵᠦᠪᠯᠡᠯ ᠤᠨ ᠡᠷᠬᠢᠯᠡᠭᠴᠢ︔    2007.12 — 2011.08 ᠤᠷᠳᠤᠰ ᠬᠤᠳᠠ ᠶᠢᠨ ᠳᠡᠳ᠋ ᠲᠠᠷᠤᠭ᠎ᠠ︔    2011.08 — 2012.03 ᠤᠷᠳᠤᠰ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠬᠦᠨ᠂ ᠬᠤᠳᠠ ᠶᠢᠨ ᠳᠡᠳ᠋ ᠲᠠᠷᠤᠭ᠎ᠠ︔    2012.03 — 2014.08 ᠤᠷᠳᠤᠰ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠬᠦᠨ᠂ ᠬᠤᠳᠠ ᠶᠢᠨ ᠪᠠᠶᠢᠩᠭᠤ ᠶᠢᠨ ᠳᠡᠳ᠋ ᠲᠠᠷᠤᠭ᠎ᠠ︔    2014.08 — 2015.04 ᠰᠢᠯᠢ ᠶᠢᠨ ᠭᠤᠤᠯ ᠠᠶᠢᠮᠠᠭ ᠤᠨ ᠨᠠᠮ ᠤᠨ ᠬᠤᠷᠢᠶᠠᠨ ᠤ ᠭᠡᠰᠢᠬᠦᠨ᠂ ᠠᠶᠢᠮᠠᠭ ᠤᠨ ᠪᠠᠶᠢᠩᠭᠤ ᠶᠢᠨ ᠳᠡᠳ᠋ ᠲᠠᠷᠤᠭ᠎ᠠ︔    2015.04 — ᠰᠢᠯᠢ ᠶᠢᠨ ᠭᠤᠤᠯ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠲᠠᠷᠤᠭ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号