ᠠᠶᠢᠮᠠᠭ ᠤᠨ ᠨᠠᠮ ᠤᠨ ᠬᠤᠷᠢᠶᠠᠨ ᠤ ᠰᠤᠷᠤᠯᠴᠠᠬᠤ ᠭᠤᠤᠯ ᠳᠤᠭᠤᠶᠢᠯᠠᠩ 2016 ᠤᠨ ᠤ 12 ᠳ᠋ᠤᠭᠠᠷ  ᠤᠳᠠᠭ᠎ᠠ ᠲᠥᠪᠯᠡᠷᠡᠩᠭᠦᠢ ᠰᠤᠷᠤᠯᠴᠠᠪᠠ  —  ᠨᠠᠮ ᠤᠨ ᠲᠥᠪ ᠬᠤᠷᠢᠶᠠᠨ ᠤ ᠲᠥᠷᠥ ᠶᠢᠨ ᠪᠤᠳᠤᠯᠭ᠎ᠠ  ᠰᠤᠳᠤᠯᠬᠤ ᠳᠠᠰᠤᠭ ᠤᠨ ᠠᠵᠦ ᠠᠬᠤᠢ ᠶᠢᠨ ᠳᠤᠪᠴᠢᠶᠠᠨ ᠤ ᠳᠠᠷᠤᠭ᠎ᠠ ᠹᠧᠩ ᠬᠠᠢ ᠹᠠ ᠶᠢ ᠤᠷᠢᠵᠦ  ᠳᠤᠰᠬᠠᠢ ᠰᠡᠳᠤᠪᠲᠤ ᠵᠢᠯᠤᠭᠤᠳᠤᠮᠵᠢ ᠲᠠᠶᠢᠯᠤᠮᠵᠢ ᠬᠢᠯᠭᠡᠪᠡ ᠯᠥᠸᠧ ᠬᠤ᠋ ᠽᠠᠢ ᠬᠤᠷᠠᠯ ᠡᠷᠭᠢᠯᠡᠪᠡ
ᠨᠡᠶᠢᠲᠡᠯᠡᠭᠰᠡᠨ ᠴᠠᠭ᠄
2016/6/30
   6 ᠳ᠋ᠤᠭᠠᠷ ᠰᠠᠷ᠎ᠠ ᠶᠢᠨ 25᠎ ᠤ ᠡᠳᠦᠷ᠂ ᠠᠶᠢᠮᠠᠭ ᠤᠨ ᠨᠠᠮ ᠤᠨ  ᠬᠤᠷᠢᠶᠠᠨ ᠤ ᠰᠤᠷᠤᠯᠴᠠᠬᠤ ᠭᠤᠤᠯ ᠲᠤᠭᠤᠢᠢᠯᠠᠩ 2016 ᠤᠨ ᠤ 12 ᠳ᠋ᠤᠭᠠᠷ ᠤᠳᠠᠭᠠᠨ ᠤ ᠲᠦᠪᠯᠡᠷᠡᠩᠭᠦᠢ  ᠰᠤᠷᠤᠯᠴᠠᠯᠭ᠎ᠠ ᠡᠷᠬᠢᠯᠡᠵᠦ᠂ ᠲᠤᠰᠬᠠᠢ ᠰᠡᠳᠦᠪᠳᠦ ᠵᠢᠯᠤᠭᠤᠳᠤᠮᠵᠢ ᠲᠠᠶᠢᠯᠤᠮᠵᠢ ᠪᠠᠷ ᠲᠠᠮᠵᠢᠭᠤᠯᠦᠨ᠂ ᠪᠦᠭᠦ  ᠠᠶᠢᠮᠠᠭ ᠤᠨ ᠡᠯ ᠎ᠠ ᠱᠠᠳᠤᠨ ᠤ ᠤᠳᠤᠷᠢᠳᠬᠤ ᠺᠠᠳ᠋ᠷ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢᠭᠢ ᠨᠠᠮ ᠤᠨ  ᠲᠦᠪ ᠬᠤᠷᠢᠶᠠᠨ ᠤ ᠤᠯᠤᠰ ᠢ ᠵᠠᠰᠬᠠᠤ ᠴᠢᠬᠤᠯᠠ ᠤᠨᠤᠯ ᠤᠳ ᠤᠨ ᠰᠤᠷᠤᠯᠴᠠᠯᠭ᠎ᠠ ᠤᠢᠢᠯᠠᠭᠠᠯᠳᠠ ᠪᠠᠨ  ᠭᠦᠨᠵᠡᠭᠡᠶᠢᠷᠡᠭᠦᠯᠵᠦ᠂ ᠤᠨᠴᠠᠭᠠᠢᠢᠯᠠᠨ ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠪᠠᠶᠢᠯᠳᠤᠬᠤ ᠪᠤᠳᠤᠯᠭ᠎ᠠ ᠶᠢᠨ  ᠬᠠᠷᠠᠯᠳᠠ᠂ ᠴᠢᠬᠤᠯᠠ ᠶᠡᠭᠡ ᠲᠦᠷᠦ ᠶᠢᠨ ᠪᠤᠳᠤᠯᠭ᠎ᠠ᠂ ᠴᠢᠬᠤᠯᠠ ᠠᠷᠭ᠎ᠠ ᠪᠠᠷᠢᠯ ᠢ ᠤᠢᠢᠯᠠᠭᠠᠵᠦ ᠡᠵᠡᠮᠰᠢᠭᠦ ᠶᠢ  ᠵᠢᠯᠤᠭᠤᠳᠴᠦ᠂ ︽ᠬᠤᠶᠠᠷ ᠢ ᠰᠤᠷᠤᠯᠴᠠᠵᠦ ᠬᠢᠷᠢ ᠲᠡᠩᠴᠡᠭᠰᠡᠨ ᠨᠠᠮ ᠤᠨ ᠭᠡᠰᠢᠭᠦᠨ ᠪᠤᠯᠬᠤ︾ ᠰᠤᠷᠤᠯᠴᠠᠯᠭ᠎ᠠ  ᠭᠦᠮᠦᠵᠢᠯ ᠤᠨ ᠠᠵᠢᠯ ᠢ ᠦᠷᠭᠦᠯᠵᠢᠯᠡᠨ ᠭᠦᠨᠵᠡᠭᠡᠢ ᠦᠷᠨᠢᠭᠦᠯᠭᠦ ᠶᠢ ᠠᠬᠢᠭᠤᠯᠪᠠ᠃        ᠠᠶᠢᠮᠠᠭ ᠤᠨ ᠨᠠᠮ ᠤᠨ ᠬᠤᠷᠢᠶᠠᠨ ᠤ ᠱᠦᠵᠢ ᠯᠦᠸᠧ ᠬᠤ᠋ ᠽᠠᠢ ᠬᠤᠷᠠᠯ ᠡᠷᠬᠢᠯᠡᠪᠡ᠃        ᠰᠤᠷᠤᠯᠴᠠᠯᠭ᠎ᠠ ᠳᠤ ᠨᠠᠮ ᠤᠨ ᠲᠦᠪ ᠬᠤᠷᠢᠶᠠᠨ ᠤ ᠲᠦᠷᠦ ᠶᠢᠨ ᠪᠤᠳᠤᠯᠭ᠎ᠠ ᠰᠤᠳᠤᠯᠬᠤ ᠲᠠᠰᠤᠭ ᠤᠨ ᠠᠵᠦ  ᠠᠬᠤᠢ ᠶᠢᠨ ᠲᠤᠪᠴᠢᠶᠠᠨ ᠤ ᠲᠠᠷᠤᠭ᠎ᠠ ᠹᠸᠡᠭ ᠬᠠᠢ ᠹᠠ ᠶᠢ ᠤᠷᠢᠵᠦ ︽ᠠᠷᠪᠠᠨ ᠭᠤᠷᠪᠠᠳᠤᠭᠠᠷ ᠲᠠᠪᠤᠨ ᠵᠢᠯ ᠤᠨ  ᠭᠦᠭᠵᠢᠯᠳᠡ ᠶᠢᠨ ᠭᠡᠳᠦᠨ ᠴᠢᠬᠤᠯᠠ ᠠᠰᠠᠭᠤᠳᠠᠯ︾ ᠭᠡᠭᠦ ᠲᠤᠰᠬᠠᠢ ᠰᠡᠳᠦᠪ ᠢᠶᠠᠷ ᠵᠢᠯᠤᠭᠤᠳᠤᠮᠵᠢ ᠲᠠᠶᠢᠯᠦᠮᠵᠢ  ᠬᠢᠯᠭᠡᠪᠡ᠃ ᠹᠸᠡᠭ ᠬᠠᠢ ᠹᠠ ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠲᠦᠯᠦᠪᠵᠢᠭᠦᠯᠭᠡ ᠶᠢᠨ ᠴᠠᠭ  ᠦᠶ᠎ᠠ ᠶᠢᠨ ᠤᠨᠴᠠᠯᠢᠭ᠂ ᠭᠦᠭᠵᠢᠯᠳᠡ ᠶᠢᠨ ᠴᠢᠬᠤᠯᠠ ᠶᠡᠭᠡ ᠠᠰᠠᠭᠤᠳᠠᠯ᠂ ᠭᠦᠭᠵᠢᠯᠳᠡ ᠶᠢᠨ ᠰᠢᠨ᠎ᠠ  ᠤᠢᠢᠯᠠᠭᠠᠭᠳᠠᠬᠤᠨ ᠤ ᠲᠤᠭᠤᠷᠢᠨ ᠳᠤ᠂ ᠠᠵᠦ ᠠᠬᠤᠢ ᠶᠢᠨ ᠭᠦᠭᠵᠢᠯᠳᠡ ᠶᠢᠨ ᠰᠢᠨ᠎ᠠ ᠪᠠᠶᠢᠳᠠᠯ᠂ ︽ᠲᠠᠪᠤᠨ ᠶᠡᠭᠡ  ᠭᠦᠭᠵᠢᠯᠳᠡ ᠶᠢᠨ ᠤᠢᠢᠯᠠᠭᠠᠭᠳᠠᠬᠤᠨ︾᠂ ᠬᠠᠨᠭ᠍ᠭᠠᠯᠭ᠎ᠠ ᠶᠢᠨ ᠲᠠᠯ᠎ᠠ‌‍ᠶᠢᠨ ᠪᠦᠳᠦᠴᠡ ᠶᠢᠨ ᠴᠢᠨᠠᠷᠳᠠᠢ  ᠦᠭᠡᠷᠡᠴᠢᠯᠡᠯᠳᠡ ᠶᠢ ᠠᠬᠢᠭᠤᠯᠬᠤ ᠵᠡᠷᠭᠡ ᠴᠢᠬᠤᠯᠠ ᠶᠡᠭᠡ ᠲᠦᠷᠦ ᠶᠢᠨ ᠪᠤᠳᠤᠯᠭ᠎ᠠ ᠶᠢᠨ ᠠᠰᠠᠭᠤᠳᠠᠯ ᠤᠨ ᠲᠠᠯ᠎ᠠ ᠪᠠᠷ  ᠨᠠᠷᠢᠨ ᠲᠠᠶᠢᠯᠪᠤᠷᠢᠯᠠᠪᠠ᠃        ᠯᠦᠸᠧ  ᠬᠤ᠋ ᠽᠠᠢ ᠵᠢᠭᠠᠬᠤ ᠳᠠᠭᠠᠨ᠂ ᠹᠸᠡᠭ ᠬᠠᠢ ᠹᠠ ᠨᠦᠭᠦᠷ ᠤᠨ ᠵᠢᠯᠤᠭᠤᠳᠤᠮᠵᠢ ᠲᠠᠶᠢᠯᠤᠮᠵᠢ ᠨᠢ ᠪᠢᠳᠡᠨ   ᠎ ᠤ ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠬᠤᠭᠤᠴᠠᠭᠠᠨ ᠳᠠᠬᠢ ᠡᠯ᠎ᠠ ᠵᠦᠢᠯ ᠤᠨ ᠠᠵᠢᠯ ᠢ ᠪᠦᠭᠦ ᠲᠠᠯ᠎ᠠ ᠪᠠᠷ  ᠰᠠᠶᠢᠳᠦᠷ ᠬᠢᠭᠦ ᠳᠤ ᠴᠢᠬᠤᠯᠠ ᠵᠢᠯᠤᠭᠤᠳᠬᠤ ᠠᠴᠢ ᠬᠤᠯᠪᠤᠭᠳᠠᠯ ᠲᠠᠢ ᠶᠤᠮ᠃ ᠪᠢᠳᠡ ᠡᠷᠭᠡᠪᠰᠢ ᠲᠠᠶᠢᠯᠦᠮᠵᠢ ᠶᠢᠨ  ᠠᠭᠤᠯᠭ᠎ᠠ ᠲᠠᠢ ᠤᠶᠠᠯᠳᠤᠭᠤᠯᠵᠦ᠂ ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠴᠢᠬᠤᠯᠡ ᠶᠡᠭᠡ ᠲᠦᠷᠦ ᠶᠢᠨ  ᠪᠤᠳᠤᠯᠭ᠎ᠠ ᠶᠢ ᠲᠠᠬᠢᠨ ᠳᠠᠪᠳᠠᠨ ᠰᠤᠷᠴᠦ᠂ ᠰᠡᠳᠬᠢᠵᠦ᠂ ᠡᠵᠡᠮᠰᠢᠵᠦ᠂ ᠨᠠᠮ ᠤᠨ ᠲᠦᠪ ᠬᠤᠷᠢᠶᠠᠨ ᠤ ᠤᠯᠤᠰ ᠢᠶᠠᠨ  ᠵᠠᠰᠠᠬᠤ ᠰᠢᠨ᠎ᠠ ᠤᠢᠢᠯᠠᠭᠠᠭᠳᠠᠬᠤᠨ᠂ ᠰᠢᠨ᠎ᠠ ᠦᠵᠡᠯ ᠰᠠᠨᠠᠭ᠎ᠠ᠂ ᠰᠢᠨ᠎ᠠ ᠠᠷᠭ᠎ᠠ ᠪᠠᠷᠢᠯ ᠢ ᠰᠠᠶᠢᠳᠦᠷ  ᠨᠠᠶᠢᠳᠠᠪᠤᠷᠢᠵᠢᠭᠤᠯᠵᠦ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠴᠢᠬᠤᠯᠠ ᠰᠢᠢᠳᠪᠦᠷᠢᠳᠦ  ᠪᠠᠶᠢᠷᠢᠯᠠᠭᠤᠯᠤᠯᠳᠠ ᠨᠤᠭᠤᠳ ᠢ ᠰᠠᠶᠢᠳᠦᠷ ᠨᠠᠶᠢᠳᠠᠪᠤᠷᠢᠵᠢᠭᠤᠯᠬᠤ ᠭᠡᠷᠡᠭᠳᠠᠢ ᠭᠡᠪᠡ᠃        ᠠᠶᠢᠮᠠᠭ ᠤᠨ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠤᠯ ᠲᠤᠭᠤᠢᠢᠯᠠᠩ ᠤᠨ ᠭᠡᠰᠢᠭᠦᠨ᠂ ᠠᠶᠢᠮᠠᠭ ᠤᠨ ᠠᠷᠠᠳ ᠤᠨ ᠲᠤᠮᠳᠠ ᠵᠡᠷᠭᠡ ᠶᠢᠨ ᠰᠢᠭᠦᠭᠦ ᠬᠤᠷᠢᠶᠠᠨ ᠤ ᠲᠠᠷᠤᠭ᠎ᠠ᠂ ᠠᠶᠢᠮᠠᠭ ᠤᠨ ᠪᠠᠶᠢᠴᠠᠭᠠᠬᠤ ᠬᠤᠪᠢᠶᠠᠷᠢ  ᠬᠤᠷᠢᠶᠠᠨ ᠤ ᠪᠠᠶᠢᠴᠠᠭᠠᠭᠴᠢ ᠲᠠᠷᠤᠭ᠎ᠠ᠂ ᠰᠢᠯᠢ ᠶᠢᠨ ᠭᠤᠤᠯ ᠠᠵᠢᠯ ᠮᠡᠷᠭᠡᠵᠢᠯ ᠤᠨ ᠲᠡᠭᠡᠳᠦ ᠰᠤᠷᠭᠠᠭᠤᠯᠢ ᠶᠢᠨ  ᠱᠦᠵᠢ᠂ ᠵᠠᠬᠢᠷᠦᠯ᠂ ᠠᠶᠢᠮᠠᠭ ᠤᠨ ᠤᠯᠤᠰ ᠤᠨ ᠠᠮᠤᠷ ᠢ ᠬᠠᠮᠠᠭᠠᠯᠠᠬᠤ ᠲᠤᠪᠴᠢᠶᠠᠨ ᠤ ᠲᠠᠷᠤᠭ᠎ᠠ︔ ᠠᠶᠢᠮᠠᠭ ᠤᠨ  ᠰᠠᠬᠢᠯᠭ᠎ᠠ ᠪᠠᠳᠦ ᠪᠠᠶᠢᠴᠠᠭᠠᠬᠤ ᠬᠤᠷᠢᠶᠠᠨ ᠤ ᠡᠯ᠎ᠠ ᠲᠡᠳ᠋ ᠱᠦᠵᠢ᠂ ᠠᠶᠢᠮᠠᠭ ᠤᠨ ᠨᠠᠮ ᠤᠨ ᠬᠤᠷᠢᠶᠠᠨ ᠤ ᠡᠯ᠎ᠠ ᠲᠡᠳ᠋  ᠨᠠᠷᠢᠨ ᠪᠢᠴᠢᠭ ᠤᠨ ᠲᠠᠷᠤᠭ᠎ᠠ ︵ᠡᠷᠬᠢᠯᠡᠭᠴᠢ︶᠂ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ ᠨᠢᠭᠡᠴᠡ ᠶᠢᠨ  ᠪᠠᠶᠢᠡᠭᠭᠤ ᠶᠢᠨ ᠲᠡᠳ᠋ ᠲᠤᠰᠢᠶᠠᠯᠳᠠᠳ︔ ᠠᠶᠢᠮᠠᠭ ᠤᠨ ᠡᠯ᠎ᠠ ᠭᠡᠯᠳᠡᠰ᠂ ᠵᠦᠪᠯᠡᠯ᠂ ᠠᠯᠪᠠᠨ ᠭᠡᠷ᠂ ᠲᠤᠪᠴᠢᠶ᠎ᠠ ᠪᠤᠯᠤᠨ ᠠᠷᠠᠳ ᠤᠨ ᠪᠦᠯᠭᠦᠮ᠂ ᠠᠵᠦ ᠠᠬᠤᠢᠢᠯᠠᠯ ᠠᠵᠢᠯ ᠦᠢᠯᠡᠰ ᠤᠨ ᠨᠢᠭᠡᠴᠡ ᠶᠢᠨ ᠭᠤᠤᠯ ᠬᠠᠷᠢᠭᠤᠴᠠᠯᠭᠠᠳᠠᠨ︔  ᠠᠶᠢᠮᠠᠭ ᠤᠨ ᠰᠢᠭᠦᠭᠦ ᠬᠤᠷᠢᠶ᠎ᠠ ᠪᠠᠶᠢᠴᠠᠭᠠᠬᠤ ᠬᠤᠪᠢᠶᠠᠷᠢ ᠬᠤᠷᠢᠶ᠎ᠠ᠂ ᠠᠵᠢᠯ ᠮᠡᠷᠭᠡᠵᠢᠯ ᠤᠨ ᠲᠡᠭᠡᠳᠦ ᠰᠤᠷᠭᠠᠭᠤᠯᠢ᠂  ᠰᠤᠨᠢᠨ ᠤ ᠬᠤᠷᠢᠶ᠎ᠠ᠂ ᠷᠠᠳᠢᠤ᠋ ᠲᠧᠯᠸᠢᠰ ᠬᠤᠷᠢᠶᠠᠨ ᠤ ᠤᠳᠤᠷᠢᠳᠬᠤ ᠪᠠᠭ ᠤᠨ ᠭᠡᠰᠢᠭᠦᠳ︔ ᠠᠶᠢᠮᠠᠭ ᠤᠨ ᠨᠠᠮ ᠤᠨ  ᠬᠤᠷᠢᠶᠠᠨ ᠤ ᠤᠬᠠᠭᠤᠯᠭ᠎ᠠ ᠳᠠᠶᠢᠯᠤᠮᠵᠢ ᠶᠢᠨ ᠪᠦᠯᠭᠦᠮ ᠤᠨ ᠭᠡᠰᠢᠭᠦᠳ᠂ ᠠᠶᠢᠮᠠᠭ ᠤᠨ ᠨᠠᠮ ᠤᠨ ᠬᠤᠷᠢᠶᠠᠨ ᠤ  ᠨᠠᠮ ᠤᠨ ᠰᠤᠷᠭᠠᠭᠤᠯᠢ ᠶᠢᠨ ᠤᠨᠤᠯ ᠤᠨ ᠭᠤᠤᠯᠯᠠᠬᠴᠢ ᠪᠠᠭᠰᠢ ᠭᠤᠤᠯ ᠬᠤᠷᠠᠯ ᠤᠨ ᠲᠠᠯᠠᠪᠠᠢ ᠳᠤ ᠰᠤᠷᠤᠯᠴᠠᠯᠭ᠎ᠠ ᠳᠤ  ᠤᠷᠤᠯᠴᠠᠪᠠ᠃ ᠡᠯ᠎ᠠ ᠬᠤᠰᠢᠭᠤ ᠰᠢᠶᠠᠨ ᠬᠤᠳᠠ ︵ᠤᠷᠤᠨ︶᠎ ᠶᠢᠨ ᠬᠠᠮᠢᠶ᠎ᠠ ᠪᠦᠭᠦᠢ ᠭᠦᠮᠦᠰ ᠬᠤᠪᠢᠶᠠᠷᠢ  ᠬᠤᠷᠠᠯ ᠤᠨ ᠲᠠᠯᠠᠪᠠᠢ ᠳᠤ ᠰᠤᠷᠤᠯᠴᠠᠯᠭ᠎ᠠ ᠳᠤ ᠤᠷᠤᠯᠴᠠᠪᠠ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号