ᠬᠠᠤᠯᠢ ᠶᠤᠰᠤᠭᠠᠷ ᠬᠠᠮᠠᠭᠠᠯᠠᠵᠦ ᠰᠢᠨᠵᠢᠯᠡᠬᠦ ᠤᠬᠠᠭᠠᠨᠴᠢ ᠪᠠᠷ ᠪᠦᠲᠦᠭᠡᠨ ᠪᠠᠶᠢᠭᠤᠯᠵᠦ ᠵᠦᠢ ᠵᠤᠬᠢᠰᠲᠠᠢ  ᠠᠰᠢᠭᠯᠠᠵᠦ ᠪᠤᠬᠢᠷᠳᠤᠯ ᠦᠭᠡᠢ ᠬᠥᠭᠵᠢᠭᠦᠯᠰᠦᠭᠡᠢ — ᠰᠢᠯᠢ ᠶᠢᠨ ᠭᠤᠤᠯ ᠠᠶᠢᠮᠠᠭ ᠤᠨ ᠠᠮᠢ ᠠᠬᠤᠢ ᠶᠢᠨ  ᠪᠤᠯᠪᠠᠰᠤᠨ ᠤ ᠪᠠᠶᠢᠭᠤᠯᠤᠯᠲᠠ ᠶᠢᠨ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠡᠬᠢᠯᠡᠪᠡ — ᠯᠥᠸᠧ  ᠬᠤ᠋ ᠽᠠᠢ  ᠹᠦ᠋ ᠸᠠᠨ ᠬᠤᠢ  ᠵᠸᠦ ᠹᠧᠩ ᠵᠧᠨ ᠨᠠᠷ ᠡᠬᠢᠯᠡᠯᠲᠡ ᠶᠢᠨ ᠶᠤᠰᠤᠯᠠᠯ ᠳᠤ ᠤᠷᠤᠯᠴᠠᠪᠠ
ᠨᠡᠶᠢᠲᠡᠯᠡᠭᠰᠡᠨ ᠴᠠᠭ᠄
2016/7/11
   ᠠᠶᠢᠮᠠᠭ ᠤᠨ ᠤᠲᠤᠷᠢᠲᠤᠯᠭ᠎ᠠ᠂ ᠥᠪᠡᠷᠲᠡᠭᠡᠨ ᠵᠠᠰᠬᠠᠤ ᠤᠷᠤᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠭᠢᠮ ᠤᠨ  ᠭᠤᠤᠯ ᠤᠲᠤᠷᠢᠲᠤᠯᠭ᠎ᠠ᠂ ᠮᠠᠯᠴᠢᠨ ᠲᠠᠷᠢᠶᠠᠴᠢᠨ᠂ ᠰᠤᠷᠤᠭᠴᠢ ᠵᠢᠴᠢ ᠠᠵᠤ ᠠᠬᠤᠢᠢᠯᠠᠯ ᠤᠨ ᠲᠥᠯᠥᠭᠡᠯᠡᠭᠴᠢᠳ  ᠬᠠᠮᠲᠤᠪᠠᠷ ︽ᠪᠤᠬᠢᠷᠲᠤᠯ ᠥᠭᠡᠢ ᠰᠢᠯᠢ ᠶᠢᠨ ᠭᠤᠤᠯ︾᠎ ᠤᠨ ᠠᠵᠢᠯᠯᠠᠭ᠎ᠠ ᠶᠢᠨ ᠡᠬᠢᠯᠡᠯᠲᠡ ᠶᠢᠨ ᠶᠤᠰᠤᠯᠠᠯ ᠢ  ᠬᠦᠢᠴᠡᠳᠭᠡᠪᠡ᠃      7 ᠳ᠋ᠤᠭᠠᠷ ᠰᠠᠷ᠎ᠠ ᠶᠢᠨ 5᠎ ᠤ ᠡᠲᠥᠷ᠂ ᠠᠶᠢᠮᠠᠭ ᠤᠨ ᠨᠠᠮ ᠤᠨ ᠬᠤᠷᠢᠶ᠎ᠠ  ᠂ ᠵᠠᠬᠢᠷᠭ᠎ᠠ ᠪᠤᠯᠤᠨ ᠥᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠭᠢᠮ ᠬᠠᠮᠲᠤᠷᠠᠨ  ᠭᠤᠤᠯᠯᠠᠨ ᠡᠷᠬᠢᠯᠡᠵᠥ᠂ ︽ᠬᠠᠤᠯᠢ ᠶᠤᠰᠤᠭᠠᠷ ᠬᠠᠮᠠᠭᠠᠯᠠᠵᠥ᠂ ᠰᠢᠨᠵᠢᠯᠡᠬᠦ ᠤᠬᠠᠭᠠᠨᠴᠢ ᠪᠠᠷ ᠪᠥᠲᠥᠭᠡᠨ ᠪᠠᠶᠢᠭᠤᠯᠵᠥ᠂  ᠵᠥᠢ ᠵᠤᠬᠢᠰᠲᠠᠢ ᠠᠰᠢᠭᠯᠠᠵᠥ᠂ ᠪᠤᠬᠢᠷᠲᠤᠯ ᠥᠭᠡᠢ ᠬᠥᠭᠵᠢᠬᠦᠯᠰᠥᠭᠡᠢ︾ ᠭᠡᠬᠦ ᠭᠤᠤᠯ ᠰᠡᠲᠤᠪᠲᠤ ᠰᠢᠯᠢ ᠶᠢᠨ ᠭᠤᠤᠯ  ᠠᠶᠢᠮᠠᠭ ᠤᠨ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠲᠠ ᠶᠢᠨ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ  ᠰᠢᠯᠢ ᠶᠢᠨ ᠠᠭᠤᠲᠠᠮ ᠲᠠᠯᠠᠪᠠᠢ ᠳᠤ ᠡᠬᠢᠯᠡᠪᠡ᠃    ᠠᠶᠢᠮᠠᠭ ᠤᠨ ᠨᠠᠮ ᠤᠨ ᠬᠤᠷᠢᠶᠠᠨ ᠤ ᠱᠥᠵᠢ ᠯᠥᠸᠧ ᠬᠤ᠋ ᠽᠠᠢ ᠡᠬᠢᠯᠡᠯᠲᠡ ᠶᠢᠨ ᠶᠤᠰᠤᠯᠠᠯ ᠳᠤ ᠤᠷᠤᠯᠴᠠᠵᠥ᠂  ᠠᠶᠢᠮᠠᠭ ᠤᠨ ᠨᠠᠮ ᠤᠨ ᠬᠤᠷᠢᠶᠠᠨ ᠤ ᠲᠡᠳ᠋ ᠱᠥᠵᠢ᠂ ᠠᠶᠢᠮᠠᠭ ᠤᠨ ᠲᠠᠷᠤᠭ᠎ᠠ ᠹᠥ᠋ ᠸᠠᠨ ᠬᠤᠢ ᠥᠭᠡ ᠶᠠᠷᠢᠵᠥ᠂  ᠥᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠭᠢᠮ ᠤᠨ ᠲᠡᠳ᠋ ᠲᠠᠷᠤᠭ᠎ᠠ ᠯᠢᠥ ᠶᠥᠡᠭ  ᡁᠢ ᠡᠬᠢᠯᠡᠯᠲᠡ ᠶᠢᠨ ᠶᠤᠰᠤᠯᠠᠯ ᠳᠤ ᠤᠷᠤᠯᠴᠠᠭᠰᠠᠨ ᠪᠥᠭᠡᠳ ᠶᠠᠷᠢᠶ᠎ᠠ ᠲᠠᠯᠪᠢᠵᠠᠢ᠃    ᠵᠸᠥ ᠹᠸᠡᠭ ᠵᠧᠨ᠂ ᠪᠤᠤ ᠯᠢ ᠯᠢᠩ᠂ ᠲᠠᠶᠢᠴᠢᠨ᠂ ᠬᠤᠤ ᠰᠢᠥ ᠴᠤᠸᠠᠨ᠂ ᠰᠢᠶ᠋ᠸ ᠸᠧᠢ ᠬᠤᠸᠠ᠂ ᠵᠠᠩ ᠵᠥᠡᠭ  ᠶᠤᠤ᠂ ᠲᠢᠶᠠᠨ ᠶᠥᠡᠭ᠂ ᠵᠸᠡᠭ ᠵᠢᠶᠠᠨ ᠬᠤᠨᠭ᠌ ᠵᠡᠷᠭᠡ ᠠᠶᠢᠮᠠᠭ ᠤᠨ ᠲᠥᠷᠪᠡᠨ ᠶᠡᠭᠡ ᠤᠲᠤᠷᠢᠳᠬᠤ ᠪᠠᠭ ᠤᠨ  ᠤᠲᠤᠷᠢᠲᠤᠯᠭ᠎ᠠ ᠡᠬᠢᠯᠡᠯᠲᠡ ᠶᠢᠨ ᠶᠤᠰᠤᠯᠠᠯ ᠳᠤ ᠤᠷᠤᠯᠴᠠᠪᠠ᠃ ᠠᠶᠢᠮᠠᠭ ᠤᠨ ᠨᠠᠮ ᠤᠨ ᠬᠤᠷᠢᠶᠠᠨ ᠤ ᠬᠡᠰᠢᠬᠦᠨ᠂  ᠠᠶᠢᠮᠠᠭ ᠤᠨ ᠪᠠᠶᠢᠡᠭᠭᠤ ᠶᠢᠨ ᠲᠡᠳ᠋ ᠲᠠᠷᠤᠭ᠎ᠠ ᠬᠤᠤ ᠰᠢᠥ ᠴᠤᠸᠠᠨ ᠡᠬᠢᠯᠡᠯᠲᠡ ᠶᠢᠨ ᠶᠤᠰᠤᠯᠠᠯ ᠢ ᠡᠷᠬᠢᠯᠡᠪᠡ᠃    ᠹᠥ᠋ ᠸᠠᠨ ᠬᠤᠢ ᠡᠬᠢᠯᠡᠯᠲᠡ ᠶᠢᠨ ᠶᠤᠰᠤᠯᠠᠯ ᠳᠡᠭᠡᠷ᠎ᠠ ᠶᠠᠷᠢᠬᠤ ᠳᠠᠭᠠᠨ᠂ ᠰᠢᠯᠢ ᠶᠢᠨ ᠭᠤᠤᠯ ᠤᠨ ᠲᠠᠯ᠎ᠠ ᠨᠤᠲᠤᠭ  ᠪᠤᠯ ᠡᠬᠡ ᠤᠯᠤᠰ ᠤᠨ ᠤᠮᠠᠷᠠᠲᠤ ᠬᠢᠯᠢ ᠶᠢᠨ ᠴᠢᠬᠤᠯᠠ ᠠᠮᠢ ᠠᠬᠤᠢ ᠶᠢᠨ ᠠᠮᠤᠷ ᠲᠥᠪᠰᠢᠨ ᠤ ᠬᠠᠯᠬᠠᠪᠴᠢ᠂  ᠪᠠᠰᠠᠴᠥ ᠪᠥᠬᠦ ᠠᠶᠢᠮᠠᠭ ᠤᠨ ᠥᠨᠲᠤᠰᠤᠲᠡᠨ ᠨᠦᠭᠦᠳ ᠤᠨ ᠠᠷᠠᠳ ᠲᠥᠮᠡᠨ ᠤ ᠤᠷᠤᠰᠢᠨ ᠠᠮᠢᠲᠤᠷᠠᠬᠤ ᠪᠤᠲᠠᠰ ᠤᠨ  ᠰᠠᠭᠤᠷᠢ ᠪᠤᠯᠤᠨ ᠤᠶᠤᠨ ᠰᠠᠨᠠᠭᠠᠨ ᠤ ᠭᠡᠷ ᠤᠷᠤᠨ ᠪᠤᠯᠤᠨ᠎ᠠ᠃ ᠪᠢᠲᠠ ︽ᠠᠮᠢ ᠠᠬᠤᠢ ᠶᠢ ᠲᠡᠷᠢᠬᠦᠨ ᠳᠤ ᠲᠠᠯᠪᠢᠵᠥ  ᠂ ᠪᠤᠬᠢᠷᠲᠤᠯ ᠥᠭᠡᠢ ᠬᠥᠭᠵᠢᠬᠦᠯᠬᠦ︾ ᠤᠢᠢᠯᠠᠭᠠᠭᠲᠠᠬᠤᠨ ᠢ ᠪᠤᠢ ᠪᠤᠯᠭᠠᠨ ᠤᠬᠠᠮᠰᠠᠷ ᠠᠴᠠ ᠪᠠᠨ ᠵᠢᠷᠤᠮᠯᠠᠵᠥ᠂ ᠠᠮᠢ  ᠠᠬᠤᠢ ᠶᠢᠨ ᠬᠠᠮᠠᠭᠠᠯᠠᠯᠲᠠ ᠶᠢᠨ ᠬᠤᠷᠢᠭ᠎ᠠ ᠱᠤᠭᠤᠮ ᠤᠨ ᠲᠥᠷᠢᠮ ᠪᠤᠯᠤᠨ ᠠᠮᠢ ᠠᠬᠤᠢ ᠶᠢᠨ ᠨᠥᠬᠦᠪᠤᠷᠢ  ᠱᠠᠩᠨᠠᠯ ᠤᠨ ᠲᠥᠷᠥ ᠶᠢᠨ ᠪᠤᠲᠤᠯᠭ᠎ᠠ ᠶᠢ ᠴᠢᠩᠭ᠎ᠠ ᠨᠠᠶᠢᠲᠠᠪᠤᠷᠢᠵᠢᠭᠤᠯᠵᠥ᠂ ᠨᠤᠲᠤᠭ ᠪᠡᠯᠴᠢᠭᠡᠷ ᠢ ᠵᠥᠢ ᠵᠤᠬᠢᠰᠲᠠᠢ  ᠠᠰᠢᠭᠯᠠᠬᠤ ᠶᠢᠨ ᠬᠠᠮᠲᠤ ᠰᠠᠶᠢᠲᠤᠷ ᠬᠠᠮᠠᠭᠠᠯᠠᠬᠤ ᠬᠡᠷᠡᠭᠲᠡᠢ᠃ ᠠᠮᠢ ᠠᠬᠤᠢ ᠶᠢᠨ ᠪᠤᠯᠪᠠᠰᠤᠨ ᠤ ᠲᠥᠷᠢᠮ ᠤᠨ  ᠪᠠᠶᠢᠭᠤᠯᠤᠯᠲᠠ ᠶᠢ ᠢᠲᠡᠪᠬᠢᠲᠡᠢ ᠬᠠᠶᠢᠨ ᠰᠥᠪᠡᠭᠴᠢᠯᠡᠵᠥ᠂ ᠨᠡᠶᠢᠭᠡᠮ ᠤᠨ ᠡᠯ᠎ᠠ ᠡᠲᠡᠭᠡᠳ ᠢ ᠤᠯᠠᠮ ᠨᠢᠭᠡ ᠠᠯᠬᠤᠮ  ᠲᠠᠶᠢᠴᠢᠯᠠᠵᠥ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠲᠠ ᠳᠤ ᠤᠷᠤᠯᠴᠠᠭᠤᠯᠵᠥ᠂ ᠠᠮᠢ ᠠᠬᠤᠢ ᠶᠢᠨ  ᠬᠠᠮᠠᠭᠠᠯᠠᠯᠲᠠ ᠪᠤᠯᠤᠨ ᠪᠥᠲᠥᠭᠡᠨ ᠪᠠᠶᠢᠭᠤᠯᠤᠯᠲᠠ ᠶᠢ ᠲᠥᠷᠢᠮᠵᠢᠬᠦᠯᠬᠦ ᠬᠡᠷᠡᠭᠲᠡᠢ ᠬᠡᠵᠥ ᠬᠡᠯᠡᠪᠡ᠃    ᠯᠥ ᠶᠥᠡᠭ ᡁᠢ ᠪᠥᠬᠦ ᠤᠷᠤᠨ ᠤ ᠲᠠᠯ᠎ᠠ ᠨᠤᠲᠤᠭ ᠤᠨ ᠠᠮᠢ ᠠᠬᠤᠢ ᠶᠢᠨ ᠬᠠᠮᠠᠭᠠᠯᠠᠯᠲᠠ ᠪᠠ ᠪᠥᠲᠥᠭᠡᠨ  ᠪᠠᠶᠢᠭᠤᠯᠤᠯᠲᠠ ᠶᠢᠨ ᠠᠵᠢᠯ ᠪᠤᠯᠤᠨ ᠥᠷ᠎ᠠ ᠪᠥᠲᠥᠭᠡᠯ ᠢ ᠲᠠᠨᠢᠯᠴᠠᠭᠤᠯᠤᠭᠰᠠᠨ ᠪᠥᠭᠡᠳ ᠠᠮᠢ ᠠᠬᠤᠢ ᠶᠢᠨ  ᠪᠤᠯᠪᠠᠰᠤᠨ ᠤ ᠪᠠᠶᠢᠭᠤᠯᠤᠯᠲᠠ ᠶᠢᠨ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠪᠠᠷ ᠲᠤᠬᠢᠶᠠᠯ ᠪᠤᠯᠭᠠᠵᠥ᠂ ︽ᠠᠮᠢ  ᠠᠬᠤᠢ ᠶᠢ ᠲᠡᠷᠢᠬᠦᠨ ᠳᠤ ᠲᠠᠯᠪᠢᠵᠥ᠂ ᠪᠤᠬᠢᠷᠲᠤᠯ ᠥᠭᠡᠢ ᠬᠥᠭᠵᠢᠬᠦᠯᠬᠦ︾ ᠤᠢᠢᠯᠠᠭᠠᠭᠲᠠᠬᠤᠨ ᠢ ᠶᠡᠬᠡᠪᠡᠷ  ᠤᠬᠠᠭᠤᠯᠵᠥ᠂ ︽ᠬᠠᠤᠯᠢ ᠶᠤᠰᠤᠭᠠᠷ ᠬᠠᠮᠠᠭᠠᠯᠠᠬᠤ᠂ ᠰᠢᠨᠵᠢᠯᠡᠬᠦ ᠤᠬᠠᠭᠠᠨᠴᠢ ᠪᠠᠷ ᠪᠥᠲᠥᠭᠡᠨ ᠪᠠᠶᠢᠭᠤᠯᠬᠤ᠂ ᠵᠥᠢ  ᠵᠤᠬᠢᠰᠲᠠᠢ ᠠᠰᠢᠭᠯᠠᠬᠤ᠂ ᠪᠤᠬᠢᠷᠲᠤᠯ ᠥᠭᠡᠢ ᠬᠥᠭᠵᠢᠬᠦᠯᠬᠦ︾᠎ ᠶᠢ ᠪᠠᠷᠢᠮᠲᠠᠯᠠᠵᠥ᠂ ᠲᠠᠯ ᠎ᠠ ᠨᠤᠲᠤᠭ ᠤᠨ ᠬᠠᠮᠠᠭᠠᠯᠠᠯᠲᠠ  ᠪᠠ ᠪᠥᠲᠥᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠬᠡᠷᠡᠭᠲᠡᠢ ᠬᠡᠵᠥ ᠴᠢᠬᠤᠯᠠᠴᠢᠯᠠᠪᠠ᠃    ᠡᠬᠢᠯᠡᠯᠲᠡ ᠶᠢᠨ ᠶᠤᠰᠤᠯᠠᠯ ᠲᠡᠭᠡᠷ᠎ᠠ᠂ ᠠᠶᠢᠮᠠᠭ ᠤᠨ ᠠᠮᠢ ᠠᠬᠤᠢ ᠶᠢᠨ ᠬᠠᠮᠠᠭᠠᠯᠠᠯᠲᠠ ᠪᠠ ᠪᠥᠲᠥᠭᠡᠨ  ᠪᠠᠶᠢᠭᠤᠯᠤᠯᠲᠠ ᠶᠢᠨ ᠤᠲᠤᠷᠢᠳᠬᠤ ᠲᠤᠭᠤᠢᠢᠯᠠᠩ ᠤᠨ ᠠᠯᠪᠠᠨ ᠭᠡᠷ ᠤᠨ ᠬᠠᠷᠢᠭᠤᠴᠠᠯᠭᠠᠲᠠᠨ ᠰᠠᠨᠠᠭᠠᠴᠢᠯᠠᠭ᠎ᠠ ᠶᠢᠨ  ᠪᠢᠴᠢᠭ ᠢ ᠤᠡᠭᠰᠢᠨ ᠨᠡᠶᠢᠲᠡᠯᠡᠵᠥ᠂ ᠨᠡᠶᠢᠭᠡᠮ ᠤᠨ ᠡᠯ᠎ᠠ ᠡᠲᠡᠭᠡᠳ ᠤᠨ ᠬᠢᠨ ᠢ ᠠᠮᠢ ᠠᠬᠤᠢ ᠶᠢᠨ ᠪᠤᠯᠪᠠᠰᠤᠨ ᠤ  ᠤᠢᠢᠯᠠᠭᠠᠭᠲᠠᠬᠤᠨ ᠢ ᠤᠬᠠᠭᠤᠯᠤᠨ ᠦᠢᠯᠡᠳᠦᠯᠭᠡᠵᠢᠭᠦᠯᠵᠦ᠂ ᠥᠵᠡᠰᠬᠦᠯᠡᠩᠲᠤ ᠰᠠᠶᠢᠬᠠᠨ ᠭᠡᠷ ᠤᠷᠤᠨ ᠢᠶᠠᠨ  ᠬᠠᠮᠲᠤᠪᠠᠷ ᠪᠥᠲᠥᠭᠡᠨ ᠪᠠᠶᠢᠭᠤᠯᠬᠤ ᠶᠢ ᠰᠠᠨᠠᠭᠠᠴᠢᠯᠠᠪᠠ᠃    ᠰᠢᠯᠢ ᠶᠢᠨ ᠬᠤᠲᠠ ᠶᠢᠨ ᠪᠤᠯᠠᠭᠠᠨ ᠰᠤᠮᠤ ᠠᠴᠠ ᠢᠷᠡᠭᠰᠡᠨ ᠮᠠᠯᠴᠢᠨ ᠲᠥᠯᠥᠭᠡᠯᠡᠭᠴᠢ ᠡᠬᠢᠯᠡᠯᠲᠡ ᠶᠢᠨ ᠶᠤᠰᠤᠯᠠᠯ  ᠲᠡᠭᠡᠷ᠎ᠠ ᠮᠠᠯᠴᠢᠳ ᠢᠶᠠᠨ ᠲᠥᠯᠥᠭᠡᠯᠡᠨ ᠥᠭᠡ ᠶᠠᠷᠢᠵᠥ᠂ ᠪᠤᠬᠢᠷᠲᠤᠯ ᠥᠭᠡᠢ ᠥᠢᠯᠡᠳᠪᠤᠷᠢᠯᠡᠯ ᠠᠮᠢᠲᠤᠷᠠᠯ ᠤᠨ ᠠᠷᠭ᠎ᠠ  ᠬᠡᠯᠪᠡᠷᠢ ᠶᠢ ᠲᠡᠯᠭᠡᠷᠡᠬᠦᠯᠵᠥ᠂ ᠲᠠᠯ᠎ᠠ ᠨᠤᠲᠤᠭ ᠤᠨ ᠠᠮᠢ ᠠᠬᠤᠢ ᠶᠢᠨ ᠬᠠᠮᠠᠭᠠᠯᠠᠯᠲᠠ ᠶᠢᠨ ᠡᠯ᠎ᠠ ᠵᠥᠢᠯ ᠤᠨ ᠠᠷᠭ᠎ᠠ  ᠬᠡᠮᠵᠢᠶ᠎ᠠ ᠶᠢ ᠰᠠᠶᠢᠲᠤᠷ ᠨᠠᠶᠢᠲᠠᠪᠤᠷᠢᠵᠢᠭᠤᠯᠵᠥ᠂ ᠪᠤᠲᠠᠲᠤ ᠥᠢᠯᠡ ᠠᠵᠢᠯᠯᠠᠭ᠎ᠠ ᠪᠠᠷ ᠢᠶᠠᠨ ᠨᠤᠲᠤᠭ ᠪᠡᠯᠴᠢᠭᠡᠷ ᠢᠶᠠᠨ  ᠰᠠᠶᠢᠲᠤᠷ ᠬᠠᠮᠠᠭᠠᠯᠠᠨ᠎ᠠ ᠬᠡᠪᠡ᠃    ᠡᠬᠢᠯᠡᠯᠲᠡ ᠶᠢᠨ ᠶᠤᠰᠤᠯᠠᠯ ᠤᠨ ᠲᠠᠷᠠᠭ᠎ᠠ᠂ ᠠᠶᠢᠮᠠᠭ ᠤᠨ ᠤᠲᠤᠷᠢᠲᠤᠯᠭ᠎ᠠ ᠪᠤᠯᠤᠨ ᠨᠡᠶᠢᠭᠡᠮ ᠤᠨ ᠡᠯ᠎ᠠ  ᠡᠲᠡᠭᠡᠳ ᠤᠨ ᠲᠥᠯᠥᠭᠡᠯᠡᠭᠴᠢ ᠠᠮᠢ ᠠᠬᠤᠢ ᠶᠢᠨ ᠬᠠᠮᠠᠭᠠᠯᠠᠯᠲᠠ ᠪᠠ ᠪᠥᠲᠥᠭᠡᠨ ᠪᠠᠶᠢᠭᠤᠯᠤᠯᠲᠠ ᠶᠢᠨ ᠥᠷ᠎ᠠ  ᠪᠥᠲᠥᠭᠡᠯ ᠤᠨ ᠲᠡᠯᠭᠡᠨ ᠥᠵᠡᠬᠦᠯᠥᠯᠭᠡ ᠶᠢ ᠰᠤᠨᠢᠷᠬᠠᠪᠠ᠃    ᠤᠢᠢᠯᠠᠭᠠᠭᠰᠠᠨ ᠢᠶᠠᠷ᠂ ᠰᠢᠯᠢ ᠶᠢᠨ ᠭᠤᠤᠯ ᠠᠶᠢᠮᠠᠭ ᠤᠨ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠲᠠ ᠶᠢᠨ  ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ 11᠎ ᠤ ᠡᠲᠥᠷ ᠪᠤᠯᠳᠠᠯ᠎ᠠ ᠶᠠᠪᠤᠬᠳᠠᠵᠦ᠂ ︽ᠪᠤᠬᠢᠷᠲᠤᠯ ᠥᠭᠡᠢ ᠠᠶᠠᠯᠠᠯ︾  ᠲᠤᠭᠤᠢ ᠲᠡᠷᠭᠡ ᠪᠠᠷ ᠬᠤᠲᠠ ᠲᠤᠭᠤᠷᠢᠵᠥ ᠤᠬᠠᠭᠤᠯᠬᠤ᠂ ︽ᠥᠵᠡᠰᠬᠦᠯᠡᠩᠲᠤ ᠰᠠᠶᠢᠬᠠᠨ ᠮᠢᠨᠥ ᠨᠤᠲᠤᠭ︾ ᠭᠡᠬᠦ  ᠭᠤᠤᠯ ᠰᠡᠲᠤᠪᠲᠤ ᠶᠠᠷᠢᠶ᠎ᠠ ᠢᠯᠡᠳᠭᠡᠯ ᠤᠨ ᠤᠷᠤᠯᠲᠤᠭᠠᠨ ᠪᠤᠯᠤᠨ ᠪᠠᠶᠢᠭᠤᠯᠭ᠎ᠠ᠂ ᠠᠵᠤ ᠠᠬᠤᠢᠢᠯᠠᠯ᠂ ᠮᠠᠯᠵᠢᠬᠤ  ᠲᠠᠷᠢᠶᠠᠯᠠᠬᠤ ᠤᠷᠤᠨ ᠳᠤ ᠬᠥᠷᠴᠥ ︽ᠵᠢᠷᠭᠤᠭ᠎ᠠ ᠶᠢ ᠬᠥᠷᠭᠡᠬᠦ︾ ᠠᠵᠢᠯᠯᠠᠭ᠎ᠠ ᠥᠷᠨᠢᠬᠦᠯᠵᠥ᠂ ᠠᠮᠢ ᠠᠬᠤᠢ ᠶᠢᠨ  ᠪᠤᠯᠪᠠᠰᠤᠨ ᠤ ᠪᠠᠶᠢᠭᠤᠯᠤᠯᠲᠠ᠂ ︽ᠠᠷᠪᠠ ᠶᠢ ᠪᠥᠷᠬᠦᠬᠦᠯᠬᠦ︾᠂ ᠶᠠᠲᠠᠭᠤ ᠶᠢ ᠲᠡᠳᠬᠦᠬᠦ ᠪᠤᠭᠤᠮᠲᠠ ᠰᠢᠪᠲᠤᠯᠬᠤ  ᠪᠤᠯᠤᠨ ︽ᠬᠤᠶᠠᠷ ᠢ ᠰᠤᠷᠤᠯᠴᠠᠵᠥ ᠬᠢᠷᠢ ᠲᠡᠩᠴᠡᠭᠰᠡᠨ ᠨᠠᠮ ᠤᠨ ᠬᠡᠰᠢᠬᠦᠨ ᠪᠤᠯᠬᠤ︾ ᠰᠤᠷᠤᠯᠴᠠᠯᠭ᠎ᠠ ᠬᠥᠮᠥᠵᠢᠯ  ᠵᠡᠷᠭᠡ ᠠᠵᠢᠯ ᠲᠠᠢ ᠤᠶᠠᠯᠲᠤᠭᠤᠯᠤᠨ ᠤᠯᠠᠨ ᠭᠡᠯᠪᠡᠷᠢ ᠶᠢᠨ ᠤᠬᠠᠭᠤᠯᠭ᠎ᠠ ᠦᠷᠨᠢᠭᠦᠯᠤᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号