6 ᠳ᠋ᠤᠭᠠᠷ ᠰᠠᠷ᠎ᠠ ᠶᠢᠨ 25 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠰᠤᠷᠤᠯᠴᠠᠬᠤ ᠭᠤᠤᠯ | ᠲᠤᠭᠤᠢᠢᠯᠠᠩ 2016 ᠤᠨ ᠤ 12 ᠳ᠋ᠤᠭᠠᠷ ᠤᠳᠠᠭᠠᠨ ᠤ ᠲᠦᠪᠯᠡᠷᠡᠩᠭᠦᠢ ᠰᠤᠷᠤᠯᠴᠠᠯᠭ᠎ᠠ ᠡᠷᠬᠢᠯᠡᠵᠦ᠂ ᠲᠤᠰᠬᠠᠢ | ᠰᠡᠳᠦᠪᠳᠦ ᠵᠢᠯᠤᠭᠤᠳᠤᠮᠵᠢ ᠲᠠᠶᠢᠯᠤᠮᠵᠢ ᠪᠠᠷ ᠲᠠᠮᠵᠢᠭᠤᠯᠦᠨ᠂ ᠪᠦᠭᠦ ᠠᠶᠢᠮᠠᠭ ᠤᠨ ᠡᠯ ᠠ ᠱᠠᠳᠤᠨ ᠤ ᠤᠳᠤᠷᠢᠳᠬᠤ | ᠺᠠᠳ᠋ᠷ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢᠭᠢ ᠨᠠᠮ ᠤᠨ ᠲᠦᠪ ᠬᠤᠷᠢᠶᠠᠨ ᠤ ᠤᠯᠤᠰ ᠢ ᠵᠠᠰᠬᠠᠤ | ᠴᠢᠬᠤᠯᠠ ᠤᠨᠤᠯ ᠤᠳ ᠤᠨ ᠰᠤᠷᠤᠯᠴᠠᠯᠭ᠎ᠠ ᠤᠢᠢᠯᠠᠭᠠᠯᠳᠠ ᠪᠠᠨ ᠭᠦᠨᠵᠡᠭᠡᠶᠢᠷᠡᠭᠦᠯᠵᠦ᠂ ᠤᠨᠴᠠᠭᠠᠢᠢᠯᠠᠨ ︽ᠠᠷᠪᠠᠨ | ᠭᠤᠷᠪᠠᠳᠤᠭᠠᠷ ᠲᠠᠪᠤᠨ ᠵᠢᠯ︾ ᠤᠨ ᠪᠠᠶᠢᠯᠳᠤᠬᠤ ᠪᠤᠳᠤᠯᠭ᠎ᠠ ᠶᠢᠨ ᠬᠠᠷᠠᠯᠳᠠ᠂ ᠴᠢᠬᠤᠯᠠ ᠶᠡᠭᠡ ᠲᠦᠷᠦ ᠶᠢᠨ | ᠪᠤᠳᠤᠯᠭ᠎ᠠ᠂ ᠴᠢᠬᠤᠯᠠ ᠠᠷᠭ᠎ᠠ ᠪᠠᠷᠢᠯ ᠢ ᠤᠢᠢᠯᠠᠭᠠᠵᠦ ᠡᠵᠡᠮᠰᠢᠭᠦ ᠶᠢ ᠵᠢᠯᠤᠭᠤᠳᠴᠦ᠂ ︽ᠬᠤᠶᠠᠷ ᠢ ᠰᠤᠷᠤᠯᠴᠠᠵᠦ | ᠬᠢᠷᠢ ᠲᠡᠩᠴᠡᠭᠰᠡᠨ ᠨᠠᠮ ᠤᠨ ᠭᠡᠰᠢᠭᠦᠨ ᠪᠤᠯᠬᠤ︾ ᠰᠤᠷᠤᠯᠴᠠᠯᠭ᠎ᠠ ᠭᠦᠮᠦᠵᠢᠯ ᠤᠨ ᠠᠵᠢᠯ ᠢ ᠦᠷᠭᠦᠯᠵᠢᠯᠡᠨ | ᠭᠦᠨᠵᠡᠭᠡᠢ ᠦᠷᠨᠢᠭᠦᠯᠭᠦ ᠶᠢ ᠠᠬᠢᠭᠤᠯᠪᠠ᠃ | ᠠᠶᠢᠮᠠᠭ ᠤᠨ ᠨᠠᠮ ᠤᠨ ᠬᠤᠷᠢᠶᠠᠨ ᠤ ᠱᠦᠵᠢ ᠯᠦᠸᠧ ᠬᠤ᠋ ᠽᠠᠢ ᠬᠤᠷᠠᠯ ᠡᠷᠬᠢᠯᠡᠪᠡ᠃ | ᠰᠤᠷᠤᠯᠴᠠᠯᠭ᠎ᠠ ᠳᠤ ᠨᠠᠮ ᠤᠨ ᠲᠦᠪ ᠬᠤᠷᠢᠶᠠᠨ ᠤ ᠲᠦᠷᠦ ᠶᠢᠨ ᠪᠤᠳᠤᠯᠭ᠎ᠠ ᠰᠤᠳᠤᠯᠬᠤ ᠲᠠᠰᠤᠭ ᠤᠨ ᠠᠵᠦ | ᠠᠬᠤᠢ ᠶᠢᠨ ᠲᠤᠪᠴᠢᠶᠠᠨ ᠤ ᠲᠠᠷᠤᠭ᠎ᠠ ᠹᠸᠡᠭ ᠬᠠᠢ ᠹᠠ ᠶᠢ ᠤᠷᠢᠵᠦ ︽ᠠᠷᠪᠠᠨ ᠭᠤᠷᠪᠠᠳᠤᠭᠠᠷ ᠲᠠᠪᠤᠨ ᠵᠢᠯ ᠤᠨ | ᠭᠦᠭᠵᠢᠯᠳᠡ ᠶᠢᠨ ᠭᠡᠳᠦᠨ ᠴᠢᠬᠤᠯᠠ ᠠᠰᠠᠭᠤᠳᠠᠯ︾ ᠭᠡᠭᠦ ᠲᠤᠰᠬᠠᠢ ᠰᠡᠳᠦᠪ ᠢᠶᠠᠷ ᠵᠢᠯᠤᠭᠤᠳᠤᠮᠵᠢ ᠲᠠᠶᠢᠯᠦᠮᠵᠢ | ᠬᠢᠯᠭᠡᠪᠡ᠃ ᠹᠸᠡᠭ ᠬᠠᠢ ᠹᠠ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠦᠯᠦᠪᠵᠢᠭᠦᠯᠭᠡ ᠶᠢᠨ ᠴᠠᠭ | ᠦᠶ᠎ᠠ ᠶᠢᠨ ᠤᠨᠴᠠᠯᠢᠭ᠂ ᠭᠦᠭᠵᠢᠯᠳᠡ ᠶᠢᠨ ᠴᠢᠬᠤᠯᠠ ᠶᠡᠭᠡ ᠠᠰᠠᠭᠤᠳᠠᠯ᠂ ᠭᠦᠭᠵᠢᠯᠳᠡ ᠶᠢᠨ ᠰᠢᠨ᠎ᠠ | ᠤᠢᠢᠯᠠᠭᠠᠭᠳᠠᠬᠤᠨ ᠤ ᠲᠤᠭᠤᠷᠢᠨ ᠳᠤ᠂ ᠠᠵᠦ ᠠᠬᠤᠢ ᠶᠢᠨ ᠭᠦᠭᠵᠢᠯᠳᠡ ᠶᠢᠨ ᠰᠢᠨ᠎ᠠ ᠪᠠᠶᠢᠳᠠᠯ᠂ ︽ᠲᠠᠪᠤᠨ ᠶᠡᠭᠡ | ᠭᠦᠭᠵᠢᠯᠳᠡ ᠶᠢᠨ ᠤᠢᠢᠯᠠᠭᠠᠭᠳᠠᠬᠤᠨ︾᠂ ᠬᠠᠨᠭ᠍ᠭᠠᠯᠭ᠎ᠠ ᠶᠢᠨ ᠲᠠᠯ᠎ᠠᠶᠢᠨ ᠪᠦᠳᠦᠴᠡ ᠶᠢᠨ ᠴᠢᠨᠠᠷᠳᠠᠢ | ᠦᠭᠡᠷᠡᠴᠢᠯᠡᠯᠳᠡ ᠶᠢ ᠠᠬᠢᠭᠤᠯᠬᠤ ᠵᠡᠷᠭᠡ ᠴᠢᠬᠤᠯᠠ ᠶᠡᠭᠡ ᠲᠦᠷᠦ ᠶᠢᠨ ᠪᠤᠳᠤᠯᠭ᠎ᠠ ᠶᠢᠨ ᠠᠰᠠᠭᠤᠳᠠᠯ ᠤᠨ ᠲᠠᠯ᠎ᠠ ᠪᠠᠷ | ᠨᠠᠷᠢᠨ ᠲᠠᠶᠢᠯᠪᠤᠷᠢᠯᠠᠪᠠ᠃ | ᠯᠦᠸᠧ ᠬᠤ᠋ ᠽᠠᠢ ᠵᠢᠭᠠᠬᠤ ᠳᠠᠭᠠᠨ᠂ ᠹᠸᠡᠭ ᠬᠠᠢ ᠹᠠ ᠨᠦᠭᠦᠷ ᠤᠨ ᠵᠢᠯᠤᠭᠤᠳᠤᠮᠵᠢ ᠲᠠᠶᠢᠯᠤᠮᠵᠢ ᠨᠢ ᠪᠢᠳᠡᠨ | ᠤ ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠠᠬᠢ ᠡᠯ᠎ᠠ ᠵᠦᠢᠯ ᠤᠨ ᠠᠵᠢᠯ ᠢ ᠪᠦᠭᠦ ᠲᠠᠯ᠎ᠠ ᠪᠠᠷ | ᠰᠠᠶᠢᠳᠦᠷ ᠬᠢᠭᠦ ᠳᠤ ᠴᠢᠬᠤᠯᠠ ᠵᠢᠯᠤᠭᠤᠳᠬᠤ ᠠᠴᠢ ᠬᠤᠯᠪᠤᠭᠳᠠᠯ ᠲᠠᠢ ᠶᠤᠮ᠃ ᠪᠢᠳᠡ ᠡᠷᠭᠡᠪᠰᠢ ᠲᠠᠶᠢᠯᠦᠮᠵᠢ ᠶᠢᠨ | ᠠᠭᠤᠯᠭ᠎ᠠ ᠲᠠᠢ ᠤᠶᠠᠯᠳᠤᠭᠤᠯᠵᠦ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠴᠢᠬᠤᠯᠡ ᠶᠡᠭᠡ ᠲᠦᠷᠦ ᠶᠢᠨ | ᠪᠤᠳᠤᠯᠭ᠎ᠠ ᠶᠢ ᠲᠠᠬᠢᠨ ᠳᠠᠪᠳᠠᠨ ᠰᠤᠷᠴᠦ᠂ ᠰᠡᠳᠬᠢᠵᠦ᠂ ᠡᠵᠡᠮᠰᠢᠵᠦ᠂ ᠨᠠᠮ ᠤᠨ ᠲᠦᠪ ᠬᠤᠷᠢᠶᠠᠨ ᠤ ᠤᠯᠤᠰ ᠢᠶᠠᠨ | ᠵᠠᠰᠠᠬᠤ ᠰᠢᠨ᠎ᠠ ᠤᠢᠢᠯᠠᠭᠠᠭᠳᠠᠬᠤᠨ᠂ ᠰᠢᠨ᠎ᠠ ᠦᠵᠡᠯ ᠰᠠᠨᠠᠭ᠎ᠠ᠂ ᠰᠢᠨ᠎ᠠ ᠠᠷᠭ᠎ᠠ ᠪᠠᠷᠢᠯ ᠢ ᠰᠠᠶᠢᠳᠦᠷ | ᠨᠠᠶᠢᠳᠠᠪᠤᠷᠢᠵᠢᠭᠤᠯᠵᠦ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠴᠢᠬᠤᠯᠠ ᠰᠢᠢᠳᠪᠦᠷᠢᠳᠦ | ᠪᠠᠶᠢᠷᠢᠯᠠᠭᠤᠯᠤᠯᠳᠠ ᠨᠤᠭᠤᠳ ᠢ ᠰᠠᠶᠢᠳᠦᠷ ᠨᠠᠶᠢᠳᠠᠪᠤᠷᠢᠵᠢᠭᠤᠯᠬᠤ ᠭᠡᠷᠡᠭᠳᠠᠢ ᠭᠡᠪᠡ᠃ | ᠠᠶᠢᠮᠠᠭ ᠤᠨ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠤᠯ ᠲᠤᠭᠤᠢᠢᠯᠠᠩ ᠤᠨ ᠭᠡᠰᠢᠭᠦᠨ᠂ ᠠᠶᠢᠮᠠᠭ ᠤᠨ | ᠠᠷᠠᠳ ᠤᠨ ᠲᠤᠮᠳᠠ ᠵᠡᠷᠭᠡ ᠶᠢᠨ ᠰᠢᠭᠦᠭᠦ ᠬᠤᠷᠢᠶᠠᠨ ᠤ ᠲᠠᠷᠤᠭ᠎ᠠ᠂ ᠠᠶᠢᠮᠠᠭ ᠤᠨ ᠪᠠᠶᠢᠴᠠᠭᠠᠬᠤ ᠬᠤᠪᠢᠶᠠᠷᠢ | ᠬᠤᠷᠢᠶᠠᠨ ᠤ ᠪᠠᠶᠢᠴᠠᠭᠠᠭᠴᠢ ᠲᠠᠷᠤᠭ᠎ᠠ᠂ ᠰᠢᠯᠢ ᠶᠢᠨ ᠭᠤᠤᠯ ᠠᠵᠢᠯ ᠮᠡᠷᠭᠡᠵᠢᠯ ᠤᠨ ᠲᠡᠭᠡᠳᠦ ᠰᠤᠷᠭᠠᠭᠤᠯᠢ ᠶᠢᠨ | ᠱᠦᠵᠢ᠂ ᠵᠠᠬᠢᠷᠦᠯ᠂ ᠠᠶᠢᠮᠠᠭ ᠤᠨ ᠤᠯᠤᠰ ᠤᠨ ᠠᠮᠤᠷ ᠢ ᠬᠠᠮᠠᠭᠠᠯᠠᠬᠤ ᠲᠤᠪᠴᠢᠶᠠᠨ ᠤ ᠲᠠᠷᠤᠭ᠎ᠠ︔ ᠠᠶᠢᠮᠠᠭ ᠤᠨ | ᠰᠠᠬᠢᠯᠭ᠎ᠠ ᠪᠠᠳᠦ ᠪᠠᠶᠢᠴᠠᠭᠠᠬᠤ ᠬᠤᠷᠢᠶᠠᠨ ᠤ ᠡᠯ᠎ᠠ ᠲᠡᠳ᠋ ᠱᠦᠵᠢ᠂ ᠠᠶᠢᠮᠠᠭ ᠤᠨ ᠨᠠᠮ ᠤᠨ ᠬᠤᠷᠢᠶᠠᠨ ᠤ ᠡᠯ᠎ᠠ ᠲᠡᠳ᠋ | ᠨᠠᠷᠢᠨ ᠪᠢᠴᠢᠭ ᠤᠨ ᠲᠠᠷᠤᠭ᠎ᠠ ︵ᠡᠷᠬᠢᠯᠡᠭᠴᠢ︶᠂ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ ᠨᠢᠭᠡᠴᠡ ᠶᠢᠨ | ᠪᠠᠶᠢᠡᠭᠭᠤ ᠶᠢᠨ ᠲᠡᠳ᠋ ᠲᠤᠰᠢᠶᠠᠯᠳᠠᠳ︔ ᠠᠶᠢᠮᠠᠭ ᠤᠨ ᠡᠯ᠎ᠠ ᠭᠡᠯᠳᠡᠰ᠂ ᠵᠦᠪᠯᠡᠯ᠂ ᠠᠯᠪᠠᠨ ᠭᠡᠷ᠂ ᠲᠤᠪᠴᠢᠶ᠎ᠠ ᠪᠤᠯᠤᠨ | ᠠᠷᠠᠳ ᠤᠨ ᠪᠦᠯᠭᠦᠮ᠂ ᠠᠵᠦ ᠠᠬᠤᠢᠢᠯᠠᠯ ᠠᠵᠢᠯ ᠦᠢᠯᠡᠰ ᠤᠨ ᠨᠢᠭᠡᠴᠡ ᠶᠢᠨ ᠭᠤᠤᠯ ᠬᠠᠷᠢᠭᠤᠴᠠᠯᠭᠠᠳᠠᠨ︔ | ᠠᠶᠢᠮᠠᠭ ᠤᠨ ᠰᠢᠭᠦᠭᠦ ᠬᠤᠷᠢᠶ᠎ᠠ ᠪᠠᠶᠢᠴᠠᠭᠠᠬᠤ ᠬᠤᠪᠢᠶᠠᠷᠢ ᠬᠤᠷᠢᠶ᠎ᠠ᠂ ᠠᠵᠢᠯ ᠮᠡᠷᠭᠡᠵᠢᠯ ᠤᠨ ᠲᠡᠭᠡᠳᠦ ᠰᠤᠷᠭᠠᠭᠤᠯᠢ᠂ | ᠰᠤᠨᠢᠨ ᠤ ᠬᠤᠷᠢᠶ᠎ᠠ᠂ ᠷᠠᠳᠢᠤ᠋ ᠲᠧᠯᠸᠢᠰ ᠬᠤᠷᠢᠶᠠᠨ ᠤ ᠤᠳᠤᠷᠢᠳᠬᠤ ᠪᠠᠭ ᠤᠨ ᠭᠡᠰᠢᠭᠦᠳ︔ ᠠᠶᠢᠮᠠᠭ ᠤᠨ ᠨᠠᠮ ᠤᠨ | ᠬᠤᠷᠢᠶᠠᠨ ᠤ ᠤᠬᠠᠭᠤᠯᠭ᠎ᠠ ᠳᠠᠶᠢᠯᠤᠮᠵᠢ ᠶᠢᠨ ᠪᠦᠯᠭᠦᠮ ᠤᠨ ᠭᠡᠰᠢᠭᠦᠳ᠂ ᠠᠶᠢᠮᠠᠭ ᠤᠨ ᠨᠠᠮ ᠤᠨ ᠬᠤᠷᠢᠶᠠᠨ ᠤ | ᠨᠠᠮ ᠤᠨ ᠰᠤᠷᠭᠠᠭᠤᠯᠢ ᠶᠢᠨ ᠤᠨᠤᠯ ᠤᠨ ᠭᠤᠤᠯᠯᠠᠬᠴᠢ ᠪᠠᠭᠰᠢ ᠭᠤᠤᠯ ᠬᠤᠷᠠᠯ ᠤᠨ ᠲᠠᠯᠠᠪᠠᠢ ᠳᠤ ᠰᠤᠷᠤᠯᠴᠠᠯᠭ᠎ᠠ ᠳᠤ | ᠤᠷᠤᠯᠴᠠᠪᠠ᠃ ᠡᠯ᠎ᠠ ᠬᠤᠰᠢᠭᠤ ᠰᠢᠶᠠᠨ ᠬᠤᠳᠠ ︵ᠤᠷᠤᠨ︶ ᠶᠢᠨ ᠬᠠᠮᠢᠶ᠎ᠠ ᠪᠦᠭᠦᠢ ᠭᠦᠮᠦᠰ ᠬᠤᠪᠢᠶᠠᠷᠢ | ᠬᠤᠷᠠᠯ ᠤᠨ ᠲᠠᠯᠠᠪᠠᠢ ᠳᠤ ᠰᠤᠷᠤᠯᠴᠠᠯᠭ᠎ᠠ ᠳᠤ ᠤᠷᠤᠯᠴᠠᠪᠠ᠃ |