︵2016 ᠤᠨ ᠤ 6 ᠳ᠋ᠤᠭᠠᠷ ᠰᠠᠷ᠎ᠠ ᠶᠢᠨ 8 ᠤ ᠡᠳᠦᠷ︶ ᠮᠠᠨ ᠤ ᠠᠶᠢᠮᠠᠭ ᠤᠨ ᠮᠠᠯ ᠠᠵᠤ ᠠᠬᠤᠢ ᠶᠢᠨ | ᠬᠥᠭᠵᠢᠯᠲᠡ ᠶᠢᠨ ᠲᠡᠥᠭᠡ ᠦᠨᠢ ᠤᠳᠠᠭᠠᠨ ᠪᠠᠶᠢᠵᠦ᠂ ᠤᠯᠤᠰ ᠠᠷᠠᠳ ᠤᠨ ᠠᠵᠤ ᠠᠬᠤᠢ ᠪᠤᠯᠤᠨ ᠨᠡᠶᠢᠭᠡᠮ ᠤᠨ | ᠬᠥᠭᠵᠢᠯᠲᠡ ᠶᠢᠨ ᠴᠢᠬᠤᠯᠠ ᠰᠠᠭᠤᠷᠢ ᠪᠤᠯᠤᠭᠰᠠᠭᠠᠷ ᠢᠷᠡᠵᠡᠢ᠃ ᠤᠢᠢᠷ᠎ᠠ ᠶᠢᠨ ᠵᠢᠯ ᠠᠴᠠ ᠨᠠᠰᠢ᠂ ᠪᠥᠬᠦ ᠠᠶᠢᠮᠠᠭ ᠤᠨ | ᠥᠨᠲᠤᠰᠤᠲᠡᠨ ᠨᠦᠭᠦᠳ ᠤᠨ ᠺᠠᠳ᠋ᠷ ᠤᠯᠠᠨ ᠲᠥᠮᠡᠨ ᠮᠠᠯ ᠠᠵᠤ ᠠᠬᠤᠢ ᠶᠢ ᠭᠥᠭᠵᠢᠬᠦᠯᠬᠦ ᠠᠷᠭ᠎ᠠ ᠬᠡᠯᠪᠡᠷᠢ ᠶᠢᠨ | ᠬᠤᠪᠢᠷᠠᠭᠤᠯᠤᠯᠲᠠ ᠶᠢ ᠢᠲᠡᠪᠬᠢᠲᠡᠢ ᠬᠠᠶᠢᠨ ᠰᠥᠪᠡᠭᠴᠢᠯᠡᠵᠥ᠂ ᠪᠡᠯᠡ ᠤᠷᠤᠭᠤᠯᠤᠯᠲᠠ ᠪᠠᠨ ᠲᠠᠰᠤᠷᠠᠯᠲᠠ ᠥᠭᠡᠢ | ᠨᠡᠮᠡᠭᠲᠡᠬᠦᠯᠵᠥ᠂ ᠮᠠᠯ ᠠᠵᠤ ᠠᠬᠤᠢ ᠶᠢᠨ ᠥᠢᠯᠡᠳᠪᠤᠷᠢᠯᠡᠯ ᠲᠤᠭᠲᠠᠭᠤᠨ ᠨᠡᠮᠡᠭᠲᠡᠯ ᠢᠶᠠᠨ ᠪᠠᠲᠤᠯᠠᠪᠠ᠃ 2015 ᠤᠨ ᠤ | ᠮᠠᠯᠵᠢᠯ ᠤᠨ ᠤᠨ ᠤ ᠪᠥᠷᠢᠳᠭᠡᠯ ᠢ ᠥᠨᠲᠤᠰᠤᠯᠡᠪᠡᠯ᠂ ᠪᠥᠬᠦ ᠠᠶᠢᠮᠠᠭ ᠤᠨ ᠮᠠᠯ ᠤᠨ ᠲᠤᠭ᠎ᠠ 1548 ᠲᠥᠮᠡ ᠬᠥᠷᠴᠥ᠂ | ᠡᠬᠦᠨ ᠳᠤ 1386 ᠲᠥᠮᠡᠡ ᠬᠤᠨᠢ᠂ 139 ᠲᠥᠮᠡᠡ ᠥᠭᠡᠷ ᠪᠠᠶᠢᠵᠥ᠂ ᠵᠢᠯ ᠳᠤ 800 ᠭᠠᠷᠤᠢ ᠲᠥᠮᠡᠨ ᠮᠠᠯ | ᠵᠠᠷᠤᠴᠠᠭᠤᠯᠵᠥ᠂ ᠤᠯᠠᠭᠠᠨ ᠢᠲᠡᠭᠡᠨ ᠤ ᠶᠡᠷᠥᠩᠭᠡᠢ ᠭᠠᠷᠤᠯᠲᠠ 266 ᠲᠥᠮᠡᠨ ᠲᠤᠨ ᠬᠥᠷᠴᠥ ᠂ ᠥᠪᠤᠷ ᠮᠤᠩᠭᠤᠯ ᠪᠤᠯᠤᠨ | ᠪᠥᠬᠦ ᠤᠯᠤᠰ ᠤᠨ ᠪᠤᠬᠢᠷᠲᠤᠯ ᠥᠭᠡᠢ ᠮᠠᠯ ᠤᠨ ᠠᠰᠢᠭ ᠰᠢᠮ᠎ᠠ ᠶᠢᠨ ᠪᠥᠲᠥᠭᠡᠭᠲᠡᠬᠦᠨ ᠥᠢᠯᠡᠳᠪᠤᠷᠢᠯᠡᠵᠥ ᠡᠳ᠋ᠰᠢᠬᠦᠯᠥᠨ | ᠪᠤᠯᠪᠠᠰᠤᠷᠠᠭᠤᠯᠵᠥ ᠭᠠᠷᠭᠠᠬᠤ ᠰᠠᠭᠤᠷᠢᠨ ᠪᠤᠯᠤᠭᠰᠠᠨ ᠪᠠᠶᠢᠨ᠎ᠠ᠃ | ᠠᠵᠤ ᠠᠬᠤᠢ ᠶᠢᠨ ᠬᠡᠯᠪᠡᠷᠢ ᠶᠢᠨ ᠬᠤᠪᠢᠷᠠᠭᠤᠯᠤᠯᠲᠠ᠂ ᠠᠵᠤ ᠥᠢᠯᠡᠰ ᠤᠨ ᠲᠡᠰ ᠲᠡᠪᠰᠢᠯᠲᠠ᠂ ᠰᠢᠨᠵᠢᠯᠡᠬᠦ ᠤᠬᠠᠭᠠᠨ | ᠮᠡᠷᠭᠡᠵᠢᠯ ᠤᠨ ᠲᠠᠪᠰᠢᠯᠲᠠ ᠪᠤᠯᠤᠨ ᠬᠡᠷᠡᠭᠯᠡᠭᠡᠨ ᠤ ᠱᠠᠭᠠᠷᠲᠠᠯᠭ᠎ᠠ ᠶᠢᠨ ᠬᠤᠪᠢᠷᠠᠯᠲᠠ ᠶᠢ ᠲᠠᠭᠠᠯᠲᠤᠨ᠂ ᠤᠯᠠᠮᠵᠢᠯᠠᠯᠲᠤ ᠮᠠᠯ | ᠠᠵᠤ ᠠᠬᠤᠢ ᠶᠠᠭ ᠬᠡᠪᠴᠢᠶᠡᠵᠢᠯᠲᠡ᠂ ᠪᠠᠷᠢᠮᠵᠢᠶᠠᠵᠢᠯᠲᠠ᠂ ᠠᠵᠤ ᠥᠢᠯᠡᠰᠵᠢᠯᠲᠡ᠂ ᠡᠬᠦᠯᠲᠡᠷ ᠰᠢᠯᠢᠲᠡᠭᠵᠢᠯᠲᠡ᠂ ᠨᠡᠷ᠎ᠠ | ᠲᠡᠮᠲᠡᠭᠵᠢᠯᠲᠡ ᠪᠠᠷ ᠭᠤᠤᠯ ᠤᠨᠴᠠᠯᠢᠭ ᠪᠤᠯᠭᠠᠭᠰᠠᠨ ᠤᠲᠤ ᠥᠶ᠎ᠠ ᠶᠢᠨ ᠮᠠᠯ ᠠᠵᠤ ᠠᠬᠤᠢ ᠶᠢᠨ ᠵᠠᠮ ᠢᠶᠠᠷ ᠵᠠᠮᠨᠠᠵᠦ ᠪᠤᠢ᠃ | ᠤᠲᠤᠬᠠᠨ᠂ ᠪᠥᠬᠦ ᠠᠶᠢᠮᠠᠭ ᠤᠨ ᠮᠠᠯ ᠠᠵᠤ ᠠᠬᠤᠢ ᠶᠢᠨ ᠬᠥᠭᠵᠢᠯᠲᠡ ᠳᠤ ᠠᠮᠢ ᠠᠬᠤᠢ ᠶᠢᠨ ᠬᠠᠮᠠᠭᠠᠯᠠᠯᠲᠠ ᠶᠢᠨ ᠡᠭᠦᠷᠭᠡ | ᠬᠥᠨᠲᠥ᠂ ᠤᠷᠴᠢᠨ ᠲᠤᠭᠤᠷᠢᠨ ᠤ ᠬᠢᠵᠠᠭᠠᠷᠯᠠᠯ ᠴᠢᠩᠭ᠎ᠠ᠂ ᠵᠠᠬ᠎ᠠ ᠲᠡᠯᠭᠡᠭᠦᠷ ᠤᠨ ᠥᠷᠢᠰᠥᠯᠲᠥᠭᠡᠨ ᠰᠢᠷᠥᠬᠦᠨ᠂ ᠮᠠᠯᠴᠢᠨ | ᠲᠠᠷᠢᠶᠠᠴᠢᠨ ᠤ ᠤᠷᠤᠯᠭ᠎ᠠ ᠶᠢᠨ ᠨᠡᠮᠡᠭᠲᠡᠯ ᠤᠲᠠᠭᠠᠨ ᠵᠡᠷᠭᠡ ᠤᠯᠠᠨ ᠲᠠᠯ᠎ᠠ ᠶᠢᠨ ᠰᠢᠯᠭᠠᠯᠳᠡ ᠲᠤᠯᠭᠠᠷᠠᠵᠥ ᠪᠠᠶᠢᠨ᠎ᠠ᠃ ᠰᠢᠨ᠎ᠠ | ᠬᠥᠭᠵᠢᠯᠲᠡ ᠶᠢᠨ ᠤᠢᠢᠯᠠᠭᠠᠭᠲᠠᠬᠤᠨ ᠢ ᠵᠢᠷᠤᠮᠯᠠᠵᠥ᠂ ᠮᠠᠯ ᠠᠵᠤ ᠠᠬᠤᠢ ᠶᠢᠨ ᠬᠠᠨᠭ᠍ᠭᠠᠯᠭ᠎ᠠ ᠶᠢᠨ ᠲᠠᠯ᠎ᠠ ᠶᠢᠨ ᠪᠥᠲᠥᠴᠡ ᠶᠢᠨ | ᠴᠢᠨᠠᠷᠲᠠᠢ ᠥᠭᠡᠷᠡᠴᠢᠯᠡᠯᠲᠡ ᠶᠢ ᠬᠥᠨᠵᠡᠭᠡᠶᠢᠷᠡᠬᠦᠯᠵᠥ᠂ ︽ᠬᠤᠨᠢ ᠶᠢ ᠴᠥᠭᠡᠴᠢᠯᠡᠵᠥ ᠥᠭᠡᠷ ᠢᠯᠡᠬᠦᠥ ᠮᠠᠯᠵᠢᠬᠤ︾ | ᠪᠠᠶᠢᠯᠲᠤᠬᠤ ᠪᠤᠲᠤᠯᠭ᠎ᠠ ᠶᠢ ᠬᠥᠴᠥᠲᠡᠢ ᠬᠡᠷᠡᠭᠵᠢᠬᠦᠯᠵᠥ᠂ ᠰᠢᠯᠢᠲᠡᠭ ᠡᠬᠦᠯᠲᠡᠷ ᠤᠨ ᠥᠭᠡᠷ ᠮᠠᠯᠵᠢᠬᠤ ᠠᠵᠤ ᠥᠢᠯᠡᠰ ᠢ | ᠲᠥᠷᠭᠡᠳᠭᠡᠨ ᠬᠥᠭᠵᠢᠬᠦᠯᠬᠦ ᠪᠤᠯ ᠮᠠᠨ ᠤ ᠠᠶᠢᠮᠠᠭ ᠲᠠᠬᠢᠨᠲᠠ ᠮᠠᠯ ᠠᠵᠤ ᠠᠬᠤᠢ ᠶᠢᠨ ᠬᠥᠭᠵᠢᠯᠲᠡ ᠶᠢᠨ ᠰᠢᠨ᠎ᠠ | ᠲᠠᠪᠠᠭᠤᠯᠢᠭ ᠢ ᠡᠬᠦᠳᠴᠥ᠂ ᠤᠯᠠᠮᠵᠢᠯᠠᠯᠲᠤ ᠮᠠᠯ ᠠᠵᠤ ᠠᠬᠤᠢ ᠠᠴᠠ ᠤᠲᠤ ᠥᠶ᠎ᠠ ᠶᠢᠨ ᠮᠠᠯ ᠠᠵᠤ ᠠᠬᠤᠢ ᠲᠡᠰᠢ | ᠬᠤᠪᠢᠷᠠᠬᠤ ᠶᠢ ᠠᠬᠢᠭᠤᠯᠵᠥ᠂ ᠨᠢᠭᠡᠲᠥᠭᠡᠷ ᠠᠵᠤ ᠥᠢᠯᠡᠰ ᠪᠠ ᠬᠤᠶᠠᠲᠤᠭᠠᠷ᠂ ᠭᠤᠷᠪᠠᠲᠤᠭᠠᠷ ᠠᠵᠤ ᠥᠢᠯᠡᠰ ᠤᠨ ᠨᠢᠭᠲᠠ | ᠤᠶᠠᠯᠲᠤᠯ ᠪᠤᠯᠤᠨ ᠵᠤᠬᠢᠴᠠᠩᠭᠤᠢ ᠬᠥᠭᠵᠢᠯᠲᠡ ᠶᠢ ᠠᠬᠢᠭᠤᠯᠵᠥ᠂ ᠪᠥᠬᠦ ᠠᠶᠢᠮᠠᠭ ᠤᠨ ᠲᠠᠪᠠᠭᠤᠯᠢᠭ ᠤᠨᠴᠠᠯᠢᠬᠲᠤ ᠤᠲᠤ | ᠥᠶ᠎ᠠ ᠶᠢᠨ ᠠᠵᠤ ᠥᠢᠯᠡᠰ ᠤᠨ ᠰᠢᠰᠲ᠋ᠧᠮ ᠢ ᠪᠠᠶᠢᠭᠤᠯᠬᠤ ᠴᠢᠬᠤᠯᠠ ᠠᠷᠭ᠎ᠠ ᠬᠡᠮᠵᠢᠶ᠎ᠠ ᠮᠥᠨ︔ ᠪᠠᠰᠠᠴᠥ ᠲᠠᠯ᠎ᠠ | ᠨᠤᠲᠤᠭ ᠤᠨ ᠠᠮᠢ ᠠᠬᠤᠢ ᠶᠢ ᠥᠷᠬᠦᠯᠵᠢᠯᠡᠨ ᠬᠠᠮᠠᠭᠠᠯᠠᠨ ᠠᠰᠢᠭᠯᠠᠬᠤ᠂ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ | ᠪᠡᠶᠡᠯᠡᠭᠦᠯᠭᠦ᠂ ᠠᠷᠠᠳ ᠢ ᠴᠢᠨᠡᠭᠡᠯᠢᠭᠵᠢᠬᠦᠯᠵᠥ ᠬᠢᠯᠢ ᠬᠢᠵᠠᠭᠠᠷ ᠢ ᠲᠤᠭᠲᠠᠪᠤᠷᠢᠵᠢᠭᠤᠯᠬᠤ ᠵᠠᠶᠢᠯᠠᠰᠢ ᠥᠭᠡᠢ ᠵᠠᠮ ᠪᠤᠯᠤᠨ | ᠪᠤᠲᠠᠲᠤ ᠰᠤᠩᠭᠤᠯᠲᠠ ᠮᠥᠨ᠃ ᠤᠲᠤ ᠥᠶ᠎ᠠ ᠶᠢᠨ ᠮᠠᠯ ᠠᠵᠤ ᠠᠬᠤᠢ ᠶᠢ ᠬᠥᠭᠵᠢᠬᠦᠯᠬᠦ ᠲᠤᠬᠠᠢ ᠲᠥᠪ ᠬᠤᠷᠢᠶ᠎ᠠ᠂ | ᠥᠪᠡᠷᠲᠡᠭᠡᠨ ᠵᠠᠰᠠᠬᠤ ᠤᠷᠤᠨ ᠤ ᠴᠢᠭᠯᠡᠯᠲᠡ ᠲᠥᠷᠥ ᠶᠢᠨ ᠪᠤᠲᠤᠯᠭ᠎ᠠ ᠪᠤᠯᠤᠨ ᠠᠶᠢᠮᠠᠭ ᠤᠨ ᠨᠠᠮ ᠤᠨ ᠬᠤᠷᠢᠶ᠎ᠠ᠂ | ᠵᠠᠬᠢᠷᠭ᠎ᠠ ᠶᠢᠨ ︽ᠮᠠᠯ ᠲᠠᠷᠢᠶᠠᠯᠠᠩ᠂ ᠮᠠᠯᠵᠢᠬᠤ ᠲᠠᠷᠢᠶᠠᠯᠠᠬᠤ ᠤᠷᠤᠨ᠂ ᠮᠠᠯᠴᠢᠨ ᠲᠠᠷᠢᠶᠠᠴᠢᠨ ᠤ ᠠᠵᠢᠯ ᠢ ᠤᠯᠠᠮ | ᠴᠢᠩᠭᠠᠳᠬᠠᠬᠤ ᠲᠤᠬᠠᠢ ᠬᠡᠷᠡᠭᠵᠢᠬᠦᠯᠬᠦ ᠰᠠᠨᠠᠯ︾ ︵ᠰᠢᠯᠢ ᠶᠢᠨ ᠭᠤᠤᠯ ᠠᠶᠢᠮᠠᠭ ᠤᠨ ᠨᠠᠮ ᠤᠨ ᠬᠤᠷᠢᠶ᠎ᠠ ᠠᠴᠠ | ᠲᠠᠷᠬᠠᠭᠠᠭᠰᠠᠨ ︹2015︺12 ᠲᠤᠭᠠᠲᠤ︶ ᠢ ᠥᠨᠲᠤᠰᠤᠯᠡᠨ᠂ ᠰᠢᠯᠢᠲᠡᠭ ᠡᠬᠦᠯᠲᠡᠷ ᠤᠨ ᠥᠭᠡᠷ ᠮᠠᠯᠵᠢᠬᠤ ᠠᠵᠤ | ᠥᠢᠯᠡᠰ ᠢ ᠬᠥᠭᠵᠢᠬᠦᠯᠬᠦ ᠲᠤᠬᠠᠢ ᠲᠤᠤᠷᠠᠬᠢ ᠮᠡᠲᠥ ᠲᠤᠭᠲᠠᠭᠠᠯ ᠭᠠᠷᠭᠠᠪᠠ᠃ | ᠨᠢᠭᠡ᠂ ᠰᠢᠯᠢᠲᠡᠭ ᠡᠬᠦᠯᠲᠡᠷ ᠤᠨ ᠥᠭᠡᠷ ᠮᠠᠯᠵᠢᠬᠤ ᠠᠵᠤ ᠥᠢᠯᠡᠰ ᠢ ᠬᠥᠭᠵᠢᠬᠦᠯᠬᠦ ᠶᠡᠷᠥᠩᠭᠡᠢ ᠱᠠᠭᠠᠷᠲᠠᠯᠭ᠎ᠠ | ︵ᠨᠢᠭᠡ︶ ᠶᠡᠷᠥᠩᠭᠡᠢ ᠰᠡᠳᠬᠢᠴᠡ | ᠨᠠᠮ ᠤᠨ ᠠᠷᠪᠠᠨ ᠨᠠᠢᠮᠠᠲᠤᠭᠠᠷ ᠶᠡᠭᠡ ᠬᠤᠷᠠᠯ ᠪᠤᠯᠤᠨ ᠠᠷᠪᠠᠨ ᠨᠠᠢᠮᠠᠲᠤᠭᠠᠷ ᠬᠤᠭᠤᠴᠠᠭᠠᠨ ᠤ ᠲᠥᠪ ᠬᠤᠷᠢᠶᠠᠨ ᠤ | ᠭᠤᠷᠪᠠᠲᠤᠭᠠᠷ᠂ ᠲᠥᠷᠪᠡᠲᠥᠭᠡᠷ᠂ ᠲᠠᠪᠤᠲᠤᠭᠠᠷ ᠪᠥᠬᠦᠲᠠ ᠬᠤᠷᠠᠯ ᠤᠨ ᠵᠤᠷᠢᠭ ᠰᠠᠨᠠᠭ᠎ᠠ ᠪᠠᠷ ᠵᠢᠯᠤᠭᠤᠲᠤᠯᠭ᠎ᠠ ᠪᠤᠯᠭᠠᠬᠤ ᠶᠢ | ᠪᠠᠷᠢᠮᠲᠠᠯᠠᠵᠥ᠂ ᠶᠡᠷᠥᠩᠭᠡᠢ ᠱᠥᠵᠢ ᠰᠢ ᠶᠢᠨ ᠫᠢᠡᠭ ᠤᠨ ᠴᠢᠬᠤᠯᠠ ᠶᠠᠷᠢᠶ᠎ᠠ ᠨᠤᠭᠤᠳ ᠪᠤᠯᠤᠨ ᠥᠪᠤᠷ ᠮᠤᠩᠭᠤᠯ ᠳᠤ ᠠᠵᠢᠯ | ᠪᠠᠶᠢᠴᠠᠭᠠᠭᠰᠠᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠬᠥᠨᠵᠡᠭᠡᠢ ᠨᠠᠶᠢᠲᠠᠪᠤᠷᠢᠵᠢᠭᠤᠯᠵᠥ᠂ ᠰᠢᠨ᠎ᠠ ᠶᠢ ᠡᠬᠦᠳᠬᠦ᠂ | ᠵᠤᠬᠢᠴᠠᠩᠭᠤᠢ᠂ ᠪᠤᠬᠢᠷᠲᠤᠯ ᠥᠭᠡᠢ᠂ ᠨᠡᠭᠡᠭᠡᠯᠲᠡᠲᠥ᠂ ᠬᠠᠮᠲᠤᠪᠠᠷ ᠡᠳ᠋ᠯᠡᠬᠦ ᠬᠥᠭᠵᠢᠯᠲᠡ ᠶᠢᠨ ᠤᠢᠢᠯᠠᠭᠠᠭᠲᠠᠬᠤᠨ ᠢ | ᠤᠬᠠᠮᠰᠠᠷ ᠠᠴᠠ ᠪᠠᠨ ᠵᠢᠷᠤᠮᠯᠠᠵᠥ᠂ ᠮᠠᠯ ᠠᠵᠤ ᠠᠬᠤᠢ ᠶᠢᠨ ᠬᠠᠨᠭ᠍ᠭᠠᠯᠭ᠎ᠠ ᠶᠢᠨ ᠲᠠᠯ᠎ᠠ ᠶᠢᠨ ᠪᠥᠲᠥᠴᠡ ᠶᠢᠨ ᠴᠢᠨᠠᠷᠲᠠᠢ | ᠥᠭᠡᠷᠡᠴᠢᠯᠡᠯᠲᠡ ᠶᠢ ᠬᠥᠨᠵᠡᠭᠡᠶᠢᠷᠡᠬᠦᠯᠵᠥ᠂ ︽ᠬᠤᠨᠢ ᠶᠢ ᠴᠥᠭᠡᠴᠢᠯᠡᠵᠥ ᠥᠭᠡᠷ ᠢᠯᠡᠬᠦᠥ ᠮᠠᠯᠵᠢᠬᠤ︾ ᠪᠠᠶᠢᠯᠲᠤᠬᠤ | ᠪᠤᠲᠤᠯᠭ᠎ᠠ ᠶᠢ ᠬᠡᠷᠡᠭᠵᠢᠬᠦᠯᠵᠥ᠂ ᠰᠢᠯᠢᠲᠡᠭ ᠡᠬᠦᠯᠲᠡᠷ ᠤᠨ ᠥᠭᠡᠷ ᠮᠠᠯᠵᠢᠬᠤ ᠠᠵᠤ ᠥᠢᠯᠡᠰ ᠢ ᠬᠥᠭᠵᠢᠬᠦᠯᠬᠦ ᠪᠠᠷ | ᠰᠢᠪᠲᠤᠯᠤᠯᠲᠠ ᠪᠤᠯᠭᠠᠵᠥ᠂ ᠰᠢᠯᠢᠲᠡᠭ ᠡᠬᠦᠯᠲᠡᠷ ᠤᠨ ᠥᠭᠡᠷ ᠦᠰᠭᠡᠨ ᠦᠷᠡᠵᠢᠭᠦᠯᠭᠦ ᠲᠤᠭᠳᠠᠯᠴᠠᠭ᠎ᠠ ᠪᠠᠶᠢᠭᠤᠯᠬᠤ ᠪᠠᠷ | ᠰᠠᠭᠤᠷᠢ ᠪᠤᠯᠭᠠᠵᠥ᠂ ᠠᠰᠢᠭ ᠲᠤᠰᠠ ᠶᠢᠨ ᠬᠤᠯᠪᠤᠭᠠᠲᠤ ᠲᠤᠭᠲᠠᠴᠠ ᠶᠢ ᠪᠠᠶᠢᠭᠤᠯᠤᠨ ᠪᠥᠷᠢᠨᠰᠢᠬᠦᠯᠬᠦ ᠪᠠᠷ ᠬᠤᠯᠪᠤᠭᠠᠰᠤ | ᠪᠤᠯᠭᠠᠵᠥ᠂ ︽ᠵᠠᠰᠠᠭ ᠤᠨ ᠤᠷᠲᠤᠨ ᠠᠴᠠ ᠵᠢᠯᠤᠭᠤᠳᠬᠤ᠂ ᠵᠠᠬ᠎ᠠ ᠲᠡᠯᠭᠡᠬᠦᠷᠴᠢᠯᠡᠨ ᠡᠵᠡᠩᠨᠡᠬᠦ᠂ ᠺᠤᠮᠫᠠᠨᠢ + ᠮᠠᠯᠵᠢᠬᠤ | ᠲᠠᠷᠢᠶᠠᠯᠠᠬᠤ ᠡᠷᠥᠭᠡ︾ ᠶᠢᠨ ᠬᠡᠯᠪᠡᠷᠢ ᠪᠠᠷ ᠰᠢᠯᠢᠲᠡᠭ ᠡᠬᠦᠯᠲᠡᠷ ᠤᠷᠤᠭᠤᠯᠬᠤ᠂ ᠪᠤᠶᠢᠵᠢᠭᠤᠯᠬᠤ᠂ ᠥᠷᠡᠵᠢᠬᠦᠯᠬᠦ᠂ ᠪᠤᠷᠲᠤᠨ | ᠳᠠᠷᠭᠤᠯᠠᠭᠤᠯᠬᠤ᠂ ᠡᠳ᠋ᠰᠢᠬᠦᠯᠥᠨ ᠪᠤᠯᠪᠠᠰᠤᠷᠠᠭᠤᠯᠬᠤ᠂ ᠪᠤᠷᠤᠯᠠᠭᠤᠯᠬᠤ ᠪᠥᠬᠦ ᠠᠵᠤ ᠥᠢᠯᠡᠰ ᠤᠨ ᠬᠡᠯᠬᠢᠶᠡᠰᠥ ᠠᠴᠠ | ᠡᠬᠢᠯᠡᠭᠡᠳ ᠬᠢᠵᠢᠭ ᠬᠡᠮ ᠢ ᠰᠡᠷᠭᠡᠶᠢᠯᠡᠨ ᠪᠠᠶᠢᠴᠠᠭᠠᠬᠤ᠂ ᠶᠠᠰᠤ ᠴᠢᠨᠠᠷ ᠢ ᠮᠥᠷᠲᠡᠨ ᠨᠡᠭᠡᠮᠵᠢᠯᠡᠬᠦ᠂ ᠥᠢᠯᠡᠳᠬᠦᠨ ᠰᠤᠲᠤᠯᠤᠨ | ᠨᠡᠭᠡᠭᠡᠬᠦ᠂ ᠨᠡᠷᠡᠲᠥ ᠲᠡᠮᠲᠡᠭ ᠡᠬᠦᠳᠬᠦ ᠵᠡᠷᠭᠡ ᠡᠯ᠎ᠠ ᠭᠤᠭᠴᠤᠭ᠎ᠠ ᠬᠥᠷᠲᠡᠯᠠ ᠨᠢᠭᠡ ᠴᠤᠭᠴᠠᠵᠢᠭᠤᠯᠤᠨ ᠡᠵᠡᠩᠨᠡᠨ᠎ᠠ᠃ | ᠲᠠᠭᠠᠭᠤᠯᠤᠭᠴᠢ ᠠᠵᠤ ᠠᠬᠤᠢᠢᠯᠠᠯ ᠢ ᠲᠠᠲᠠᠨ ᠤᠷᠤᠭᠤᠯᠬᠤ ᠪᠤᠶᠤ ᠪᠤᠶᠢᠵᠢᠭᠤᠯᠵᠥ᠂ ᠵᠢᠱᠢᠶ᠎ᠠ ᠥᠵᠡᠬᠦᠯᠤᠨ ᠲᠠᠭᠠᠭᠤᠯᠵᠥ᠂ | ᠲᠤᠰᠬᠠᠢᠢᠵᠢᠭᠤᠯᠤᠨ ᠮᠠᠯᠵᠢᠬᠤ᠂ ᠪᠠᠷᠢᠮᠵᠢᠶᠠᠵᠢᠭᠤᠯᠤᠨ ᠥᠢᠯᠡᠳᠪᠤᠷᠢᠯᠡᠬᠦ᠂ ᠠᠵᠤ ᠥᠢᠯᠡᠰᠵᠢᠬᠦᠯᠤᠨ ᠡᠵᠡᠩᠨᠡᠬᠦ᠂ | ᠥᠢᠯᠡᠴᠢᠯᠡᠭᠡ ᠶᠢ ᠨᠡᠶᠢᠭᠡᠮᠴᠢᠯᠡᠬᠦ ᠵᠢᠴᠢ ᠪᠤᠷᠤᠯᠠᠭᠤᠯᠭ᠎ᠠ ᠶᠢ ᠨᠡᠷᠡᠲᠥ ᠲᠡᠮᠲᠡᠭᠵᠢᠬᠦᠯᠬᠦ ᠶᠢ ᠪᠥᠬᠦ ᠲᠠᠯ᠎ᠠ ᠪᠠᠷ ᠠᠬᠢᠭᠤᠯᠵᠥ᠂ | ᠨᠢᠭᠡᠲᠥᠭᠡᠷ᠂ ᠬᠤᠶᠠᠲᠤᠭᠠᠷ᠂ ᠭᠤᠷᠪᠠᠲᠤᠭᠠᠷ ᠠᠵᠤ ᠥᠢᠯᠡᠰ ᠤᠨ ᠬᠥᠨᠵᠡᠭᠡᠢ ᠤᠶᠠᠯᠲᠤᠯ ᠪᠤᠯᠤᠨ ᠵᠤᠬᠢᠴᠠᠩᠭᠤᠢ | ᠬᠥᠭᠵᠢᠯᠲᠡ ᠶᠢ ᠠᠬᠢᠭᠤᠯᠵᠥ᠂ ᠪᠥᠬᠦ ᠠᠶᠢᠮᠠᠭ ᠤᠨ ᠲᠠᠯ᠎ᠠ ᠨᠤᠲᠤᠭ ᠤᠨ ᠮᠠᠯ ᠠᠵᠤ ᠠᠬᠤᠢ ᠶᠢᠨ ᠤᠲᠤᠬᠢᠴᠢᠯᠠᠯᠲᠠ ᠶᠢᠨ | ᠲᠥᠪᠰᠢᠨ ᠢ ᠪᠥᠬᠦ ᠲᠠᠯ ᠠ ᠪᠠᠷ ᠲᠡᠭᠡᠭᠰᠢᠯᠡᠬᠦᠯᠥᠨ᠎ᠠ᠃ | ︵ᠬᠤᠶᠠᠷ︶ ᠵᠢᠷᠤᠮᠯᠠᠬᠤ ᠵᠠᠷᠴᠢᠮ | — ᠠᠮᠢ ᠠᠬᠤᠢ ᠶᠢᠨ ᠬᠠᠮᠠᠭᠠᠯᠠᠯᠲᠠ ᠶᠢ ᠪᠠᠷᠢᠮᠲᠠᠯᠠᠵᠥ᠂ ᠪᠤᠬᠢᠷᠲᠤᠯ ᠥᠭᠡᠢ ᠬᠥᠭᠵᠢᠬᠦᠯᠥᠨ᠎ᠠ᠃ | ᠤᠬᠠᠮᠰᠠᠷ ᠠᠴᠠ ᠪᠠᠨ ᠰᠢᠨ᠎ᠠ ᠬᠥᠭᠵᠢᠯᠲᠡ ᠶᠢᠨ ᠤᠢᠢᠯᠠᠭᠠᠭᠲᠠᠬᠤᠨ ᠢ ᠵᠢᠷᠤᠮᠯᠠᠵᠥ᠂ ᠠᠮᠢ ᠠᠬᠤᠢ ᠶᠢ ᠬᠠᠮᠠᠭᠠᠯᠠᠬᠤ | ᠪᠠᠷᠢᠮᠵᠢᠶ᠎ᠠ ᠶᠢ ᠪᠠᠲᠤ ᠰᠠᠬᠢᠵᠥ᠂ ᠤᠲᠤ ᠥᠶ᠎ᠠ ᠶᠢᠨ ᠮᠠᠯ ᠠᠵᠤ ᠠᠬᠤᠢ ᠶᠢᠨ ᠬᠥᠭᠵᠢᠯᠲᠡ ᠪᠠ ᠲᠠᠯ᠎ᠠ ᠨᠤᠲᠤᠭ ᠤᠨ ᠠᠮᠢ | ᠠᠬᠤᠢ ᠶᠢᠨ ᠬᠠᠮᠠᠭᠠᠯᠠᠯᠲᠠ ᠶᠢᠨ ᠬᠠᠷᠢᠴᠠᠭ᠎ᠠ ᠶᠢ ᠵᠥᠪ ᠤᠨᠤᠪᠴᠢᠲᠠᠢ ᠰᠢᠢᠳᠪᠤᠷᠢᠯᠡᠵᠥ᠂ ᠨᠤᠲᠤᠭ ᠪᠡᠯᠴᠢᠭᠡᠷ ᠤᠨ ᠡᠬᠢ | ᠪᠠᠶᠠᠯᠢᠭ ᠢ ᠰᠢᠨᠵᠢᠯᠡᠬᠦ ᠤᠬᠠᠭᠠᠨᠴᠢ ᠵᠥᠢ ᠵᠤᠬᠢᠰᠲᠠᠢ ᠠᠰᠢᠭᠯᠠᠵᠥ᠂ ᠡᠬᠦᠯᠲᠡᠷ ᠰᠢᠯᠢᠲᠡᠭ᠂ ᠥᠢᠯᠡᠳᠬᠦᠨ ᠠᠮᠤᠷ ᠲᠥᠪᠰᠢᠨ | ᠂ ᠥᠷ᠎ᠠ ᠠᠰᠢᠭ ᠥᠨᠲᠤᠷ᠂ ᠡᠬᠢ ᠪᠠᠶᠠᠯᠢᠭ ᠲᠤ ᠠᠷᠪᠢᠲᠠᠢ᠂ ᠤᠷᠴᠢᠨ ᠲᠤᠭᠤᠷᠢᠨ ᠲᠠᠢ ᠵᠤᠬᠢᠴᠠᠭᠰᠠᠨ ᠤᠲᠤ ᠥᠶ᠎ᠠ ᠶᠢᠨ | ᠮᠠᠯ ᠠᠵᠤ ᠠᠬᠤᠢ ᠶᠢᠨ ᠬᠥᠭᠵᠢᠯᠲᠡ ᠶᠢᠨ ᠵᠠᠮ ᠢᠶᠠᠷ ᠵᠠᠮᠨᠠᠨ᠎ᠠ᠃ | — ᠵᠠᠰᠠᠭ ᠤᠨ ᠤᠷᠲᠤᠨ ᠵᠢᠯᠤᠭᠤᠳᠤᠨ ᠳᠠᠭᠠᠭᠤᠯᠵᠦ᠂ ᠵᠠᠬ᠎ᠠ ᠲᠡᠯᠭᠡᠭᠦᠷᠴᠢᠯᠡᠨ ᠡᠵᠡᠩᠨᠡᠨ᠎ᠠ᠃ ᠡᠬᠢ ᠪᠠᠶᠠᠯᠢᠭ ᠤᠨ | ᠲᠤᠬᠢᠷᠠᠭᠤᠯᠤᠯᠲᠠ ᠲᠤᠮᠲᠠᠬᠢ ᠵᠠᠬ᠎ᠠ ᠲᠡᠯᠭᠡᠭᠦᠷ ᠤᠨ ᠰᠢᠢᠳᠪᠤᠷᠢᠯᠡᠬᠦ ᠴᠢᠨᠠᠷᠲᠠᠢ ᠥᠢᠯᠡᠲᠥᠯ ᠢ ᠪᠠᠲᠠᠷᠠᠭᠤᠯᠵᠥ᠂ ᠵᠠᠰᠠᠭ ᠤᠨ | ᠤᠷᠲᠤᠨ ᠤ ᠵᠢᠯᠤᠭᠤᠳᠤᠨ ᠳᠠᠭᠠᠭᠤᠯᠬᠤ᠂ ᠥᠢᠯᠡᠴᠢᠯᠡᠭᠡ ᠪᠤᠯᠤᠨ ᠬᠢᠨᠠᠯᠲᠠ ᠬᠠᠮᠢᠶᠠᠷᠤᠯᠲᠠ ᠶᠢᠨ ᠥᠢᠯᠡᠲᠥᠯ ᠢ ᠨᠡᠩ | ᠰᠠᠶᠢᠲᠤᠷ ᠪᠠᠲᠠᠷᠠᠭᠤᠯᠵᠥ᠂ ︽ᠵᠠᠰᠠᠭ ᠤᠨ ᠤᠷᠲᠤᠨ ᠠᠴᠠ ᠵᠢᠯᠤᠭᠤᠳᠬᠤ᠂ ᠵᠠᠬ᠎ᠠ ᠲᠡᠯᠭᠡᠭᠦᠷᠴᠢᠯᠡᠨ ᠡᠵᠡᠩᠨᠡᠬᠦ᠂ ᠺᠤᠮᠫᠠᠨᠢ | + ᠮᠠᠯᠵᠢᠬᠤ ᠲᠠᠷᠢᠶᠠᠯᠠᠬᠤ ᠡᠷᠥᠭᠡ︾ ᠶᠢᠨ ᠬᠡᠯᠪᠡᠷᠢ ᠪᠠᠷ ᠠᠬᠢᠭᠤᠯᠤᠨ᠎ᠠ᠃ | — ᠮᠠᠯᠵᠢᠬᠤ ᠲᠠᠷᠢᠬᠤ ᠡᠳ᠋ᠰᠢᠬᠦᠯᠥᠨ ᠪᠤᠯᠪᠠᠰᠤᠷᠠᠭᠤᠯᠬᠤ ᠶᠢ ᠤᠶᠠᠯᠲᠤᠭᠤᠯᠵᠥ᠂ ᠠᠵᠤ ᠥᠢᠯᠡᠰ ᠢ ᠤᠶᠠᠯᠲᠤᠭᠤᠯᠤᠨ | ᠬᠥᠭᠵᠢᠬᠦᠯᠥᠨ᠎ᠠ᠃ ᠡᠬᠦᠯᠲᠡᠷ ᠪᠤᠶᠢᠵᠢᠭᠤᠯᠬᠤ᠂ ᠥᠰᠭᠡᠨ ᠥᠷᠡᠵᠢᠬᠦᠯᠬᠦ᠂ ᠪᠤᠷᠲᠤᠨ ᠲᠠᠷᠭᠤᠯᠠᠭᠤᠯᠬᠤ᠂ ᠡᠳ᠋ᠰᠢᠬᠦᠯᠥᠨ | ᠪᠤᠯᠪᠠᠰᠤᠷᠠᠭᠤᠯᠬᠤ᠂ ᠪᠤᠷᠤᠯᠠᠭᠤᠯᠬᠤ ᠪᠥᠬᠦ ᠠᠵᠤ ᠥᠢᠯᠡᠰ ᠤᠨ ᠬᠡᠯᠬᠢᠶᠡᠰᠥ ᠶᠢ ᠨᠢᠭᠡ ᠴᠤᠭᠴᠠᠵᠢᠭᠤᠯᠤᠨ ᠡᠵᠡᠩᠨᠡᠵᠥ᠂ | ᠮᠠᠯᠵᠢᠬᠤ ᠲᠠᠷᠢᠬᠤ ᠪᠥᠲᠥᠴᠡ ᠶᠢᠨ ᠲᠤᠬᠢᠷᠠᠭᠤᠯᠤᠯᠲᠠ ᠶᠢ ᠰᠢᠯᠢᠲᠡᠭᠵᠢᠬᠦᠯᠵᠥ ᠂ ᠮᠠᠯ ᠤᠨ ᠠᠰᠢᠭ ᠰᠢᠮ᠎ᠠ ᠶᠢ ᠨᠠᠷᠢᠯᠢᠬ | ᠪᠤᠯᠪᠠᠰᠤᠷᠠᠭᠤᠯᠬᠤ ᠶᠢᠨ ᠬᠠᠮᠲᠤ ᠲᠡᠬᠦᠨ ᠲᠠᠢ ᠬᠤᠯᠪᠤᠭᠲᠠᠭᠰᠠᠨ ᠲᠠᠭᠠᠯᠲᠠ ᠪᠦᠳᠦᠭᠡᠭᠳᠡᠬᠦᠨ ᠤ ᠪᠤᠯᠪᠠᠰᠤᠷᠠᠭᠤᠯᠤᠯᠲᠠ ᠶᠢ | ᠲᠠᠶᠢᠴᠢᠯᠠᠵᠥ᠂ ᠥᠢᠯᠡᠳᠪᠤᠷᠢᠯᠡᠯ ᠤᠨ ᠴᠢᠨᠠᠷᠲᠠᠢ ᠥᠢᠯᠡᠴᠢᠯᠡᠭᠡᠨ ᠤ ᠥᠢᠯᠡᠰ ᠵᠢᠴᠢ ᠰᠤᠶᠤᠯ ᠵᠤᠭᠠᠴᠠᠯ ᠤᠨ ᠥᠢᠯᠡᠰ ᠤᠨ | ᠬᠥᠨᠵᠡᠭᠡᠢ ᠤᠶᠠᠯᠲᠤᠯ ᠪᠤᠯᠤᠨ ᠵᠤᠬᠢᠴᠠᠩᠭᠤᠢ ᠬᠥᠭᠵᠢᠯᠲᠡ ᠶᠢ ᠲᠠᠶᠢᠴᠢᠯᠠᠨ᠎ᠠ᠃ | — ᠰᠢᠨᠵᠢᠯᠡᠬᠦ ᠤᠬᠠᠭᠠᠨ ᠮᠡᠷᠭᠡᠵᠢᠯ ᠢᠶᠠᠷ ᠲᠤᠯᠭᠠᠭᠤᠷᠢᠯᠠᠭᠤᠯᠵᠦ᠂ ᠡᠷᠴᠢᠮᠵᠢᠬᠦᠯᠥᠨ ᠬᠥᠭᠵᠢᠬᠦᠯᠥᠨ᠎ᠠ᠃ ᠰᠢᠨ᠎ᠠ ᠶᠢ | ᠡᠬᠦᠳᠬᠦ ᠶᠢ ᠤᠲᠤ ᠥᠶ᠎ᠠ ᠶᠢᠨ ᠮᠠᠯ ᠠᠵᠤ ᠠᠬᠤᠢ ᠶᠢᠨ ᠬᠥᠭᠵᠢᠯᠲᠡ ᠶᠢ ᠲᠠᠶᠢᠴᠢᠯᠠᠬᠤ ᠨᠢᠭᠡᠲᠥᠭᠡᠷ ᠬᠦᠳᠡᠯᠭᠡᠬᠦ ᠬᠥᠴᠥᠨ | ᠪᠤᠯᠭᠠᠵᠥ᠂ ᠮᠠᠯ ᠠᠵᠤ ᠠᠬᠤᠢ ᠵᠢᠴᠢ ᠬᠠᠮᠢᠶ᠎ᠠ ᠪᠥᠬᠦᠢ ᠬᠥᠷᠢᠶ᠎ᠠ ᠬᠡᠪᠴᠢᠶᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠥᠷ᠎ᠠ | ᠪᠥᠲᠥᠭᠡᠯ ᠢ ᠠᠰᠢᠭᠯᠠᠬᠤ ᠪᠤᠯᠤᠨ ᠲᠠᠪᠰᠢᠩᠭᠤᠢ ᠬᠡᠷᠡᠭᠯᠡᠭᠡᠨ ᠤ ᠮᠡᠷᠭᠡᠵᠢᠯ ᠢ ᠲᠡᠯᠭᠡᠷᠡᠬᠦᠯᠬᠦ ᠡᠷᠴᠢᠮ ᠢ ᠴᠢᠩᠭᠠᠷᠠᠭᠤᠯᠵᠥ᠂ | ᠤᠲᠤ ᠥᠶ᠎ᠠ ᠶᠢᠨ ᠮᠠᠯ ᠠᠵᠤ ᠠᠬᠤᠢ ᠶᠢᠨ ᠬᠥᠭᠵᠢᠯᠲᠡ ᠳᠠᠬᠢ ᠰᠢᠨᠵᠢᠯᠡᠬᠦ ᠤᠬᠠᠭᠠᠨ ᠮᠡᠷᠭᠡᠵᠢᠯ ᠤᠨ ᠠᠭᠤᠯᠬᠤᠨ ᠢ | ᠨᠡᠮᠡᠭᠳᠡᠭᠦᠯᠦᠨ᠎ᠠ᠃ | — ᠠᠰᠢᠭ ᠲᠤᠰᠠ ᠶᠢᠨ ᠬᠤᠯᠪᠤᠭᠠᠲᠤ ᠲᠤᠭᠲᠠᠴᠠ ᠶᠢ ᠪᠠᠷᠢᠮᠲᠠᠯᠠᠵᠥ᠂ ᠠᠷᠠᠳ ᠢ ᠪᠠᠶᠠᠵᠢᠭᠤᠯᠵᠥ ᠬᠢᠯᠢ ᠬᠢᠵᠠᠭᠠᠷ ᠢ | ᠲᠤᠭᠲᠠᠪᠤᠷᠢᠵᠢᠭᠤᠯᠤᠨ᠎ᠠ᠃ ᠲᠤᠯᠤᠭᠠᠢᠢᠯᠠᠭᠴᠢ ᠠᠵᠤ ᠠᠬᠤᠢᠢᠯᠠᠯ ᠪᠠ ᠮᠠᠯᠴᠢᠨ ᠲᠠᠷᠢᠶᠠᠴᠢᠨ ᠤ ᠬᠤᠭᠤᠷᠤᠨᠲᠤᠬᠢ | ᠲᠤᠭᠲᠠᠭᠤᠨ᠂ ᠨᠢᠭᠲᠠ ᠠᠰᠢᠭ ᠲᠤᠰᠠ ᠶᠢᠨ ᠬᠤᠯᠪᠤᠭᠠᠲᠤ ᠲᠤᠭᠲᠠᠴᠠ ᠶᠢ ᠪᠠᠶᠢᠭᠤᠯᠵᠥ᠂ ᠨᠢᠭᠡᠲᠥᠭᠡᠷ᠂ ᠬᠤᠶᠠᠲᠤᠭᠠᠷ᠂ | ᠭᠤᠷᠪᠠᠲᠤᠭᠠᠷ ᠠᠵᠤ ᠥᠢᠯᠡᠰ ᠲᠤᠮᠲᠠ ᠠᠴᠠ ᠮᠠᠯᠴᠢᠨ ᠲᠠᠷᠢᠶᠠᠴᠢᠨ ᠤ ᠤᠷᠤᠯᠭ᠎ᠠ ᠶᠢᠨ ᠨᠡᠮᠡᠭᠲᠡᠯᠲᠡ ᠶᠢᠨ ᠤᠷᠤᠨ ᠵᠠᠢ | ᠪᠤᠯᠤᠨ ᠠᠷᠭ᠎ᠠ ᠵᠠᠮ ᠢ ᠥᠷᠭᠡᠳᠭᠡᠵᠥ᠂ ᠲᠤᠭᠲᠠᠭᠤᠨ ᠨᠡᠮᠡᠭᠲᠡᠯ ᠢ ᠥᠷᠬᠦᠯᠵᠢᠯᠡᠨ ᠪᠠᠲᠤᠯᠠᠵᠥ᠂ ᠠᠷᠠᠳ ᠢ | ᠴᠢᠨᠡᠭᠡᠯᠢᠭᠵᠢᠬᠦᠯᠵᠥ ᠬᠢᠯᠢ ᠬᠢᠵᠠᠭᠠᠷ ᠢ ᠲᠤᠭᠲᠠᠪᠤᠷᠢᠵᠢᠭᠤᠯᠬᠤ ᠶᠢ ᠠᠬᠢᠭᠤᠯᠤᠨ᠎ᠠ᠃ | ︵ᠭᠤᠷᠪᠠ︶ ᠬᠥᠭᠵᠢᠯᠲᠡ ᠶᠢᠨ ᠬᠠᠷᠠᠯᠲᠠ | 2020 ᠤᠨ ᠪᠤᠯᠬᠤ ᠳᠤ᠂ ᠪᠥᠬᠦ ᠠᠶᠢᠮᠠᠭ ᠤᠨ ᠮᠠᠯ ᠠᠵᠥ ᠠᠬᠤᠢ ᠶᠢᠨ ᠤᠨ ᠤ ᠰᠢᠯᠢᠲᠡᠭ ᠡᠬᠦᠯᠲᠡᠷ ᠤᠨ | ᠥᠭᠡᠷ ᠤᠨ ᠲᠤᠭ᠎ᠠ ᠶᠢ 300 ᠲᠥᠮᠡ ᠠᠴᠠ ᠲᠡᠭᠡᠭᠰᠢ ᠪᠤᠯᠭᠠᠵᠥ᠂ ᠵᠢᠯ ᠳᠤ 100 ᠲᠥᠮᠡ ᠠᠴᠠ ᠲᠡᠭᠡᠭᠰᠢ ᠥᠭᠡᠷ | ᠪᠤᠷᠲᠤᠨ ᠳᠠᠷᠭᠤᠯᠠᠭᠤᠯᠵᠦ ᠡᠳ᠋ᠰᠢᠬᠦᠯᠥᠨ ᠪᠤᠯᠪᠠᠰᠤᠷᠠᠭᠤᠯᠤᠨ᠎ᠠ᠃ 3 — 5 ᠵᠢᠯ ᠤᠨ ᠬᠤᠭᠤᠴᠠᠭ᠎ᠠ ᠶᠢ ᠬᠡᠷᠡᠭᠰᠡᠨ᠂ | ᠤᠯᠤᠰ ᠤᠨ ᠲᠡᠰ ᠤᠨ ᠰᠢᠯᠢᠲᠡᠭ ᠡᠬᠦᠯᠲᠡᠷ ᠤᠨ ᠮᠢᠬᠠᠨ ᠤ ᠥᠭᠡᠷ ᠥᠷᠡᠵᠢᠬᠦᠯᠥᠨ ᠪᠤᠶᠢᠵᠢᠭᠤᠯᠬᠤ ᠵᠢᠱᠢᠶ᠎ᠠ ᠥᠵᠡᠬᠦᠯᠬᠦ | ᠰᠠᠭᠤᠷᠢᠨ ᠪᠠᠶᠢᠭᠤᠯᠵᠥ᠂ ᠪᠥᠬᠦ ᠠᠶᠢᠮᠠᠭ ᠤᠨ ᠤᠲᠤ ᠥᠶ᠎ᠠ ᠶᠢᠨ ᠮᠠᠯ ᠠᠵᠤ ᠠᠬᠤᠢ ᠶᠢᠨ ᠠᠵᠤ ᠥᠢᠯᠡᠰ ᠤᠨ ᠰᠢᠰᠲ᠋ᠧᠮ ᠢ | ᠥᠨᠲᠤᠰᠤᠨ ᠳᠡᠭᠡᠨ ᠪᠥᠷᠢᠯᠲᠥᠬᠦᠯᠵᠥ᠂ ᠮᠠᠨ ᠤ ᠤᠯᠤᠰ ᠤᠨ ᠲᠤᠮᠲᠠ ᠲᠡᠭᠡᠲᠥ ᠲᠡᠰ ᠤᠨ ᠪᠤᠬᠢᠷᠲᠤᠯ ᠥᠭᠡᠢ ᠮᠠᠯ ᠤᠨ | ᠠᠰᠢᠭ ᠰᠢᠮ᠎ᠠ ᠶᠢᠨ ᠪᠥᠲᠥᠭᠡᠭᠲᠡᠬᠦᠨ ᠤ ᠲᠥᠪ ᠢ ᠪᠠᠶᠢᠭᠤᠯᠵᠥ᠂ ᠠᠵᠤ ᠥᠢᠯᠡᠰ ᠢ ᠬᠥᠭᠵᠢᠬᠦᠯᠵᠥ᠂ ᠠᠮᠢ ᠠᠬᠤᠢ ᠶᠢᠨ | ᠬᠠᠮᠠᠭᠠᠯᠠᠯᠲᠠ ᠶᠢ ᠴᠢᠩᠭᠠᠳᠬᠠᠵᠥ᠂ ᠮᠠᠯᠴᠢᠨ ᠲᠠᠷᠢᠶᠠᠴᠢᠨ ᠤ ᠤᠷᠤᠯᠭ᠎ᠠ ᠶᠢ ᠨᠡᠮᠡᠭᠲᠡᠬᠦᠯᠵᠥ᠂ ᠠᠵᠤ ᠠᠬᠤᠢᠢᠯᠠᠯ ᠤᠨ | ᠤᠷᠤᠯᠭ᠎ᠠ ᠶᠢ ᠨᠡᠮᠡᠭᠲᠡᠬᠦᠯᠵᠥ᠂ ᠨᠡᠶᠢᠭᠡᠮ ᠤᠨ ᠡᠶ᠎ᠡ ᠲᠤᠭᠲᠠᠭᠤᠨ ᠢ ᠠᠬᠢᠭᠤᠯᠵᠥ᠂ ᠪᠥᠬᠦ ᠤᠯᠤᠰ ᠪᠠ ᠪᠥᠬᠦ ᠤᠷᠤᠨ ᠲᠠᠢ | ᠢᠵᠢᠯ ᠠᠯᠬᠤᠮ ᠢᠶᠠᠷ ᠴᠢᠨᠡᠭᠡᠯᠢᠭ ᠨᠡᠶᠢᠭᠡᠮ ᠢ ᠪᠠᠶᠢᠭᠤᠯᠤᠨ᠎ᠠ᠃ | ᠬᠤᠶᠠᠷ᠂ ᠤᠲᠤ ᠥᠶ᠎ᠠ ᠶᠢᠨ ᠰᠢᠯᠢᠲᠡᠭ ᠡᠬᠦᠯᠲᠡᠷ ᠤᠨ ᠥᠭᠡᠷ ᠤᠨ ᠠᠵᠤ ᠥᠢᠯᠡᠰ ᠤᠨ ᠲᠤᠭᠳᠠᠯᠴᠠᠭ᠎ᠠ ᠶᠢ ᠪᠠᠶᠢᠭᠤᠯᠤᠨ᠎ᠠ ︵ | ᠲᠥᠷᠪᠡ︶ ᠰᠢᠯᠢᠲᠡᠭ ᠡᠬᠦᠯᠲᠡᠷ ᠰᠤᠩᠭᠤᠨ ᠪᠤᠶᠢᠵᠢᠭᠤᠯᠵᠥ ᠥᠷᠡᠵᠢᠬᠦᠯᠬᠦ ᠶᠢ ᠲᠥᠷᠭᠡᠳᠭᠡᠨᠠ᠃ | 2016 — 2018 ᠤᠨ ᠪᠤᠯᠲᠠᠯᠠᠬᠢ ᠭᠤᠷᠪᠠᠨ ᠵᠢᠯ ᠳᠤ᠂ ᠪᠥᠬᠦ ᠠᠶᠢᠮᠠᠭ ᠲᠤ ᠠᠩᠭᠢᠰ᠂ ᠰᠢᠮᠧᠨ᠋ᠲ᠋ᠠᠷ ᠵᠡᠷᠭᠡ | ᠰᠢᠯᠢᠲᠡᠭ ᠡᠬᠦᠯᠲᠡᠷ ᠤᠨ ᠥᠭᠡᠷ ᠢ ᠨᠡᠶᠢᠲᠡ 10 ᠲᠥᠮᠡ ᠤᠷᠤᠭᠤᠯᠵᠥ᠂ ᠰᠢᠯᠢᠲᠡᠭ ᠡᠬᠦᠯᠲᠡᠷ ᠤᠨ ᠥᠭᠡᠷ ᠤᠷᠤᠭᠤᠯᠵᠥ | ᠥᠷᠡᠵᠢᠬᠦᠯᠥᠨ ᠪᠤᠶᠢᠵᠢᠭᠤᠯᠬᠤ ᠪᠠ ᠡᠬᠦᠯᠲᠡᠷ ᠰᠠᠶᠢᠵᠢᠷᠠᠭᠤᠯᠬᠤ ᠪᠠᠷ ᠲᠠᠮᠵᠢᠭᠤᠯᠤᠨ᠂ ᠡᠬᠦᠯᠲᠡᠷ ᠰᠠᠶᠢᠵᠢᠷᠠᠭᠤᠯᠤᠬᠰᠠᠨ ᠬᠢᠷᠢ | ᠳᠦᠪᠰᠢᠨ ᠪᠤᠯᠤᠨ ᠪᠤᠲᠠᠭᠠᠯᠢ ᠪᠡᠶ᠎ᠠ ᠶᠢᠨ ᠮᠢᠬᠠᠨ ᠤ ᠭᠠᠷᠤᠯᠳᠡ ᠶᠢ ᠲᠡᠭᠡᠭᠰᠢᠯᠡᠬᠦᠯᠥᠨ᠎ᠠ᠃ ᠵᠡᠬᠦᠨ ᠥᠵᠥᠮᠥᠴᠢᠨ ᠬᠤᠰᠢᠭᠤ᠂ | ᠪᠠᠷᠠᠭᠤᠨ ᠥᠵᠥᠮᠥᠴᠢᠨ ᠬᠤᠰᠢᠭᠤ᠂ ᠤᠯᠠᠭᠠᠢ ᠬᠠᠮᠢᠶᠠᠷᠤᠯᠲᠠ ᠶᠢᠨ ᠤᠷᠤᠨ᠂ ᠲᠠᠶᠢᠹᠤᠰᠧ ᠬᠤᠰᠢᠭᠤ ᠪᠤᠯᠤᠨ ᠰᠢᠯᠢ ᠶᠢᠨ | ᠬᠤᠲᠠ᠂ ᠰᠢᠯᠤᠭᠤᠨ ᠬᠥᠭᠡ ᠬᠤᠰᠢᠭᠤ᠂ ᠲᠤᠯᠤᠨ ᠨᠤᠤᠷ ᠰᠢᠶᠠᠨ ᠳᠤ ᠠᠩᠭᠢᠰ ᠥᠭᠡᠷ ᠢᠶᠠᠷ ᠭᠤᠤᠯ ᠪᠤᠯᠭᠠᠵᠥ᠂ | ᠰᠢᠮᠧᠨ᠋ᠲ᠋ᠠᠷ ᠥᠭᠡᠷ ᠢᠶᠠᠷ ᠲᠡᠳ᠋ᠯᠡᠬᠦᠯᠥᠭᠰᠡᠨ ᠥᠷᠡᠵᠢᠬᠦᠯᠥᠨ ᠪᠤᠶᠢᠵᠢᠭᠤᠯᠬᠤ ᠰᠠᠭᠤᠷᠢᠨ ᠪᠠᠶᠢᠭᠤᠯᠵᠥ᠂ ᠰᠢᠯᠤᠭᠤᠨ ᠬᠥᠪᠡᠭᠡᠲᠥ | ᠴᠠᠭᠠᠨ ᠬᠤᠰᠢᠭᠤ᠂ ᠠᠪᠠᠭ᠎ᠠ ᠬᠤᠰᠢᠭᠤ᠂ ᠰᠥᠨᠢᠳ ᠵᠡᠬᠦᠨ ᠬᠤᠰᠢᠭᠤ᠂ ᠰᠥᠨᠢᠳ ᠪᠠᠷᠠᠭᠤᠨ ᠬᠤᠰᠢᠭᠤ᠂ ᠬᠥᠪᠡᠭᠡᠲᠥ | ᠰᠢᠷ᠎ᠠ ᠬᠤᠰᠢᠭᠤᠨ ᠳᠤ ᠰᠢᠮᠧᠨ᠋ᠲ᠋ᠠᠷ ᠥᠭᠡᠷ ᠢᠶᠠᠷ ᠭᠤᠤᠯ ᠪᠤᠯᠭᠠᠵᠥ᠂ ᠠᠩᠭᠢᠰ ᠥᠭᠡᠷ ᠢᠶᠠᠷ ᠲᠡᠳ᠋ᠯᠡᠬᠦᠯᠥᠭᠰᠡᠨ ᠥᠷᠡᠵᠢᠬᠦᠯᠥᠨ | ᠪᠤᠶᠢᠵᠢᠭᠤᠯᠬᠤ ᠰᠠᠭᠤᠷᠢᠨ ᠪᠠᠶᠢᠭᠤᠯᠤᠨ᠎ᠠ᠃ ᠰᠢᠯᠢ ᠶᠢᠨ ᠭᠤᠤᠯ ᠤᠨ ᠰᠢᠯᠢᠳᠡᠭ ᠡᠭᠦᠯᠳᠡᠷ ᠤᠨ ᠦᠭᠡᠷ ᠰᠤᠩᠭᠤᠨ | ᠪᠤᠶᠢᠵᠢᠭᠤᠯᠬᠤ ᠢᠨᠵᠧᠨᠧᠷᠢᠩ ᠢ ᠡᠬᠢᠯᠡᠬᠦᠯᠵᠥ᠂ ᠪᠥᠬᠦ ᠠᠶᠢᠮᠠᠭ ᠤᠨ ᠬᠡᠪᠴᠢᠶᠡᠨ ᠳᠤ ᠰᠢᠯᠢᠲᠡᠭ ᠡᠬᠦᠯᠲᠡᠷ ᠤᠨ ᠥᠭᠡᠷ | ᠥᠷᠡᠵᠢᠬᠦᠯᠥᠨ ᠪᠤᠶᠢᠵᠢᠭᠤᠯᠬᠤ ᠠᠵᠢᠯ ᠢ ᠲᠡᠯᠭᠡᠷᠡᠬᠦᠯᠥᠨᠠ᠃ | ︵ᠲᠠᠪᠤ︶ ᠥᠢᠯᠡᠳᠪᠤᠷᠢᠯᠡᠯ ᠡᠵᠡᠩᠨᠡᠯᠲᠡ ᠶᠢᠨ ᠠᠷᠭ᠎ᠠ ᠬᠡᠯᠪᠡᠷᠢ ᠶᠢ ᠬᠥᠴᠥᠯᠡᠨ ᠰᠠᠶᠢᠵᠢᠷᠠᠭᠤᠯᠤᠨ᠎ᠠ᠃ | ᠬᠡᠪᠴᠢᠶᠡᠵᠢᠭᠰᠡᠨ᠂ ᠪᠠᠷᠢᠮᠵᠢᠶᠠᠵᠢᠭᠰᠠᠨ ᠠᠷᠠᠴᠢᠯᠠᠨ ᠮᠠᠯᠵᠢᠬᠤ ᠵᠠᠭᠪᠤᠷ ᠢ ᠪᠥᠬᠦ ᠲᠠᠯ᠎ᠠ ᠪᠠᠷ ᠲᠡᠯᠭᠡᠷᠡᠬᠦᠯᠵᠥ᠂ ᠤᠲᠤ | ᠥᠶ᠎ᠠ ᠶᠢᠨ ᠭᠡᠷ ᠪᠥᠯᠢ ᠶᠢᠨ ᠮᠠᠯᠵᠢᠯ ᠤᠨ ᠲᠠᠯᠠᠪᠠᠢ ︵ᠮᠠᠯᠵᠢᠯ ᠤᠨ ᠲᠤᠰᠬᠠᠢ ᠲᠤᠮᠤ ᠡᠷᠥᠭᠡ︶᠂ ᠮᠠᠯᠴᠢᠨ ᠲᠠᠷᠢᠶᠠᠴᠢᠨ ᠤ | ᠠᠷᠠᠴᠢᠯᠠᠨ ᠮᠠᠯᠵᠢᠬᠤ ᠬᠤᠷᠰᠢᠶᠠᠵᠢᠯ ︵ᠡᠷᠥᠭᠡ ᠬᠤᠯᠪᠤᠭᠠᠯᠠᠨ ᠡᠵᠡᠩᠨᠡᠬᠦ︶ ᠪᠤᠯᠤᠨ ᠲᠤᠮᠤ ᠬᠡᠯᠪᠡᠷᠢ ᠶᠢᠨ ᠠᠷᠠᠴᠢᠯᠠᠨ | ᠮᠠᠯᠵᠢᠬᠤ᠂ ᠪᠤᠷᠲᠤᠨ ᠲᠠᠷᠭᠤᠯᠠᠭᠤᠯᠬᠤ᠂ ᠡᠳ᠋ᠰᠢᠬᠦᠯᠥᠨ ᠪᠤᠯᠪᠠᠰᠤᠷᠠᠭᠤᠯᠬᠤ ᠠᠵᠤ ᠥᠢᠯᠡᠰᠵᠢᠭᠰᠡᠨ ᠲᠤᠯᠤᠭᠠᠢᠢᠯᠠᠭᠴᠢ ᠠᠵᠤ | ᠠᠬᠤᠢᠢᠯᠠᠯ ᠵᠡᠷᠭᠡ ᠰᠢᠨ᠎ᠠ ᠬᠡᠯᠪᠡᠷᠢ ᠶᠢᠨ ᠤᠲᠤ ᠥᠶ᠎ᠠ ᠶᠢᠨ ᠮᠠᠯ ᠠᠵᠤ ᠠᠬᠤᠢ ᠶᠢᠨ ᠡᠵᠡᠩᠨᠡᠯᠲᠡ ᠶᠢᠨ ᠭᠤᠤᠯ ᠴᠤᠭᠴᠠ ᠶᠢ | ᠪᠤᠢ ᠪᠤᠯᠭᠠᠨ᠎ᠠ᠃ ᠰᠠᠭᠤᠷᠢ ᠲᠥᠭᠦᠭᠡᠷᠥᠮᠵᠢ ᠶᠢᠨ ᠪᠥᠲᠥᠭᠡᠨ ᠪᠠᠶᠢᠭᠤᠯᠤᠯᠲᠠ ᠪᠤᠯᠤᠨ ᠠᠷᠠᠴᠢᠯᠠᠨ ᠮᠠᠯᠵᠢᠬᠤ | ᠬᠠᠮᠢᠶᠠᠷᠤᠯᠲᠠ ᠶᠢ ᠴᠢᠩᠭᠠᠳᠬᠠᠵᠥ᠂ ᠰᠢᠯᠢᠲᠡᠭ ᠡᠬᠦᠯᠲᠡᠷ ᠢ ᠤᠷᠤᠭᠤᠯᠬᠤ᠂ ᠡᠬᠦᠯᠲᠡᠷ ᠪᠤᠶᠢᠵᠢᠭᠤᠯᠬᠤ᠂ ᠥᠷᠡᠵᠢᠬᠦᠯᠬᠦ᠂ | ᠪᠤᠷᠲᠤᠨ ᠲᠠᠷᠭᠤᠯᠠᠭᠤᠯᠬᠤ ᠠᠴᠠ ᠡᠬᠢᠯᠡᠭᠡᠳ ᠨᠢᠲᠤᠯᠬᠤ᠂ ᠡᠳ᠋ᠰᠢᠬᠦᠯᠬᠦ᠂ ᠪᠤᠷᠤᠯᠠᠭᠤᠯᠬᠤ ᠪᠥᠬᠦ ᠠᠵᠤ ᠥᠢᠯᠡᠰ ᠤᠨ | ᠬᠡᠯᠬᠢᠶᠡᠰᠥ ᠳᠤ ᠤᠯᠤᠰ ᠤᠨ ᠲᠤᠲᠤᠭᠠᠲᠤᠬᠢ ᠲᠡᠷᠢᠬᠦᠨ ᠤ ᠪᠤᠶᠤ ᠲᠡᠯᠡᠭᠡᠢ ᠶᠢᠨ ᠲᠠᠪᠰᠢᠩᠭᠤᠢ ᠪᠠᠷᠢᠮᠵᠢᠶ᠎ᠠ ᠶᠤᠰᠤᠭᠠᠷ᠂ | ᠬᠠᠮᠢᠶ᠎ᠠ ᠪᠥᠬᠦᠢ ᠪᠠᠷᠢᠮᠵᠢᠶ᠎ᠠ ᠪᠤᠯᠤᠨ ᠮᠡᠷᠭᠡᠵᠢᠯ ᠤᠨ ᠲᠥᠷᠢᠮ ᠲᠤᠭᠲᠠᠭᠠᠯ ᠢ ᠪᠠᠶᠢᠭᠤᠯᠤᠨ ᠪᠥᠷᠢᠨᠰᠢᠬᠦᠯᠵᠥ᠂ ᠰᠢᠯᠢ ᠶᠢᠨ | ᠭᠤᠤᠯ ᠤᠨ ᠲᠤᠮᠲᠠ ᠲᠡᠭᠡᠲᠥ ᠲᠡᠰ ᠤᠨ ᠰᠢᠯᠢᠲᠡᠭ ᠡᠬᠦᠯᠲᠡᠷ ᠤᠨ ᠥᠭᠡᠷ ᠮᠠᠯᠵᠢᠵᠥ ᠡᠳ᠋ᠰᠢᠬᠦᠯᠥᠨ ᠪᠤᠯᠪᠠᠰᠤᠷᠠᠭᠤᠯᠬᠤ | ᠲᠤᠭᠲᠠᠯᠴᠠᠭ᠎ᠠ ᠪᠠᠶᠢᠭᠤᠯᠤᠨ᠎ᠠ᠃ ᠰᠢᠯᠢᠲᠡᠭ ᠡᠬᠦᠯᠲᠡᠷ ᠤᠨ ᠥᠭᠡᠷ ᠢ ᠭᠡᠪᠴᠢᠶᠡᠵᠢᠭᠦᠯᠦᠨ᠂ ᠪᠠᠷᠢᠮᠵᠢᠶᠠᠵᠢᠭᠤᠯᠤᠨ ᠪᠤᠷᠳᠤᠨ | ᠳᠠᠷᠭᠤᠯᠠᠭᠤᠯᠬᠤ ᠶᠢ ᠵᠤᠷᠢᠬᠵᠢᠭᠤᠯᠵᠥ᠂ ᠪᠤᠷᠲᠤᠭᠰᠠᠨ ᠤ ᠬᠤᠶᠢᠨ᠎ᠠ ᠵᠠᠷᠤᠴᠠᠭᠤᠯᠬᠤ᠂ ᠪᠠᠷᠢᠮᠵᠢᠶᠠᠨ ᠳᠤ ᠬᠥᠷᠭᠡᠭᠰᠡᠨ ᠤ | ᠬᠤᠶᠢᠨ᠎ᠠ ᠡᠳ᠋ᠰᠢᠬᠦᠯᠬᠦ᠂ ᠡᠳ᠋ᠰᠢᠬᠦᠯᠥᠭᠰᠡᠨ ᠤ ᠬᠤᠶᠢᠨ᠎ᠠ ᠰᠠᠶ᠋ᠢ ᠪᠤᠷᠤᠯᠠᠭᠤᠯᠬᠤ ᠶᠢ ᠪᠠᠲᠤᠯᠠᠵᠥ᠂ ᠡᠷᠭᠡᠪᠰᠢ ᠨᠠᠷᠢᠯᠢᠬ | ᠡᠳ᠋ᠰᠢᠬᠦᠯᠥᠨ ᠪᠤᠯᠪᠠᠰᠤᠷᠠᠭᠤᠯᠵᠥ᠂ ᠮᠠᠨ ᠤ ᠠᠶᠢᠮᠠᠭ ᠤᠨ ᠰᠢᠯᠢᠲᠡᠭ ᠡᠬᠦᠯᠲᠡᠷ ᠤᠨ ᠥᠭᠡᠷ ᠮᠠᠯᠵᠢᠬᠤ ᠠᠵᠤ ᠥᠢᠯᠡᠰᠵᠢᠭᠰᠡᠨ | ᠡᠵᠡᠩᠨᠡᠯᠲᠡ ᠶᠢᠨ ᠲᠥᠪᠰᠢᠨ ᠢ ᠥᠨᠲᠤᠰᠤᠨ ᠠᠴᠠ ᠨᠢ ᠲᠡᠭᠡᠭᠰᠢᠯᠡᠬᠦᠯᠥᠨ᠎ᠠ᠃ | ︵ᠵᠢᠷᠭᠤᠭ᠎ᠠ︶ ᠠᠰᠢᠭ ᠲᠤᠰᠠ ᠶᠢᠨ ᠬᠤᠯᠪᠤᠭᠠᠲᠤ ᠲᠤᠭᠲᠠᠴᠠ ᠶᠢ ᠪᠠᠶᠢᠭᠤᠯᠤᠨ ᠪᠥᠷᠢᠨᠰᠢᠬᠦᠯᠥᠨᠠ᠃ | ᠵᠠᠬ᠎ᠠ ᠲᠡᠯᠭᠡᠬᠦᠷᠴᠢᠯᠡᠭᠰᠨᠨ ᠵᠢᠯᠤᠭᠤᠲᠤᠮᠵᠢ ᠶᠢ ᠪᠠᠷᠢᠮᠲᠠᠯᠠᠵᠥ᠂ ᠵᠠᠰᠠᠭ ᠤᠨ ᠤᠷᠲᠤᠨ ᠤ ᠦᠢᠯᠡᠴᠢᠯᠡᠭᠡ ᠪᠤᠯᠤᠨ | ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠥ᠂ ᠠᠰᠢᠬ ᠳᠤᠰᠠ ᠪᠠᠷ ᠬᠤᠯᠪᠤᠭᠠᠰᠤ ᠪᠤᠯᠭᠠᠠ᠂ ᠠᠵᠤ ᠠᠬᠤᠢᠢᠯᠠᠯ ᠪᠤᠯᠤᠨ | ᠮᠠᠯᠴᠢᠨ ᠲᠠᠷᠢᠶᠠᠴᠢᠨ ᠤ ᠬᠤᠭᠤᠷᠤᠨᠲᠤᠬᠢ ᠢᠲᠠᠭᠡᠯ ᠨᠠᠶᠢᠲᠠᠪᠤᠷᠢ ᠳᠤ ᠲᠥᠰᠢᠭᠯᠡᠭᠰᠡᠨ ᠡᠷᠭᠡ ᠬᠠᠷᠢᠭᠤᠴᠠᠯᠭ᠎ᠠ ᠪᠠ ᠠᠰᠢᠭ | ᠲᠤᠰᠠ ᠶᠢᠨ ᠬᠠᠷᠢᠴᠠᠭ᠎ᠠ ᠶᠢ ᠪᠠᠶᠢᠭᠤᠯᠤᠨ᠎ᠠ᠃ ᠵᠠᠰᠠᠭ ᠤᠨ ᠤᠷᠲᠤᠨ ᠬᠢᠨᠠᠯᠲᠠ ᠲᠠᠯᠪᠢᠵᠥ ᠵᠢᠯᠤᠭᠤᠳᠬᠤ ᠪᠠᠷ ᠲᠠᠮᠵᠢᠭᠤᠯᠤᠨ | ᠂ ᠠᠵᠤ ᠠᠬᠤᠢᠢᠯᠠᠯ ᠪᠠ ᠮᠠᠯᠴᠢᠨ ᠲᠠᠷᠢᠶᠠᠴᠢᠨ ᠬᠠᠤᠯᠢ ᠴᠠᠭᠠᠵᠠ ᠶᠢᠨ ᠬᠥᠴᠥᠨ ᠲᠠᠢ ᠬᠤᠲᠠᠯᠲᠤᠨ ᠠᠪᠬᠤ ᠪᠠ | ᠪᠤᠷᠤᠯᠠᠭᠤᠯᠬᠤ ᠭᠡᠷ᠎ᠠ ᠲᠤᠭᠲᠠᠵᠥ᠂ ᠵᠠᠰᠠᠭ ᠤᠨ ᠤᠷᠲᠤᠨ ᠠᠴᠠ ᠬᠥᠥ ᠮᠥᠡᠭᠭᠦ ᠶᠢ ᠲᠥᠯᠥᠬᠦ᠂ ᠬᠤᠲᠠᠯᠲᠤᠨ ᠠᠪᠬᠤ ᠳᠤ | ᠥᠢᠯᠡᠴᠢᠯᠡᠬᠦ ᠪᠤᠯᠤᠨ ᠮᠥᠡᠭᠭᠦᠨ ᠬᠥᠢᠯᠭᠡᠭᠡ ᠪᠠᠷ ᠪᠠᠲᠤᠯᠠᠬᠤ ᠵᠡᠷᠭᠡ ᠠᠷᠭ᠎ᠠ ᠬᠡᠯᠪᠡᠷᠢ ᠪᠠᠷ ᠮᠠᠯᠵᠢᠬᠤ ᠡᠷᠥᠭᠡ ᠳᠤ | ᠢᠲᠡᠭᠡᠮᠵᠢᠲᠥ ᠵᠢᠭᠡᠯᠡᠯᠭᠡ᠂ ᠮᠡᠷᠭᠡᠵᠢᠯ᠂ ᠬᠢᠵᠢᠭ ᠬᠡᠮ ᠢ ᠰᠡᠷᠭᠡᠶᠢᠯᠡᠬᠦ ᠵᠡᠷᠭᠡ ᠥᠢᠯᠡᠴᠢᠯᠡᠭᠡ ᠬᠠᠨᠭ᠍ᠭᠠᠵᠥ᠂ ᠬᠥᠭᠵᠢᠯᠲᠡ ᠶᠢ | ᠪᠠᠲᠤᠯᠠᠬᠤ ᠴᠢᠲᠠᠪᠤᠷᠢ ᠶᠢ ᠲᠡᠭᠡᠭᠰᠢᠯᠡᠬᠦᠯᠥᠨ᠎ᠠ︔ ᠮᠠᠯᠴᠢᠨ ᠲᠠᠷᠢᠶᠠᠴᠢᠨ ᠥᠭᠡᠷ ᠮᠠᠯᠵᠢᠵᠥ ᠪᠤᠷᠲᠤᠨ ᠲᠠᠷᠭᠤᠯᠠᠭᠤᠯᠬᠤ | ᠬᠤᠷᠰᠢᠶᠠᠵᠢᠯ ᠪᠠᠶᠢᠭᠤᠯᠵᠥ᠂ ᠡᠷᠥᠭᠡ ᠬᠤᠯᠪᠤᠭᠠᠯᠠᠭᠰᠠᠨ ᠡᠵᠡᠩᠨᠡᠯᠲᠡ ᠬᠢᠬᠦ ᠶᠢ ᠵᠤᠷᠢᠬᠵᠢᠭᠤᠯᠤᠨ᠎ᠠ︔ ᠮᠠᠯᠴᠢᠨ ᠲᠠᠷᠢᠶᠠᠴᠢᠨ | ᠲᠠᠷᠢᠶᠠᠨ ᠭᠠᠵᠠᠷ᠂ ᠨᠤᠲᠤᠭ ᠪᠡᠯᠴᠢᠭᠡᠷ ᠢᠶᠠᠨ ᠰᠢᠯᠵᠢᠬᠦᠯᠥᠨ ᠡᠵᠡᠩᠨᠡᠬᠦ ᠲᠤᠭᠲᠠᠭᠰᠠᠨ ᠥᠨ᠎ᠠ ᠶᠢᠨ ᠰᠠᠭᠤᠷᠢᠨ ᠲᠡᠭᠡᠷ᠎ᠠ᠂ | ᠲᠤᠬᠢᠷᠠᠮᠵᠢᠲᠠᠢ ᠪᠠᠷ ᠥᠨ᠎ᠠ ᠥᠰᠭᠡᠵᠥ ᠬᠤᠪᠢ ᠤᠷᠤᠬᠤ ᠪᠤᠶᠤ ᠰᠢᠯᠵᠢᠬᠦᠯᠥᠨ ᠡᠵᠡᠩᠨᠡᠬᠦ ᠵᠦᠪᠳᠡᠯᠴᠡᠭᠡᠷ ᠤᠨ ᠪᠠᠲᠤᠯᠠᠭᠠᠲᠤ | ᠦᠨ᠎ᠠ ᠪᠠᠷ ᠬᠤᠪᠢ ᠤᠷᠤᠬᠤ ᠵᠡᠷᠭᠡ ᠬᠡᠯᠪᠡᠷᠢ ᠪᠠᠷ ᠬᠡᠪᠴᠢᠶᠡᠵᠢᠭᠰᠡᠨ᠂ ᠪᠠᠷᠢᠮᠵᠢᠶᠠᠵᠢᠭᠰᠠᠨ ᠮᠠᠯᠵᠢᠯ ᠤᠨ ᠲᠠᠯᠠᠪᠠᠢ ᠶᠢᠨ | ᠪᠥᠲᠥᠭᠡᠨ ᠪᠠᠶᠢᠭᠤᠯᠤᠯᠲᠠ ᠳᠤ ᠤᠷᠤᠯᠴᠠᠬᠤ ᠶᠢ ᠵᠤᠷᠢᠬᠵᠢᠭᠤᠯᠤᠨ᠎ᠠ︔ ᠲᠤᠯᠤᠭᠠᠢᠢᠯᠠᠭᠴᠢ ᠠᠵᠤ ᠠᠬᠤᠢᠢᠯᠠᠯ ᠲᠠᠷᠢᠶᠠᠨ | ᠭᠠᠵᠠᠷ᠂ ᠨᠤᠲᠤᠭ ᠪᠡᠯᠴᠢᠭᠡᠷ ᠢᠶᠠᠨ ᠰᠢᠯᠵᠢᠬᠦᠯᠥᠨ ᠡᠵᠡᠩᠨᠡᠬᠦᠯᠥᠭᠰᠡᠨ ᠮᠠᠯᠴᠢᠨ ᠲᠠᠷᠢᠶᠠᠴᠢᠨ ᠢ ᠬᠥᠯᠥᠰᠥᠯᠡᠵᠥ᠂ ᠠᠵᠤ | ᠠᠬᠤᠢᠢᠯᠠᠯ ᠤᠨ ᠬᠥᠭᠵᠢᠯᠲᠡ ᠪᠤᠯᠤᠨ ᠮᠠᠯᠴᠢᠨ ᠲᠠᠷᠢᠶᠠᠴᠢᠨ ᠤ ᠤᠷᠤᠯᠭ᠎ᠠ ᠶᠢᠨ ᠨᠡᠮᠡᠭᠲᠡᠯᠲᠡ ᠶᠢᠨ ᠬᠤᠤᠰ ᠠᠰᠢᠭ | ᠡᠭᠦᠳᠬᠦ ᠶᠢ ᠵᠤᠷᠢᠬᠵᠢᠭᠤᠯᠤᠨ᠎ᠠ᠃ | ︵ᠲᠤᠯᠤᠭ᠎ᠠ︶ ᠲᠠᠭᠠᠭᠤᠯᠤᠭᠴᠢ ᠠᠵᠤ ᠠᠬᠤᠢᠢᠯᠠᠯ ᠢ ᠲᠠᠲᠠᠨ ᠤᠷᠤᠭᠤᠯᠬᠤ ᠪᠤᠶᠤ ᠪᠤᠶᠢᠵᠢᠭᠤᠯᠤᠨ᠎ᠠ᠃ | ᠠᠶᠢᠮᠠᠭ ᠬᠤᠰᠢᠭᠤ ᠬᠤᠶᠠᠷ ᠱᠠᠲᠤ ᠪᠠᠷ ᠢᠶᠠᠨ ᠤᠯᠤᠰ ᠤᠨ ᠲᠤᠲᠤᠭᠠᠲᠤᠬᠢ ᠮᠠᠯ ᠤᠨ ᠠᠰᠢᠭ ᠰᠢᠮ᠎ᠠ ᠶᠢᠨ | ᠪᠥᠲᠥᠭᠡᠭᠲᠡᠬᠦᠨ ᠥᠢᠯᠡᠳᠪᠤᠷᠢᠯᠡᠵᠥ ᠪᠤᠯᠪᠠᠰᠤᠷᠠᠭᠤᠯᠬᠤ ᠠᠵᠢᠯ ᠲᠥᠷᠥᠯ ᠤᠨ ᠲᠠᠭᠠᠭᠤᠯᠤᠭᠴᠢ ᠠᠵᠤ ᠠᠬᠤᠢᠢᠯᠠᠯ ᠢ ᠲᠠᠲᠠᠨ | ᠤᠷᠤᠭᠤᠯᠬᠤ ᠪᠠ ᠮᠠᠨ ᠤ ᠠᠶᠢᠮᠠᠭ ᠲᠤ ᠨᠤᠲᠤᠭᠰᠢᠬᠤ ᠶᠢ ᠲᠡᠳᠬᠦᠨ ᠲᠡᠮᠵᠢᠬᠦ ᠡᠷᠴᠢᠮ ᠢᠶᠠᠨ ᠴᠢᠩᠭᠠᠷᠠᠭᠤᠯᠵᠥ ᠂ | ᠬᠡᠪᠴᠢᠶᠡᠵᠢᠯᠲᠡ ᠪᠤᠯᠤᠨ ᠪᠠᠷᠢᠮᠵᠢᠶᠠᠵᠢᠯᠲᠠ ᠥᠨᠲᠤᠷ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠠ ᠶᠢ ᠡᠬᠦᠳᠬᠦ | ᠴᠢᠲᠠᠪᠤᠷᠢ ᠪᠤᠯᠤᠨ ᠵᠠᠬ᠎ᠠ ᠲᠡᠯᠭᠡᠭᠦᠷ ᠤᠨ ᠲᠠᠶᠢᠴᠢᠯᠠᠬᠤ ᠥᠢᠯᠡᠲᠥᠯ ᠴᠢᠩᠭ᠎ᠠ ᠲᠤᠯᠤᠭᠠᠢᠢᠯᠠᠭᠴᠢ ᠠᠵᠤ ᠠᠬᠤᠢᠢᠯᠠᠯ ᠢ | ᠭᠤᠤᠯᠲᠠᠯᠭ᠎ᠠ ᠲᠠᠢ ᠲᠡᠮᠵᠢᠨ᠎ᠠ᠃ ᠴᠡᠭᠴᠡᠯᠡᠨ ᠨᠡᠶᠢᠯᠡᠬᠦᠯᠵᠥ ᠲᠠᠬᠢᠨ ᠪᠠᠶᠢᠭᠤᠯᠬᠤ᠂ ᠬᠤᠪᠢ ᠤᠷᠤᠵᠥ ᠬᠤᠷᠰᠢᠬᠤ ᠵᠡᠷᠭᠡ | ᠬᠡᠯᠪᠡᠷᠢ ᠪᠠᠷ ᠲᠠᠮᠵᠢᠭᠤᠯᠤᠨ᠂ ᠤᠲᠤ ᠪᠠᠶᠢᠭ᠎ᠠ ᠮᠠᠯ ᠤᠨ ᠠᠰᠢᠭ ᠰᠢᠮ᠎ᠠ ᠶᠢᠨ ᠪᠥᠲᠥᠭᠡᠭᠲᠡᠬᠦᠨ ᠡᠳ᠋ᠰᠢᠬᠦᠯᠥᠨ | ᠪᠤᠯᠪᠠᠰᠤᠷᠠᠭᠤᠯᠬᠤ ᠠᠵᠤ ᠠᠬᠤᠢᠢᠯᠠᠯ ᠢ ᠴᠡᠭᠴᠡᠯᠡᠵᠥ᠂ ᠬᠤᠴᠤᠷᠤᠩᠭᠤᠢ ᠪᠠᠭᠤᠷᠠᠢ ᠶᠢ ᠲᠠᠶᠠᠭᠲᠠᠵᠥ᠂ ᠲᠠᠭᠠᠯᠲᠠ | ᠪᠥᠲᠥᠭᠡᠭᠲᠡᠬᠦᠨ ᠤ ᠠᠵᠤ ᠥᠢᠯᠡᠰ ᠤᠨ ᠬᠠᠮᠳᠤᠷᠠᠯᠴᠠᠨ ᠬᠦᠭᠵᠢᠬᠦ ᠰᠢᠨ᠎ᠠ ᠵᠠᠮ ᠢ ᠨᠡᠭᠡᠭᠡᠨ᠎ᠠ᠃ ᠠᠵᠢᠯ ᠲᠥᠷᠥᠯ ᠤᠨ | ᠲᠠᠭᠠᠭᠤᠯᠤᠭᠴᠢ ᠠᠵᠤ ᠠᠬᠤᠢᠢᠯᠠᠯ ᠪᠤᠯᠤᠨ ᠤᠯᠤᠰ ᠤᠨ ᠲᠤᠲᠤᠭᠠᠲᠤᠬᠢ ᠭᠤᠤᠯᠲᠠᠯᠭ᠎ᠠ ᠲᠠᠢ ᠰᠢᠨᠵᠢᠯᠡᠭᠡ ᠰᠤᠲᠤᠯᠭᠠᠨ ᠤ | ᠪᠠᠶᠢᠭᠤᠯᠤᠮᠵᠢ ᠲᠠᠢ ᠢᠲᠡᠪᠬᠢᠲᠡᠢ ᠬᠠᠮᠲᠤᠷᠠᠯᠴᠠᠵᠥ᠂ ᠮᠢᠬ᠎ᠠ ᠵᠢᠴᠢ ᠶᠠᠰᠤ ᠴᠢᠰᠥ᠂ ᠬᠡᠲᠡᠰᠥ ᠲᠤᠲᠤᠷ᠂ ᠠᠷᠠᠰᠤ ᠨᠤᠤᠰᠥ | ᠵᠡᠷᠭᠡ ᠲᠠᠭᠠᠯᠲᠠ ᠪᠥᠲᠥᠭᠡᠭᠲᠡᠬᠦᠨ ᠢ ᠨᠠᠷᠢᠯᠢᠭ ᠪᠤᠯᠪᠠᠰᠤᠷᠠᠭᠤᠯᠵᠥ᠂ ᠠᠵᠤ ᠥᠢᠯᠡᠰ ᠤᠨ ᠬᠡᠯᠬᠢᠶᠡᠰᠥ ᠶᠢ ᠤᠷᠲᠤᠳᠬᠠᠵᠥ᠂ | ᠲᠠᠭᠠᠯᠲᠠ ᠪᠥᠲᠥᠭᠡᠭᠲᠡᠬᠦᠨ ᠤ ᠥᠷᠲᠡᠭ ᠪᠤᠯᠤᠨ ᠪᠥᠬᠦ᠋ᠢᠯᠡ ᠠᠵᠤ ᠠᠬᠤᠢ ᠶᠢᠨ ᠥᠷ᠎ᠠ ᠠᠰᠢᠭ ᠢ ᠲᠡᠭᠡᠭᠰᠢᠯᠡᠬᠦᠯᠥᠨ᠎ᠠ᠃ | ᠭᠤᠷᠪᠠ᠂ ᠦᠨᠳᠦᠰᠦᠨ ᠲᠤᠯᠭᠠᠭᠤᠷᠢᠯᠠᠬᠤ ᠴᠢᠳᠠᠪᠤᠷᠢ ᠶᠢ ᠪᠦᠭᠦ ᠲᠠᠯ᠎ᠠ ᠪᠠᠷ ᠲᠡᠭᠡᠭᠰᠢᠯᠡᠭᠦᠯᠦᠨ᠎ᠠ | ︵ᠨᠠᠢᠮᠠ︶ ᠰᠠᠭᠤᠷᠢ ᠲᠦᠭᠦᠭᠡᠷᠦᠮᠵᠢ ᠶᠢᠨ ᠨᠦᠭᠦᠴᠡᠯ ᠢ ᠰᠠᠶᠢᠵᠢᠷᠠᠭᠤᠯᠦᠨᠠ᠃ | ᠡᠯ᠎ᠠ ᠬᠤᠰᠢᠭᠤ ᠰᠢᠶᠠᠨ ᠬᠤᠳᠠ ᠤᠷᠤᠨ ᠤᠯᠤᠰ᠂ ᠦᠪᠡᠷᠳᠡᠭᠡᠨ ᠵᠠᠰᠠᠬᠤ ᠤᠷᠤᠨ ᠤ ᠤᠳᠤ ᠦᠶ᠎ᠠ ᠶᠢᠨ ᠮᠠᠯ ᠠᠵᠦ | ᠠᠬᠤᠢ ᠶᠢ ᠭᠦᠭᠵᠢᠭᠦᠯᠭᠦ ᠶᠢ ᠳᠡᠮᠵᠢᠵᠦ ᠪᠠᠶᠢᠭ᠎ᠠ ᠠᠰᠢᠭᠳᠠᠢ ᠲᠤᠬᠢᠶᠠᠯ ᠢ ᠡᠵᠡᠮᠳᠡᠵᠦ᠂ ᠲᠦᠷᠦᠯ ᠵᠦᠢᠯ ᠡᠷᠡᠮᠡᠯᠵᠡᠯᠡᠭᠦ | ᠡᠷᠴᠢᠮ ᠢᠶᠠᠨ ᠴᠢᠩᠭᠠᠷᠠᠭᠤᠯᠵᠦ᠂ ᠨᠡᠶᠢᠭᠡᠮ ᠤᠨ ᠪᠡᠯᠡ ᠤᠷᠤᠭᠤᠯᠤᠯᠳᠠ ᠶᠢ ᠲᠠᠳᠠᠵᠦ᠂ ᠭᠡᠪᠴᠢᠶᠡᠵᠢᠭᠰᠡᠨ ᠂ | ᠪᠠᠷᠢᠮᠵᠢᠶᠠᠵᠢᠭᠰᠠᠨ ᠫᠸᠡᠭ ᠬᠤᠷᠤᠭ᠎ᠠ᠂ ᠡᠪᠡᠰᠦ ᠬᠠᠳᠠᠭᠠᠯᠠᠬᠤ ᠰᠠᠷᠠᠪᠴᠢ᠂ ᠨᠤᠭᠤᠭᠠᠨ ᠲᠠᠷᠤᠰᠢ ᠶᠢᠨ ᠵᠤᠭᠤᠷᠢ ᠵᠡᠷᠭᠡ | ᠲᠦᠭᠦᠭᠡᠷᠦᠮᠵᠢ ᠪᠤᠯᠤᠨ ᠰᠢᠭᠡᠭ ᠪᠠᠭᠠᠰᠤᠨ ᠤ ᠪᠤᠬᠢᠷᠳᠤᠯ᠂ ᠡᠪᠡᠳᠴᠢᠨ ᠭᠡᠮ ᠢᠶᠠᠷ ᠦᠭᠦᠭᠰᠡᠨ ᠮᠠᠯ ᠢ ᠬᠤᠤᠷᠠᠳᠠᠯ ᠦᠭᠡᠢ | ᠰᠢᠢᠳᠪᠦᠷᠢᠯᠡᠭᠦ ᠲᠤᠨᠤᠭ ᠲᠦᠭᠦᠭᠡᠷᠦᠮᠵᠢ ᠶᠢ ᠪᠦᠷᠢᠨᠰᠢᠭᠦᠯᠦᠨ᠎ᠠ᠃ ᠲᠠᠷᠢᠶᠠᠯᠠᠬᠤ ᠤᠷᠤᠨ᠂ ᠮᠠᠯᠵᠢᠬᠤ ᠲᠠᠷᠢᠶᠠᠯᠠᠬᠤ ᠶᠢ | ᠤᠶᠠᠯᠳᠤᠭᠤᠯᠤᠭᠰᠠᠨ ᠤᠷᠤᠨ ᠲᠠᠷᠢᠮᠠᠯ ᠤᠨ ᠦᠢᠯᠡᠰ ᠤᠨ ᠪᠦᠳᠦᠴᠡ ᠪᠠᠨ ᠢᠳᠡᠪᠬᠢᠳᠠᠢ ᠲᠤᠬᠢᠷᠠᠭᠤᠯᠵᠦ᠂ ︽ᠠᠮᠦ | ᠪᠤᠳᠠᠭ᠎ᠠ ᠠᠴᠠ ᠳᠡᠵᠢᠭᠡᠯ ᠪᠤᠷᠳᠤᠭ᠎ᠠ ᠳᠡᠰᠢ ᠬᠤᠪᠢᠷᠠᠭᠤᠯᠬᠤ︾ ᠶᠢ ᠠᠬᠢᠭᠤᠯᠵᠦ᠂ ᠡᠷᠳᠡᠨᠢ ᠰᠢᠰᠢ᠂ ᠨᠠᠷᠢᠮᠦ᠂ ᠶᠤᠤᠮᠠᠢ᠂ | ᠴᠠᠷᠭᠠᠰᠦ ᠵᠡᠷᠭᠡ ᠨᠤᠭᠤᠭᠠᠨ ᠢᠶᠠᠷ ᠲᠠᠷᠤᠰᠢᠭᠤᠯᠬᠤ ᠡᠪᠡᠰᠦ ᠪᠤᠷᠳᠤᠭ᠎ᠠ ᠶᠢ ᠲᠠᠷᠢᠬᠤ ᠭᠡᠪᠴᠢᠶ᠎ᠠ ᠪᠠᠨ ᠦᠷᠭᠡᠳᠭᠡᠵᠦ᠂ | ᠤᠰᠤᠯᠠᠯᠳᠠ ᠪᠠᠷ ᠭᠤᠤᠯ ᠪᠤᠯᠭᠠᠭᠰᠠᠨ ᠳᠠᠷᠢᠮᠠᠯ ᠪᠡᠯᠴᠢᠭᠡᠷ ᠪᠤᠯᠤᠨ ᠦᠨᠳᠦᠷ ᠤᠨᠠᠯᠳᠠᠳᠦ ᠪᠤᠷᠳᠤᠭᠠᠨ ᠰᠠᠭᠤᠷᠢᠨ ᠢ | ᠪᠦᠳᠦᠭᠡᠨ ᠪᠠᠶᠢᠭᠤᠯᠤᠨ᠎ᠠ᠃ ᠮᠠᠯᠵᠢᠬᠤ ᠤᠷᠤᠨ ᠪᠠᠶᠢᠭᠠᠯᠢᠯᠢᠭ ᠪᠡᠯᠴᠢᠭᠡᠷ ᠬᠠᠳᠤᠯᠠᠩ ᠢ ᠬᠠᠮᠠᠭᠠᠯᠠᠬᠤ ᠪᠠ ᠪᠦᠳᠦᠭᠡᠨ | ᠪᠠᠶᠢᠭᠤᠯᠬᠤ ᠶᠢ ᠲᠤᠪᠤᠶᠢᠯᠭᠠᠨ ᠠᠳᠬᠤᠵᠦ᠂ ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠬᠠᠤ ᠪᠤᠯᠤᠨ ᠠᠮᠢ ᠠᠬᠤᠢ ᠶᠢᠨ | ᠱᠠᠩᠨᠠᠯ ᠨᠦᠭᠦᠪᠦᠷᠢ ᠶᠢᠨ ᠲᠦᠷᠦ ᠶᠢᠨ ᠪᠤᠳᠤᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠦ᠂ ᠪᠠᠶᠢᠭᠠᠯᠢᠯᠢᠭ ᠡᠪᠡᠰᠦ ᠬᠠᠳᠤᠯᠠᠩ ᠢ | ᠬᠠᠳᠤᠵᠦ ᠨᠦᠭᠡᠴᠡᠯᠡᠬᠦ ᠬᠠᠮᠢᠶᠠᠷᠤᠯᠳᠠ ᠶᠢᠨ ᠲᠦᠷᠢᠮ ᠢ ᠴᠢᠩᠭ᠎ᠠ ᠭᠡᠷᠡᠭᠵᠢᠭᠦᠯᠵᠦ᠂ ᠪᠠᠶᠢᠭᠠᠯᠢᠯᠢᠭ ᠪᠡᠯᠴᠢᠭᠡᠷ ᠤᠨ ᠡᠬᠢ | ᠪᠠᠶᠠᠯᠢᠭ ᠢ ᠰᠢᠨᠵᠢᠯᠡᠭᠦ ᠤᠬᠠᠭᠠᠨᠴᠢ ᠪᠠᠷ ᠵᠤᠬᠢᠰᠳᠠᠢ ᠠᠰᠢᠬᠯᠠᠨ᠎ᠠ᠃ ᠡᠯᠡᠰᠦ ᠡᠪᠡᠰᠦᠨ ᠤ ᠠᠵᠦ ᠦᠢᠯᠡᠰ ᠪᠤᠯᠤᠨ ᠳᠡᠵᠢᠭᠡᠯ | ᠡᠪᠡᠰᠦ ᠪᠤᠷᠳᠤᠭ᠎ᠠ ᠡᠳ᠋ᠰᠢᠭᠦᠯᠦᠨ ᠪᠤᠯᠪᠠᠰᠤᠷᠠᠭᠤᠯᠬᠤ ᠦᠢᠯᠡᠰ ᠢ ᠵᠤᠷᠢᠬᠵᠢᠭᠤᠯᠤᠨ ᠭᠦᠭᠵᠢᠭᠦᠯᠵᠦ᠂ ᠳᠡᠵᠢᠭᠡᠯ ᠡᠪᠡᠰᠤ | ᠪᠤᠯᠪᠠᠰᠤᠷᠠᠭᠤᠯᠤᠨ ᠨᠦᠭᠡᠴᠡᠯᠡᠬᠦ ᠲᠦᠷᠢᠮ ᠪᠤᠯᠤᠨ ᠨᠤᠭᠤᠭᠠᠨ ᠲᠠᠷᠤᠰᠢ ᠶᠢᠨ ᠡᠪᠡᠰᠤ ᠪᠤᠷᠳᠤᠭ᠎ᠠ ᠦᠢᠯᠡᠳᠪᠦᠷᠢᠯᠡᠭᠦ | ᠦᠢᠯᠡᠴᠢᠯᠡᠭᠡᠨ ᠤ ᠲᠤᠭᠳᠠᠯᠴᠠᠭ᠎ᠠ ᠶᠢ ᠪᠠᠶᠢᠭᠤᠯᠤᠨ ᠲᠡᠭᠦᠯᠳᠡᠷᠵᠢᠭᠦᠯᠵᠦ᠂ ᠦᠭᠡᠷ ᠮᠠᠯᠵᠢᠬᠤ ᠠᠵᠦ ᠦᠢᠯᠡᠰ ᠤᠨ | ᠭᠦᠭᠵᠢᠯᠳᠡ ᠳᠤ ᠪᠠᠳᠤᠯᠠᠭ᠎ᠠ ᠬᠠᠨᠭ᠍ᠭᠠᠨ᠎ᠠ᠃ | ︵ᠶᠢᠰᠦ︶ ᠪᠦᠭᠦ ᠠᠵᠦ ᠦᠢᠯᠡᠰ ᠤᠨ ᠭᠡᠯᠬᠢᠶᠡᠵᠢᠯ ᠤᠨ ᠦᠢᠯᠡᠴᠢᠯᠡᠭᠡᠨ ᠤ ᠲᠤᠬᠳᠠᠯᠴᠠᠭ᠎ᠠ ᠶᠢ ᠪᠠᠶᠢᠭᠤᠯᠤᠨ᠎ᠠ᠃ ᠦᠪᠤᠷ | ᠮᠤᠩᠭᠤᠯ ᠤᠨ ᠡᠬᠢ ᠪᠠᠶᠠᠯᠢᠭ ᠲᠠᠭᠠᠨ ᠰᠠᠭᠤᠷᠢᠯᠠᠵᠦ᠂ ᠤᠮᠠᠷᠠᠳᠦ ᠤᠷᠤᠨ ᠵᠡᠭᠦᠨ ᠬᠤᠶᠢᠳᠦ ᠤᠷᠤᠨ ᠢ ᠨᠦᠯᠦᠭᠡᠯᠡᠵᠦ᠂ | ᠪᠦᠭᠦ ᠤᠯᠤᠰ ᠲᠤ ᠬᠠᠨᠳᠤᠭᠤᠯᠬᠤ ᠬᠠᠷᠠᠯᠳᠠ ᠪᠠᠷ᠂ ᠰᠢᠯᠢ ᠶᠢᠨ ᠭᠤᠤᠯ ᠠᠶᠢᠮᠠᠭ ᠤᠨ ᠦᠭᠡᠷ ᠬᠤᠨᠢᠨ ᠮᠢᠬᠠᠨ ᠤ | ᠠᠷᠠᠯᠵᠢᠶᠠᠨ ᠤ ᠲᠦᠪ ᠢ ᠲᠦᠯᠦᠪᠵᠢᠭᠦᠯᠦᠨ ᠪᠦᠳᠦᠭᠡᠨ ᠪᠠᠶᠢᠭᠤᠯᠵᠦ᠂ ᠪᠡᠯᠡᠨ ᠪᠠᠷᠠᠭ᠎ᠠ᠂ ᠬᠤᠭᠤᠴᠠᠭᠠᠳᠦ ᠪᠠᠷᠠᠭ᠎ᠠ ᠵᠢᠴᠢ | ᠦᠰᠭᠡᠨ ᠦᠷᠡᠵᠢᠭᠦᠯᠭᠦ᠂ ᠡᠳ᠋ᠰᠢᠭᠦᠯᠵᠦ ᠪᠤᠷᠤᠯᠠᠭᠤᠯᠬᠤ᠂ ᠬᠠᠳᠠᠭᠠᠯᠠᠬᠤ᠂ ᠪᠤᠳᠠᠰ ᠤᠨ ᠭᠦᠢᠯᠭᠡᠭᠡ ᠵᠡᠷᠭᠡ ᠶᠢ | ᠲᠦᠪᠯᠡᠷᠡᠭᠦᠯᠦᠨ ᠨᠢᠭᠡ ᠴᠤᠭᠴᠠᠵᠢᠭᠤᠯᠤᠭᠰᠠᠨ ᠶᠡᠷᠦᠩᠭᠡᠶᠢᠯᠡᠭᠰᠡᠨ ᠴᠢᠨᠠᠷᠳᠠᠢ ᠦᠭᠡᠷ ᠬᠤᠨᠢᠨ ᠮᠢᠠᠬᠨ ᠤ ᠠᠷᠠᠯᠵᠢᠶ᠎ᠠ ᠵᠢᠴᠢ | ᠰᠢᠯᠢᠳᠡᠭ ᠡᠭᠦᠯᠳᠡᠷ ᠤᠨ ᠮᠠᠯ ᠤᠨ ᠠᠷᠠᠯᠵᠢᠶᠠᠨ ᠤ ᠲᠠᠪᠴᠠᠩ ᠢ ᠪᠠᠶᠢᠭᠤᠯᠤᠨ᠎ᠠ᠃ ᠭᠤᠤᠯᠳᠠᠯᠭ᠎ᠠ ᠲᠠᠢ ᠲᠤᠯᠤᠭᠠᠢᠢᠯᠠᠭᠴᠢ | ᠠᠵᠦ ᠠᠬᠤᠢᠢᠯᠠᠯ ᠢᠶᠠᠷ ᠠᠴᠢᠶᠠᠯᠠᠪᠤᠷᠢ ᠪᠤᠯᠭᠠᠵᠦ᠂ ᠪᠦᠭᠦ ᠠᠶᠢᠮᠠᠭ ᠤᠨ ᠭᠡᠪᠴᠢᠶᠡᠨ ᠳᠤ ᠭᠦᠯᠳᠡᠭᠡᠨ ᠬᠠᠳᠠᠭᠠᠯᠠᠵᠦ | ᠵᠦᠭᠡᠭᠡᠪᠦᠷᠢᠯᠡᠭᠦ ᠪᠤᠳᠠᠰ ᠤᠨ ᠭᠦᠢᠯᠭᠡᠭᠡᠨ ᠤ ᠲᠤᠬᠳᠠᠯᠴᠠᠭ᠎ᠠ ᠶᠢ ᠲᠦᠷᠭᠡᠳᠭᠡᠨ ᠪᠠᠶᠢᠭᠤᠯᠤᠨ᠎ᠠ᠃ ᠪᠡᠭᠡᠵᠢᠩ ᠰᠢᠯᠢ ᠶᠢᠨ | ᠭᠤᠤᠯ ᠤᠨ ᠬᠠᠮᠳᠤᠷᠠᠯᠴᠠᠭ᠎ᠠ ᠶᠢ ᠭᠦᠨᠵᠡᠭᠡᠶᠢᠷᠡᠭᠦᠯᠵᠦ᠂ ᠰᠢᠯᠢ ᠶᠢᠨ ᠭᠤᠤᠯ ᠤᠨ ᠢᠳᠡᠭᠡᠨ ᠤ ᠵᠦᠢᠯ ᠢ ᠰᠢᠯᠭᠠᠨ | ᠪᠠᠶᠢᠴᠠᠭᠠᠬᠤ ᠪᠤᠯᠤᠨ ᠲᠦᠭᠰᠢᠭᠦᠷᠢ ᠶᠢ ᠦᠨᠡᠯᠡᠭᠦ ᠲᠦᠪ ᠢ ᠤᠯᠤᠰ ᠤᠨ ᠲᠡᠰ ᠤᠨ ᠤᠷᠤᠨ ᠲᠤᠭᠤᠷᠢᠭ ᠤᠨ ᠮᠠᠯ ᠤᠨ ᠠᠰᠢᠭ | ᠰᠢᠮ᠎ᠠ ᠶᠢᠨ ᠪᠦᠳᠦᠭᠡᠭᠳᠡᠭᠦᠨ ᠤ ᠤᠨᠴᠠᠯᠢᠬᠳᠦ ᠰᠢᠯᠭᠠᠨ ᠪᠠᠶᠢᠴᠠᠭᠠᠬᠤ ᠪᠤᠯᠤᠨ ᠲᠦᠭᠰᠢᠭᠦᠷᠢ ᠶᠢ ᠦᠨᠡᠯᠡᠭᠦ ᠲᠦᠪ ᠪᠤᠯᠭᠠᠨ | ᠪᠦᠳᠦᠭᠡᠨ ᠪᠠᠶᠢᠭᠤᠯᠵᠦ᠂ ᠰᠢᠯᠢᠳᠡᠭ ᠡᠭᠦᠯᠳᠡᠷ ᠤᠨ ᠦᠭᠡᠷ ᠤᠨ ᠠᠵᠦ ᠦᠢᠯᠡᠰ ᠤᠨ ᠪᠦᠳᠦᠭᠡᠭᠳᠡᠭᠦᠨ ᠤ ᠶᠠᠰᠦ ᠴᠢᠨᠠᠷ | ᠠᠮᠦᠷ ᠲᠦᠪᠰᠢᠨ ᠤ ᠮᠡᠷᠭᠡᠵᠢᠯ ᠤᠨ ᠲᠤᠯᠭᠠᠭᠤᠷᠢᠯᠠᠬᠤ ᠴᠢᠳᠠᠪᠤᠷᠢ ᠶᠢ ᠲᠡᠭᠡᠭᠰᠢᠯᠡᠭᠦᠯᠦᠨ᠎ᠠ᠃ ︽ᠢᠨᠲ᠋ᠧᠷ ᠰᠦᠯᠵᠢᠶ᠎ᠠ + | ᠤᠳᠤ ᠦᠶ᠎ᠠ ᠶᠢᠨ ᠮᠠᠯ ᠠᠵᠦ ᠠᠬᠤᠢ︾ ᠶᠢ ᠭᠦᠢᠴᠡᠳ ᠠᠰᠢᠭᠯᠠᠵᠦ᠂ ᠤᠳᠤ ᠦᠶ᠎ᠠ ᠶᠢᠨ ᠮᠠᠯ ᠠᠵᠦ ᠠᠬᠤᠢ ᠶᠢᠨ ᠲᠤᠮᠤ | ᠳ᠋ᠠᠶᠢᠲ᠋ᠠ ᠬᠦᠮᠦᠷᠭᠡ ᠶᠢᠨ ᠲᠠᠪᠴᠠᠩ ᠤᠨ ᠪᠦᠳᠦᠭᠡᠨ ᠪᠠᠶᠢᠭᠤᠯᠤᠯᠳᠠ ᠶᠢ ᠲᠦᠷᠭᠡᠳᠭᠡᠵᠦ᠂ ᠪᠦᠭᠦ ᠤᠯᠤᠰ ᠤᠨ ᠬᠠᠮᠤᠬ | ᠳᠦᠷᠦᠬᠦᠨ ᠤ ᠤᠳᠤ ᠦᠶ᠎ᠠ ᠶᠢᠨ ᠮᠠᠯ ᠠᠵᠦ ᠠᠬᠤᠢ ᠶᠢᠨ ᠲᠤᠮᠤ ᠳ᠋ᠠᠶᠢᠲ᠋ᠠ ᠬᠦ᠋ᠮᠦᠷᠭᠡ ᠶᠢᠨ ᠭᠡᠷᠡᠭᠯᠡᠭᠡᠨ ᠤ ᠲᠤᠷᠰᠢᠯᠳᠠ ᠶᠢᠨ | ᠭᠠᠵᠠᠷ ᠢ ᠪᠠᠶᠢᠭᠤᠯᠦᠨ᠎ᠠ︔ ᠡᠯᠧᠺᠲᠷᠦᠨ ᠬᠤᠳᠠᠯᠳᠤᠭ᠎ᠠ ᠶᠢ ᠭᠦᠭᠵᠢᠭᠦᠯᠭᠦ ᠪᠤᠯᠤᠨ ᠬᠤᠳᠠᠯᠳᠤᠭ᠎ᠠ ᠲᠡᠯᠭᠡᠭᠦᠷ ᠢ | ᠤᠶᠠᠯᠳᠤᠭᠤᠯᠬᠤ ᠂ ᠤᠯᠠᠨ ᠭᠡᠯᠪᠡᠷᠢ ᠪᠠᠷ ᠪᠤᠷᠤᠯᠠᠭᠤᠯᠬᠤ ᠶᠢ ᠵᠤᠷᠢᠬᠵᠢᠭᠤᠯᠤᠨ᠎ᠠ︔ ᠰᠢᠯᠢᠳᠡᠭ ᠡᠭᠦᠯᠳᠡᠷ ᠤᠨ ᠦᠭᠡᠷ ᠤᠨ | ᠡᠬᠦᠯᠳᠡᠷ ᠤᠭᠰᠠᠭ᠎ᠠ᠂ ᠪᠤᠳᠠᠭᠠᠯᠢ ᠪᠡᠶ᠎ᠠ᠂ ᠦᠰᠦᠯᠳᠡ ᠪᠤᠶᠢᠵᠢᠯᠳᠠ ᠶᠢᠨ ᠪᠠᠶᠢᠳᠠᠯ ᠵᠡᠷᠭᠡ ᠶᠢᠨ ᠲᠠᠩᠰᠠ ᠡᠪᠭᠡᠮᠡᠯ ᠤᠨ | ᠳ᠋ᠠᠶᠢᠲ᠋ᠠ ᠭᠦᠮᠦᠷᠭᠡ ᠶᠢ ᠪᠠᠶᠢᠭᠤᠯᠵᠦ᠂ RFID ︵ᠰᠠᠴᠤᠷᠠᠭ ᠲᠠᠪᠳᠠᠮᠵᠢ ᠶᠢ ᠢᠯᠭᠠᠨ ᠲᠠᠨᠢᠬᠤ︶ ᠵᠡᠷᠭᠡ ᠮᠡᠷᠭᠡᠵᠢᠯ ᠢ | ᠭᠡᠷᠡᠭᠯᠡᠵᠦ᠂ ᠪᠦᠭᠦ ᠠᠵᠦ ᠦᠢᠯᠡᠰ ᠤᠨ ᠮᠦᠷᠳᠡᠨ ᠨᠡᠭᠡᠮᠵᠢᠯᠡᠭᠦ ᠰᠢᠰᠲᠧᠮ ᠢ ᠪᠠᠶᠢᠭᠤᠯᠵᠦ᠂ ᠮᠠᠯᠵᠢᠯ ᠤᠨ ᠲᠠᠯᠠᠪᠠᠢ ᠠᠴᠠ | ᠬᠤᠭᠤᠯᠠᠨ ᠰᠢᠷᠡᠭᠡᠨ ᠳᠤ ᠭᠦᠷᠳᠡᠯᠡᠭᠢ ᠪᠦᠭᠦ ᠶᠠᠪᠤᠴᠠ ᠶᠢ᠂ ᠬᠢᠨᠠᠨ ᠡᠵᠡᠮᠳᠡᠭᠦ ᠪᠠ ᠶᠠᠰᠦ ᠴᠢᠨᠠᠷ ᠢ ᠮᠦᠷᠳᠡᠨ ᠨᠡᠭᠡᠮᠵᠢᠯᠡᠭᠦ ᠶᠢ | ᠪᠡᠶᠡᠯᠡᠭᠦᠯᠦᠨ᠎ᠠ᠃ ︽ᠰᠢᠯᠢ ᠶᠢᠨ ᠭᠤᠤᠯ ᠤᠨ ᠦᠭᠡᠷ ᠤᠨ ᠮᠢᠬ᠎ᠠ︾ ᠭᠡᠬᠦ ᠪᠤᠬᠢᠷᠳᠦᠯ ᠦᠭᠡᠢ ᠨᠠᠷᠡᠳᠦ ᠲᠠᠮᠳᠡᠭ ᠢ ᠭᠡᠷᠡᠭᠯᠡᠭᠦ | ᠬᠠᠮᠢᠶᠠᠷᠤᠯᠳᠡ ᠶᠢᠨ ᠠᠷᠭ᠎ᠠ ᠶᠢ ᠰᠤᠳᠤᠯᠤᠨ ᠲᠤᠭᠳᠠᠭᠠᠵᠦ᠂ ᠨᠡᠷᠡᠳᠦ ᠲᠡᠮᠳᠡᠭ ᠤᠨ ᠬᠠᠮᠠᠭᠠᠯᠠᠯᠳᠠ ᠬᠠᠮᠢᠶᠠᠷᠤᠯᠳᠠ ᠶᠢ | ᠴᠢᠩᠭᠠᠳᠬᠠᠵᠦ᠂ ᠰᠢᠯᠢ ᠶᠢᠨ ᠭᠤᠤᠯ ᠤᠨ ᠲᠠᠯ᠎ᠠ ᠨᠤᠳᠤᠭ ᠤᠨ ᠦᠭᠡᠷ ᠤᠨ ᠮᠢᠬᠠᠨ ᠤ ᠪᠦᠳᠦᠭᠡᠭᠳᠡᠭᠦᠨ ᠤ ᠨᠡᠷᠡᠳᠦ | ᠲᠡᠮᠳᠡᠭ ᠢ ᠦᠷᠭᠡᠳᠭᠡᠵᠦ᠂ ᠦᠨᠳᠦᠷ ᠦᠨ᠎ᠠ ᠬᠦᠷᠬᠡᠨ᠎ᠠ᠃ | ︵ᠠᠷᠪᠠ︶ ᠲᠦᠭᠰᠢᠭᠦᠷᠢ ᠶᠢ ᠰᠡᠷᠭᠡᠶᠢᠯᠡᠨ ᠡᠵᠡᠮᠳᠡᠭᠦ ᠲᠤᠭᠳᠠᠯᠴᠠᠭ᠎ᠠ ᠶᠢ ᠪᠠᠶᠢᠭᠤᠯᠤᠨ ᠲᠡᠭᠦᠯᠳᠡᠷᠵᠢᠭᠦᠯᠦᠨ᠎ᠠ᠃ ᠭᠠᠨᠭ᠌ | ᠬᠠᠭᠰᠠᠷᠠᠭᠠᠨ᠂ ᠴᠠᠰᠦ ᠵᠤᠳ ᠵᠢᠴᠢ ᠡᠯᠡᠰᠦᠨ ᠰᠢᠭᠤᠷᠭ᠎ᠠ ᠵᠡᠷᠭᠡ ᠤᠨᠴᠠᠭᠠᠢ ᠠᠭᠤᠷ ᠠᠮᠢᠰᠬᠤᠯ ᠠᠴᠠ ᠪᠤᠯᠵᠦ ᠦᠭᠡᠷ | ᠦᠰᠭᠡᠨ ᠦᠷᠡᠵᠢᠭᠦᠯᠭᠦ ᠳᠤ ᠤᠴᠠᠷᠠᠭᠤᠯᠬᠤ ᠪᠠᠶᠢᠭᠠᠯᠢ ᠶᠢᠨ ᠭᠠᠮᠰᠢᠭ ᠲᠦᠭᠰᠢᠭᠦᠷᠢ ᠶᠢ ᠢᠳᠡᠪᠬᠢᠳᠠᠢ ᠰᠡᠷᠭᠡᠶᠢᠯᠡᠵᠦ᠂ ᠮᠠᠨ ᠤ | ᠠᠶᠢᠮᠠᠭ ᠤᠨ ᠠᠭᠤᠷ ᠠᠮᠢᠰᠬᠤᠯ ᠤᠷᠴᠢᠨ ᠲᠤᠭᠤᠷᠢᠨ ᠤ ᠤᠨᠴᠠᠯᠢᠭ ᠲᠤ ᠲᠤᠬᠢᠷᠠᠭᠰᠠᠨ ᠭᠠᠮᠰᠢᠭ ᠠᠴᠠ ᠰᠡᠷᠭᠡᠶᠢᠯᠡᠭᠦ | ᠰᠠᠭᠤᠷᠢ ᠲᠦᠭᠦᠭᠡᠷᠦᠮᠵᠢ ᠶᠢ ᠪᠦᠳᠦᠭᠡᠨ ᠪᠠᠶᠢᠭᠤᠯᠵᠦ᠂ ᠮᠠᠯ ᠲᠠᠷᠢᠶᠠᠯᠠᠩ ᠦ᠋ᠯᠡᠳᠪᠦᠷᠢᠯᠡᠯ ᠤᠨ ᠴᠠᠭ ᠠᠭᠤᠷ ᠢ ᠤᠷᠢᠳᠴᠢᠯᠠᠨ | ᠰᠡᠷᠡᠮᠵᠢᠯᠡᠭᠦᠯᠭᠦ ᠰᠢᠰᠲᠧᠮ ᠢ ᠪᠠᠶᠢᠭᠤᠯᠤᠨ ᠲᠡᠭᠦᠯᠳᠡᠷᠵᠢᠭᠦᠯᠵᠦ᠂ ᠪᠠᠶᠢᠭᠠᠯᠢ ᠶᠢᠨ ᠭᠠᠮᠰᠢᠭ ᠢ ᠳᠤᠭᠤᠯᠬᠤ ᠴᠢᠳᠠᠪᠤᠷᠢ ᠶᠢ | ᠲᠡᠭᠡᠭᠰᠢᠯᠡᠭᠦᠯᠦᠨ᠎ᠠ᠃ ᠵᠠᠰᠠᠭ ᠤᠨ ᠤᠷᠳᠤᠨ ᠠᠴᠠ ᠦᠢᠯᠡᠴᠢᠯᠡᠭᠡ ᠶᠢ ᠬᠤᠳᠠᠯᠳᠤᠨ ᠠᠪᠬᠤ᠂ ᠵᠠᠬ᠎ᠠ ᠲᠡᠯᠭᠡᠭᠦᠷᠴᠢᠯᠡᠭᠰᠡᠨ | ᠠᠵᠢᠯᠯᠠᠭ᠎ᠠ ᠶᠢ ᠬᠠᠷᠢᠯᠴᠠᠨ ᠤᠶᠠᠯᠳᠤᠭᠤᠯᠬᠤ ᠭᠡᠯᠪᠡᠷᠢ ᠪᠠᠷ᠂ ᠭᠤᠷᠪᠠᠳᠤᠭᠠᠷ ᠡᠳᠡᠭᠡᠳ ᠠᠴᠠ ᠲᠡᠵᠢᠭᠡᠨ ᠦᠷᠡᠵᠢᠭᠦᠯᠭᠦ | ᠡᠷᠦᠭᠡ ᠳᠤ ᠬᠢᠵᠢᠭ ᠭᠡᠮ ᠢ ᠰᠡᠷᠭᠡᠶᠢᠯᠡᠨ ᠵᠠᠰᠠᠬᠤ ᠦᠢᠯᠡᠴᠢᠯᠡᠭᠡ ᠬᠠᠨᠭ᠍ᠭᠠᠵᠦ᠂ ᠠᠮᠢᠳᠠᠨ ᠤ ᠬᠢᠵᠢᠭ ᠭᠡᠮ ᠢ ᠬᠢᠨᠠᠨ ᠡᠵᠡᠮᠳᠡᠭᠦ᠂ | ᠰᠢᠯᠭᠠᠨ ᠪᠠᠶᠢᠴᠠᠭᠠᠬᠤ᠂ ᠰᠡᠷᠭᠡᠶᠢᠯᠡᠭᠦ᠂ ᠰᠢᠢᠳᠪᠦᠷᠢᠯᠡᠭᠦ᠂ ᠬᠢᠨᠠᠯᠳᠠ ᠲᠠᠯᠪᠢᠬᠤ ᠰᠢᠰᠲ᠋ᠧᠮ ᠢ ᠪᠠᠶᠢᠭᠤᠯᠤᠨ | ᠲᠡᠭᠦᠯᠳᠡᠷᠵᠢᠭᠦᠯᠦᠨ᠎ᠠ᠃ ᠵᠠᠰᠠᠭ ᠤᠨ ᠤᠷᠳᠤᠨ᠂ ᠠᠵᠦ ᠠᠬᠤᠢᠢᠯᠠᠯ ᠪᠤᠯᠤᠨ ᠮᠠᠯᠴᠢᠨ ᠲᠠᠷᠢᠶᠠᠴᠢᠨ ᠡᠷᠦᠭᠡ ᠬᠠᠮᠳᠤᠪᠡᠷ | ᠤᠷᠤᠯᠴᠠᠭᠰᠠᠨ ᠦᠨ᠎ᠠ ᠬᠠᠨᠭ᠍ᠰᠢ ᠶᠢᠨ ᠲᠦᠭᠰᠢᠭᠦᠷᠢ ᠶᠢᠨ ᠲᠤᠬᠢᠷᠠᠭᠤᠯᠤᠯᠳᠠ ᠶᠢᠨ ᠰᠠᠭᠤᠷᠢ ᠮᠦᠡᠭᠭᠦ ᠶᠢ ᠪᠠᠶᠢᠭᠤᠯᠵᠦ᠂ | ᠦᠭᠡᠷ ᠤᠨ ᠮᠢᠬᠠᠨ ᠤ ᠵᠠᠬ᠎ᠠ ᠲᠡᠯᠭᠡᠭᠦᠷ ᠤᠨ ᠦᠨ᠎ᠠ ᠬᠠᠨᠭ᠍ᠰᠢ ᠶᠢᠨ ᠭᠡᠯᠪᠡᠯᠵᠡᠯᠳᠡ ᠶᠢ ᠢᠳᠡᠪᠬᠢᠳᠠᠢ ᠠᠷᠭᠠᠴᠠᠨ᠎ᠠ᠃ ᠰᠢᠯᠢᠳᠡᠭ | ᠡᠭᠦᠯᠳᠡᠷ ᠤᠨ ᠦᠭᠡᠷ ᠢ ᠦᠪᠡᠷᠳᠡᠭᠡᠨ ᠵᠠᠰᠠᠬᠤ ᠤᠷᠤᠨ᠂ ᠤᠯᠤᠰ ᠤᠨ ᠲᠦᠷᠦ ᠶᠢᠨ ᠪᠤᠳᠤᠯᠭ᠎ᠠ ᠶᠢᠨ ᠴᠢᠨᠠᠷᠳᠠᠢ ᠬᠦᠳᠡᠭᠡ | ᠠᠵᠦ ᠠᠬᠤᠢ ᠶᠢᠨ ᠲᠠᠭᠠᠳᠬᠠᠯ ᠪᠠᠳᠤᠯᠠᠭ᠎ᠠ ᠶᠢᠨ ᠭᠡᠪᠴᠢᠶᠡᠨ ᠳᠤ ᠤᠷᠤᠭᠤᠯᠬᠤ ᠪᠠᠷ ᠢᠳᠡᠪᠬᠢᠳᠠᠢ ᠡᠷᠡᠮᠡᠯᠵᠡᠯᠡᠨᠠ︔ | ᠲᠡᠵᠢᠭᠡᠨ ᠦᠷᠡᠵᠢᠭᠦᠯᠭᠦ ᠡᠷᠦᠭᠡ᠂ ᠲᠡᠵᠢᠭᠡᠨ ᠦᠷᠡᠵᠢᠭᠦᠯᠭᠦ ᠠᠵᠦ ᠠᠬᠤᠢᠢᠯᠠᠯ ᠬᠤᠳᠠᠯᠳᠤᠭᠠᠨ ᠤ ᠲᠠᠭᠠᠳᠬᠠᠯ ᠤᠨ | ᠺᠤᠮᠫᠠᠨᠢ ᠲᠠᠢ ᠰᠢᠯᠢᠳᠡᠭ ᠡᠭᠦᠯᠳᠡᠷ ᠤᠨ ᠦᠭᠡᠷ ᠤᠨ ᠲᠠᠭᠠᠳᠬᠠᠯ ᠪᠠᠶᠢᠭᠤᠯᠬᠤ ᠶᠢ ᠵᠢᠯᠤᠭᠤᠳᠤᠨ ᠵᠤᠷᠢᠬᠵᠢᠭᠤᠯᠵᠦ᠂ ᠪᠦᠭᠦ | ᠠᠵᠦ ᠦᠢᠯᠡᠰ ᠤᠨ ᠭᠡᠯᠬᠢᠶᠡᠰᠦ ᠶᠢᠨ ᠲᠦᠭᠰᠢᠭᠦᠷᠢ ᠶᠢ ᠰᠡᠷᠭᠡᠶᠢᠯᠡᠬᠦ ᠴᠢᠳᠠᠪᠤᠷᠢ ᠶᠢ ᠲᠡᠭᠡᠭᠰᠢᠯᠡᠭᠦᠯᠦᠨ᠎ᠠ᠃ | ᠲᠦᠷᠪᠡ᠂ ᠲᠦᠷᠦ ᠶᠢᠨ ᠪᠤᠳᠤᠯᠭ᠎ᠠ ᠶᠢᠨ ᠲᠡᠮᠵᠢᠯᠭᠡ ᠶᠢᠨ ᠡᠷᠴᠢᠮ ᠢ ᠴᠢᠩᠭᠠᠷᠠᠭᠤᠯᠤᠨ᠎ᠠ | ︵ᠠᠷᠪᠠᠨ ᠨᠢᠭᠡ︶ ᠡᠳ᠋ ᠤᠨ ᠵᠠᠰᠠᠭ ᠤᠨ ᠪᠡᠯᠡ ᠤᠷᠤᠭᠤᠯᠤᠯᠳᠠ ᠶᠢ ᠨᠡᠮᠡᠭᠳᠡᠭᠦᠯᠦᠨ᠎ᠠ᠃ ᠲᠦᠪ᠂ ᠦᠪᠡᠷᠳᠡᠭᠡᠨ | ᠵᠠᠰᠠᠬᠤ ᠤᠷᠤᠨ ᠤ ᠡᠳ᠋ ᠤᠨ ᠵᠠᠰᠠᠭ ᠤᠨ ᠲᠤᠰᠬᠠᠢ ᠲᠦᠷᠦᠯ ᠤᠨ ᠪᠡᠯᠡ ᠮᠦᠡᠭᠭᠦ ᠶᠢ ᠢᠳᠡᠪᠬᠢᠳᠠᠢ ᠡᠷᠡᠮᠡᠯᠵᠡᠯᠡᠵᠦ᠂ | ᠠᠶᠢᠮᠠᠭ ᠤᠨ ᠱᠠᠳᠤᠨ ᠤ ᠡᠳ᠋ ᠤᠨ ᠵᠠᠰᠠᠭ ᠵᠢᠯ ᠪᠦᠷᠢ ᠲᠤᠰᠬᠠᠢ ᠲᠦᠷᠦᠯ ᠤᠨ ᠪᠡᠯᠡ ᠮᠦᠡᠭᠭᠦ ᠶᠢ ᠲᠦᠰᠦᠪᠯᠡᠨ | ᠲᠤᠬᠢᠷᠠᠭᠤᠯᠵᠦ᠂ ᠡᠯ᠎ᠠ ᠬᠤᠰᠢᠭᠤ ᠰᠢᠶᠠᠨ ᠬᠤᠳᠠ ᠤᠷᠤᠨ ᠲᠤᠬᠠᠢ ᠶᠢᠨ ᠭᠠᠵᠠᠷ ᠤᠨ ᠰᠢᠯᠢᠳᠡᠭ ᠡᠭᠦᠯᠳᠡᠷ ᠤᠨ ᠦᠭᠡᠷ | ᠮᠠᠯᠵᠢᠬᠤ ᠠᠵᠦ ᠦᠢᠯᠡᠰ ᠤᠨ ᠭᠦᠭᠵᠢᠯᠳᠡ ᠶᠢᠨ ᠱᠠᠭᠠᠷᠳᠠᠯᠭ᠎ᠠ ᠪᠠᠨ ᠦᠨᠳᠦᠰᠦᠯᠡᠨ ᠢᠵᠢ ᠪᠦᠷᠢᠳᠦᠭᠦᠯᠦᠭᠰᠡᠨ ᠪᠡᠯᠡ | ᠮᠦᠡᠭᠭᠦ ᠶᠢ ᠨᠠᠶᠢᠳᠠᠪᠤᠷᠢᠵᠢᠭᠤᠯᠵᠦ᠂ ᠡᠯ᠎ᠠ ᠱᠠᠳᠤᠨ ᠤ ᠡᠳ᠋ ᠤᠨ ᠵᠠᠰᠠᠭ ᠲᠤᠰᠬᠠᠢ ᠲᠦᠷᠦᠯ ᠤᠨ ᠪᠡᠯᠡ ᠮᠦᠡᠭᠭᠦ ᠶᠢ | ᠭᠤᠤᠯᠳᠠᠭᠤ ᠭᠦᠦ ᠮᠦᠡᠭᠭᠦ ᠶᠢ ᠨᠢ ᠲᠦᠯᠦᠭᠦ᠂ ᠨᠦᠭᠦᠪᠦᠷᠢ ᠦᠭᠭᠦ᠂ ᠵᠠᠰᠠᠭ ᠤᠨ ᠤᠷᠳᠤᠨ ᠦᠢᠯᠡᠴᠢᠯᠡᠭᠡ ᠶᠢ ᠬᠤᠳᠠᠯᠳᠤᠨ | ᠠᠪᠬᠤ ᠵᠡᠷᠭᠡ ᠭᠡᠯᠪᠡᠷᠢ ᠪᠠᠷ ᠲᠠᠮᠵᠢᠭᠤᠯᠵᠦ᠂ ᠰᠢᠯᠢᠳᠡᠭ ᠡᠭᠦᠯᠳᠡᠷ ᠤᠨ ᠦᠭᠡᠷ ᠮᠠᠯᠵᠢᠬᠤ ᠠᠵᠦ ᠦᠢᠯᠡᠰ ᠢ ᠳᠡᠮᠵᠢᠨ | ᠵᠤᠷᠢᠬᠵᠢᠭᠤᠯᠤᠨ᠎ᠠ᠃ ᠠᠶᠢᠮᠠᠭ ᠤᠨ ᠡᠳ᠋ ᠤᠨ ᠵᠠᠰᠠᠭ᠂ ᠬᠢᠨᠠᠨ ᠪᠤᠳᠤᠬᠤ᠂ ᠬᠢᠨᠠᠨ ᠪᠠᠶᠢᠴᠠᠭᠠᠬᠤ ᠵᠡᠷᠭᠡ ᠰᠠᠯᠠᠭ᠎ᠠ | ᠮᠦᠴᠢᠷ ᠠᠴᠠ ᠰᠢᠯᠢᠳᠡᠭ ᠡᠭᠦᠯᠳᠡᠷ ᠤᠨ ᠦᠭᠡᠷ ᠮᠠᠯᠵᠢᠬᠤ ᠠᠵᠦ ᠦᠢᠯᠡᠰ ᠢ ᠲᠡᠮᠵᠢᠭᠦ ᠡᠳ᠋ ᠤᠨ ᠵᠠᠰᠠᠭ ᠤᠨ ᠪᠡᠯᠡ | ᠮᠦᠡᠭᠭᠦ ᠶᠢ ᠭᠡᠷᠡᠭᠯᠡᠭᠦ ᠬᠠᠮᠢᠶᠠᠷᠤᠯᠳᠡ ᠶᠢᠨ ᠠᠷᠭ᠎ᠠ ᠶᠢ ᠰᠤᠳᠤᠯᠤᠨ ᠲᠤᠭᠳᠠᠭᠠᠵᠦ ᠂ ᠵᠤᠷᠢᠬᠵᠢᠭᠤᠯᠬᠤ ᠨᠢᠭᠤᠷᠯᠠᠯ᠂ ᠭᠦᠷᠢᠶ᠎ᠠ | ᠭᠡᠪᠴᠢᠶ᠎ᠠ᠂ ᠨᠦᠭᠦᠴᠡᠯ᠂ ᠠᠷᠭ᠎ᠠ ᠭᠡᠯᠪᠡᠷᠢ᠂ ᠪᠠᠷᠢᠮᠵᠢᠶ᠎ᠠ᠂ ᠲᠡᠰ ᠲᠠᠷᠠᠭᠠᠯᠠᠯ ᠵᠡᠷᠭᠡ ᠶᠢ ᠲᠤᠳᠤᠷᠬᠠᠢᠢᠯᠠᠵᠦ᠂ ᠪᠡᠯᠡ | ᠮᠦᠡᠭᠭᠦ ᠶᠢ ᠭᠡᠷᠡᠭᠯᠡᠭᠦ ᠬᠠᠮᠢᠶᠠᠷᠤᠯᠳᠡ ᠪᠤᠯᠤᠨ ᠬᠢᠨᠠᠨ ᠪᠤᠳᠤᠵᠦ ᠬᠢᠨᠠᠯᠳᠡ ᠳᠠᠯᠪᠢᠬᠤ ᠶᠢ ᠴᠢᠩᠭ᠎ᠠ ᠲᠦᠷᠢᠮᠵᠢᠭᠦᠯᠵᠦ᠂ ᠪᠡᠯᠡ | ᠮᠦᠡᠭᠭᠦᠨ ᠤ ᠲᠦᠭᠰᠢᠭᠦᠷᠢ ᠶᠢ ᠰᠡᠷᠭᠡᠶᠢᠯᠡᠵᠦ᠂ ᠠᠮᠦᠷ ᠲᠦᠪᠰᠢᠨ ᠢ ᠪᠠᠳᠤᠯᠠᠵᠦ᠂ ᠬᠠᠮᠤᠭ ᠶᠡᠭᠡ ᠦᠷ᠎ᠠ ᠠᠰᠢᠭ ᠢ ᠦᠨᠡᠨᠭᠦ | ᠪᠠᠳᠠᠷᠠᠭᠤᠯᠤᠨ᠎ᠠ᠃ | ︵ᠠᠷᠪᠠᠨ ᠬᠤᠶᠠᠷ︶ ᠠᠵᠦ ᠦᠢᠯᠡᠰ ᠤᠨ ᠭᠦᠭᠵᠢᠯᠳᠡ ᠶᠢᠨ ᠰᠠᠭᠤᠷᠢ ᠮᠦᠡᠭᠭᠦ ᠶᠢ ᠪᠠᠶᠢᠭᠤᠯᠤᠨ᠎ᠠ᠃ᠵᠠᠰᠠᠭ ᠤᠨ | ᠤᠷᠳᠤᠨ ᠵᠢᠯᠤᠭᠤᠳᠤᠨ ᠳᠠᠭᠠᠭᠤᠯᠬᠤ᠂ ᠪᠠᠩᠭᠢ ᠪᠤᠯᠤᠨ ᠰᠠᠭᠤᠷᠢ ᠮᠦᠡᠭᠭᠦᠨ ᠤ ᠬᠠᠮᠢᠶᠠᠷᠤᠯᠳᠠ ᠶᠢᠨ ᠺᠤᠮᠫᠠᠨᠢ ᠬᠠᠮᠳᠤᠪᠡᠷ | ᠪᠡᠯᠡ ᠭᠠᠷᠭᠠᠬᠤ ᠵᠠᠬᠪᠤᠷ ᠢᠶᠠᠷ᠂ ᠠᠶᠢᠮᠠᠭ ᠤᠨ ᠱᠠᠳᠤᠨ ᠠᠴᠠ ᠤᠳᠤ ᠦᠶ᠎ᠠ ᠶᠢᠨ ᠮᠠᠯ ᠠᠵᠦ ᠠᠬᠤᠢ ᠶᠢ ᠭᠦᠭᠵᠢᠭᠦᠯᠭᠦ | ᠰᠠᠭᠤᠷᠢ ᠮᠦᠡᠭᠭᠦ ᠶᠢ ᠪᠠᠶᠢᠭᠤᠯᠵᠦ᠂ ᠰᠢᠯᠢᠳᠡᠭ ᠡᠭᠦᠯᠳᠡᠷ ᠤᠨ ᠦᠭᠡᠷ ᠮᠠᠯᠵᠢᠬᠤ ᠠᠵᠦ ᠦᠢᠯᠡᠰ ᠤᠨ ᠭᠤᠤᠯᠳᠠᠯᠭ᠎ᠠ ᠲᠠᠢ | ᠢᠨᠵᠧᠨᠧᠷᠢᠩ ᠢ ᠭᠡᠷᠡᠭᠵᠢᠭᠦᠯᠭᠦ ᠳᠤ ᠭᠡᠷᠡᠭᠯᠡᠨ᠎ᠠ᠃ ᠬᠠᠮᠢᠶ᠎ᠠ ᠪᠦᠭᠦᠢ ᠪᠠᠩᠭᠢ ᠲᠠᠢ ᠬᠤᠷᠰᠢᠯᠴᠠᠬᠤ ᠪᠠᠨ ᠴᠢᠩᠭᠠᠳᠬᠠᠵᠦ᠂ | ᠤᠳᠤ ᠦᠶ᠎ᠠ ᠶᠢᠨ ᠮᠠᠯ ᠠᠵᠦ ᠠᠬᠤᠢ ᠶᠢ ᠭᠦᠭᠵᠢᠭᠦᠯᠭᠦ ᠰᠠᠭᠤᠷᠢ ᠮᠦᠡᠭᠭᠦ ᠶᠢ ᠭᠡᠷᠡᠭᠯᠡᠬᠦ ᠬᠠᠮᠢᠶᠠᠷᠤᠯᠳᠠ ᠶᠢᠨ ᠠᠷᠭ᠎ᠠ ᠶᠢ | ᠰᠤᠳᠤᠯᠤᠨ ᠲᠤᠭᠳᠠᠭᠠᠨ᠎ᠠ᠃ ᠡᠭᠦᠨ ᠤ ᠬᠠᠮᠳᠦ᠂ PPP ᠵᠡᠷᠭᠡ ᠤᠯᠠᠨ ᠭᠡᠯᠪᠡᠷᠢ ᠶᠢᠨ ᠪᠡᠯᠡ ᠮᠦᠡᠭᠭᠦ ᠬᠤᠷᠠᠮᠳᠤᠭᠤᠯᠬᠤ | ᠵᠠᠬᠪᠤᠷ ᠢ ᠢᠳᠡᠪᠬᠢᠳᠠᠢ ᠭᠡᠷᠡᠭᠵᠢᠭᠦᠯᠵᠦ᠂ ᠨᠡᠶᠢᠭᠡᠮ ᠤᠨ ᠪᠡᠯᠡ ᠮᠦᠡᠭᠭᠦ ᠶᠢ ᠲᠠᠳᠠᠵᠦ ᠰᠢᠯᠢᠳᠡᠭ ᠡᠭᠦᠯᠳᠡᠷ ᠤᠨ ᠦᠭᠡᠷ | ᠮᠠᠯᠵᠢᠬᠤ ᠠᠵᠦ ᠦᠢᠯᠡᠰ ᠢ ᠭᠦᠭᠵᠢᠭᠦᠯᠭᠦ ᠳᠤ ᠪᠡᠯᠡ ᠤᠷᠤᠭᠤᠯᠤᠨ᠎ᠠ᠃ | ︵ᠠᠷᠪᠠᠨ ᠭᠤᠷᠪᠠ︶ ᠮᠦᠡᠭᠭᠦᠨ ᠭᠦᠢᠯᠭᠡᠭᠡᠨ ᠤ ᠵᠢᠭᠡᠯᠡᠯᠭᠡ ᠪᠠᠷ ᠲᠡᠮᠵᠢᠯᠭᠡ ᠦᠵᠡᠬᠦᠯᠬᠦ ᠶᠢ ᠴᠢᠩᠭᠠᠳᠬᠠᠨ᠎ᠠ᠃ ᠡᠯ᠎ᠠ | ᠬᠤᠰᠢᠭᠤ ᠰᠢᠶᠠᠨ ᠬᠤᠳᠠ ᠤᠷᠤᠨ ᠪᠤᠯᠤᠨ ᠡᠯ᠎ᠠ ᠬᠠᠮᠢᠶ᠎ᠠ ᠪᠦᠭᠦᠢ ᠰᠠᠯᠠᠭ᠎ᠠ ᠮᠦᠴᠢᠷ ᠤᠯᠤᠰ᠂ ᠦᠪᠡᠷᠳᠡᠭᠡᠨ ᠵᠠᠰᠠᠬᠤ | ᠤᠷᠤᠨ ᠤ ᠦᠭᠡᠷ ᠮᠠᠯᠵᠢᠬᠤ ᠠᠵᠦ ᠦᠢᠯᠡᠰ ᠤᠨ ᠢᠳᠡᠭᠡᠮᠵᠢᠳᠦ ᠵᠢᠭᠡᠯᠡᠯᠭᠡ ᠶᠢᠨ ᠬᠠᠷᠠᠭᠠᠯᠵᠠᠯ ᠤᠨ ᠲᠦᠷᠦ ᠶᠢᠨ | ᠪᠤᠳᠤᠯᠭ᠎ᠠ ᠶᠢ ᠢᠳᠡᠪᠬᠢᠳᠠᠢ ᠡᠷᠡᠮᠡᠯᠵᠡᠯᠡᠵᠦ᠂ ᠰᠢᠯᠢᠳᠡᠭ ᠡᠭᠦᠯᠳᠡᠷ ᠤᠨ ᠦᠭᠡᠷ ᠮᠠᠯᠵᠢᠬᠤ ᠠᠵᠦ ᠦᠢᠯᠡᠰ ᠢ ︽ᠮᠦᠡᠭᠭᠦᠨ | ᠭᠦᠢᠯᠭᠡᠭᠡ ᠪᠠᠷ ᠶᠠᠳᠠᠭᠤ ᠶᠢ ᠲᠡᠳᠭᠦᠵᠦ ᠠᠷᠠᠳ ᠢ ᠪᠠᠶᠠᠵᠢᠭᠤᠯᠬᠤ︾ ᠲᠦᠷᠦ ᠶᠢᠨ ᠪᠤᠳᠤᠯᠭ᠎ᠠ ᠶᠢᠨ ᠭᠡᠪᠴᠢᠶᠡᠨ ᠳᠤ | ᠤᠷᠤᠭᠤᠯᠵᠦ᠂ ᠬᠦᠳᠡᠭᠡ ᠠᠵᠥ ᠠᠬᠤᠢ ᠶᠢ ᠳᠡᠳᠬᠦᠬᠦ ᠵᠢᠭᠡᠯᠡᠯᠭᠡ᠂ ᠶᠠᠳᠠᠭᠤ ᠶᠢ ᠲᠡᠳᠭᠦᠬᠦ ᠵᠢᠭᠡᠯᠡᠯᠭᠡ ᠶᠢ ᠡᠷᠡᠮᠡᠯᠵᠡᠯᠡᠨ | ᠤᠯᠵᠦ᠂ ᠭᠠᠵᠠᠷ ᠤᠷᠤᠨ ᠤ ᠬᠠᠤᠯᠢ ᠶᠢᠨ ᠡᠷᠭᠡᠳᠡᠨ ᠤ ᠮᠦᠡᠭᠭᠦᠨ ᠭᠦᠢᠯᠭᠡᠭᠡᠨ ᠤ ᠪᠠᠶᠢᠭᠤᠯᠤᠮᠵᠢ ᠶᠢ ᠳᠠᠶᠢᠴᠢᠯᠠᠨ | ᠵᠢᠯᠤᠭᠤᠳᠴᠦ᠂ ᠬᠦᠳᠡᠭᠡ ᠠᠵᠥ ᠠᠬᠤᠢ ᠶᠢ ᠳᠡᠮᠵᠢᠬᠦ᠂ ᠶᠠᠳᠠᠭᠤ ᠶᠢ ᠲᠡᠳᠭᠦᠭᠦ ᠵᠢᠭᠡᠯᠡᠯᠭᠡ ᠶᠢᠨ ᠭᠤᠤᠯᠳᠠᠯᠭ᠎ᠠ ᠶᠢ ᠰᠢᠯᠢᠳᠡᠭ | ᠡᠭᠦᠯᠳᠡᠷ ᠤᠨ ᠦᠭᠡᠷ ᠮᠠᠯᠵᠢᠬᠤ ᠠᠵᠦ ᠦᠢᠯᠡᠰ ᠲᠡᠰᠢ ᠬᠠᠨᠳᠤᠭᠤᠯᠤᠨ᠎ᠠ᠃ ᠲᠤᠯᠤᠭᠠᠢᠢᠯᠠᠭᠴᠢ ᠠᠵᠦ ᠠᠬᠤᠢᠢᠯᠠᠯ ᠶᠠᠳᠠᠭᠤ | ᠭᠦᠴᠢᠷᠳᠡᠯᠳᠠᠢ ᠭᠠᠵᠠᠷ ᠤᠷᠤᠨ ᠳᠤ ᠰᠢᠯᠢᠳᠡᠭ ᠡᠭᠦᠯᠳᠡᠷ ᠤᠨ ᠦᠭᠡᠷ ᠮᠠᠯᠵᠢᠬᠤ ᠠᠵᠦ ᠦᠢᠯᠡᠰ ᠢ ᠭᠦᠭᠵᠢᠭᠦᠯᠭᠦ ᠶᠢ | ᠵᠤᠷᠢᠬᠵᠢᠭᠤᠯᠵᠦ᠂ ᠶᠠᠳᠠᠭᠤ ᠭᠦᠴᠢᠷᠳᠡᠯᠳᠠᠢ ᠮᠠᠯᠴᠢᠨ ᠲᠠᠷᠢᠶᠠᠴᠢᠨ ᠡᠷᠦᠭᠡ ᠶᠢ ᠦᠷᠭᠡᠨ ᠢᠶᠠᠷ ᠲᠠᠶᠢᠴᠢᠯᠠᠭᠰᠠᠨ᠂ | ᠤᠷᠤᠯᠭ᠎ᠠ ᠶᠢ ᠨᠢ ᠨᠡᠮᠡᠭᠳᠡᠭᠦᠯᠦᠭᠰᠡᠨ ᠲᠠᠯ᠎ᠠ ᠪᠠᠷ ᠦᠷ᠎ᠠ ᠪᠦᠳᠦᠮᠵᠢ ᠰᠠᠶᠢᠨ ᠢ ᠨᠢ ᠭᠦᠦ ᠮᠦᠡᠭᠭᠦ ᠶᠢ ᠨᠢ ᠲᠦᠯᠦᠭᠦ | ᠶᠠᠳᠠᠭᠤ ᠶᠢ ᠲᠡᠳᠭᠦᠭᠦ ᠵᠢᠭᠡᠯᠡᠯᠭᠡ ᠶᠢᠨ ᠲᠦᠷᠦᠯ ᠵᠦᠢᠯ ᠤᠨ ᠭᠦᠮᠦᠷᠭᠡ ᠳᠤ ᠤᠷᠢᠳᠠᠪᠡᠷ ᠤᠷᠤᠭᠤᠯᠵᠦ᠂ ᠬᠠᠮᠢᠶ᠎ᠠ ᠪᠦᠭᠦᠢ | ᠲᠦᠷᠦ ᠶᠢᠨ ᠪᠤᠳᠤᠯᠭ᠎ᠠ ᠶᠢ ᠦᠨᠳᠦᠰᠦᠯᠡᠨ ᠭᠦᠦ ᠮᠦᠡᠭᠭᠦ ᠶᠢ ᠨᠢ ᠲᠦᠯᠦᠵᠦ ᠲᠡᠮᠵᠢᠨ᠎ᠠ᠃ | ︵ᠠᠷᠪᠠᠨ ᠲᠦᠷᠪᠡ︶ ᠪᠡᠯᠡ ᠤᠷᠤᠭᠤᠯᠤᠯᠳᠠ ᠶᠢᠨ ᠤᠬᠢ ᠰᠠᠶᠢᠨ ᠤᠷᠴᠢᠨ ᠲᠤᠭᠤᠷᠢᠨ ᠢ ᠡᠭᠦᠳᠦᠨ᠎ᠠ᠃ ᠡᠯ᠎ᠠ | ᠬᠤᠰᠢᠭᠤ ᠰᠢᠶᠠᠨ ᠬᠤᠳᠠ ᠤᠷᠤᠨ᠂ ᠡᠯ᠎ᠠ ᠰᠠᠯᠠᠭ᠎ᠠ ᠮᠦᠴᠢᠷ ᠵᠠᠰᠠᠭ ᠢ ᠴᠤᠮᠬᠠᠳᠬᠠᠵᠦ ᠡᠷᠭᠡ ᠶᠢ ᠪᠠᠭᠤᠯᠭᠠᠨ᠂ ᠰᠢᠯᠢᠳᠡᠭ | ᠡᠭᠦᠯᠳᠡᠷ ᠤᠨ ᠦᠭᠡᠷ ᠮᠠᠯᠵᠢᠬᠤ ᠠᠵᠦ ᠦᠢᠯᠡᠰ ᠤᠨ ᠲᠦᠷᠦᠯ ᠵᠦᠢᠯ ᠢ ᠬᠢᠨᠠᠨ ᠵᠦᠪᠰᠢᠶᠡᠷᠡᠭᠦ ᠵᠠᠮ ᠢ ᠰᠢᠯᠤᠭᠤᠳᠬᠠᠵᠦ᠂ | ᠠᠵᠢᠯ ᠤᠨ ᠦᠷ᠎ᠠ ᠪᠦᠳᠦᠮᠵᠢ ᠶᠢ ᠲᠡᠭᠡᠭᠰᠢᠯᠡᠭᠦᠯᠵᠦ᠂ ᠲᠦᠷᠦᠯ ᠵᠦᠢᠯ ᠳᠠᠩᠰᠠᠯᠠᠬᠤ᠂ ᠤᠷᠴᠢᠨ ᠲᠤᠭᠤᠷᠢᠨ ᠤ ᠨᠦᠯᠦᠭᠡ ᠶᠢ | ᠦᠨᠡᠯᠡᠭᠦ ᠪᠠ ᠭᠠᠵᠠᠷ᠂ ᠴᠠᠬᠢᠯᠭᠠᠨ᠂ ᠤᠰᠤ ᠭᠡᠷᠡᠭᠯᠡᠭᠦ ᠵᠡᠷᠭᠡ ᠪᠦᠳᠦᠭᠡᠨ ᠪᠠᠶᠢᠭᠤᠯᠤᠯᠳᠠ ᠶᠢᠨ ᠭᠠᠷᠳᠠᠮ ᠪᠤᠯᠤᠨ | ᠪᠠᠳᠤᠯᠠᠭ᠎ᠠ ᠶᠢᠨ ᠠᠰᠠᠭᠤᠳᠠᠯ ᠢ ᠦᠨᠡᠨᠬᠦ ᠰᠢᠢᠳᠪᠦᠷᠢᠯᠡᠨ᠎ᠠ᠃ ᠤᠯᠤᠰ᠂ ᠦᠪᠡᠷᠳᠡᠭᠡᠡ ᠵᠠᠰᠠᠬᠤ ᠤᠷᠤᠨ ᠤ ᠬᠠᠮᠢᠶ᠎ᠠ ᠪᠦᠭᠦᠢ | ᠭᠠᠶᠢᠯᠢ ᠰᠦᠢᠳᠭᠡᠯ ᠤᠨ ᠲᠦᠷᠦ ᠶᠢᠨ ᠪᠤᠳᠤᠯᠭ᠎ᠠ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠦ᠂ ᠮᠠᠨ ᠤ ᠠᠶᠢᠮᠠᠭ ᠤᠨ ᠨᠡᠩ | ᠢᠯᠡᠭᠦᠦ ᠬᠠᠷᠠᠭᠠᠯᠵᠠᠯ ᠲᠠᠢ ᠲᠦᠷᠦ ᠶᠢᠨ ᠪᠤᠳᠤᠯᠭ᠎ᠠ ᠶᠢ ᠢᠳᠡᠪᠬᠢᠳᠠᠢ ᠡᠷᠡᠮᠡᠯᠵᠡᠯᠡᠨ ᠲᠤᠭᠳᠠᠭᠠᠨ᠎ᠠ᠃ ᠡᠯ᠎ᠠ ᠬᠤᠰᠢᠭᠤ | ᠰᠢᠶᠠᠨ ᠬᠤᠳᠠ ᠤᠷᠤᠨ᠂ ᠰᠤᠮᠤ ᠰᠢᠶᠠᠩ ᠪᠠᠯᠭᠠᠰᠤ ᠨᠤᠳᠤᠬ ᠪᠡᠯᠴᠢᠭᠡᠷ ᠢ ᠬᠠᠤᠯᠢ ᠶᠤᠰᠤᠭᠠᠷ ᠵᠦᠢ ᠵᠤᠬᠢᠰᠳᠠᠢ | ᠰᠢᠯᠵᠢᠭᠦᠯᠦᠨ ᠡᠵᠡᠩᠨᠡᠬᠦ ᠶᠢ ᠢᠳᠡᠪᠬᠢᠳᠠᠢ ᠵᠤᠷᠢᠬᠵᠢᠭᠤᠯᠵᠦ᠂ ᠨᠤᠳᠤᠬ ᠪᠡᠯᠴᠢᠭᠡᠷ ᠢ ᠭᠡᠪᠴᠢᠶᠡᠵᠢᠭᠰᠡᠨ᠂ ᠪᠠᠷᠢᠮᠵᠢᠶᠠᠵᠢᠬᠰᠠᠨ | ᠡᠵᠡᠩᠨᠡᠯᠳᠡ ᠬᠢᠵᠦ ᠪᠠᠶᠢᠭ᠎ᠠ ᠭᠡᠷ ᠪᠦᠯᠢ ᠶᠢᠨ ᠮᠠᠯᠵᠢᠯ ᠤᠨ ᠲᠠᠯᠠᠪᠠᠢ ︵ᠲᠤᠰᠬᠠᠢ ᠡᠷᠦᠭᠡ︶᠂ ᠬᠤᠷᠰᠢᠶᠠᠵᠢᠯ ︵ᠡᠷᠦᠭᠡ | ᠬᠤᠯᠪᠤᠭᠠᠯᠠᠭᠰᠠᠨ ︶᠂ ᠲᠤᠯᠤᠭᠠᠢᠢᠯᠠᠭᠴᠢ ᠠᠵᠦ ᠠᠬᠤᠢᠢᠯᠠᠯ ᠳᠤ ᠰᠢᠯᠵᠢᠭᠦᠯᠦᠨ ᠡᠵᠡᠩᠨᠡᠬᠦᠯᠵᠥ᠂ ᠲᠤᠯᠤᠭᠠᠢᠢᠯᠠᠭᠴᠢ ᠠᠵᠦ | ᠠᠬᠤᠢᠢᠯᠠᠯ ᠲᠤᠮᠤ ᠭᠡᠯᠪᠡᠷᠢ ᠶᠢᠨ ᠡᠭᠦᠯᠳᠡᠷ ᠪᠤᠶᠢᠵᠢᠭᠤᠯᠬᠤ ᠲᠠᠯᠠᠪᠠᠢ᠂ ᠦᠰᠭᠡᠨ ᠦᠷᠡᠵᠢᠭᠦᠯᠭᠦ ᠲᠠᠯᠠᠪᠠᠢ᠂ ᠪᠤᠷᠳᠤᠨ | ᠳᠠᠷᠭᠤᠯᠠᠭᠤᠯᠬᠤ ᠲᠠᠯᠠᠪᠠᠢ ᠪᠦᠳᠦᠭᠡᠨ ᠪᠠᠶᠢᠭᠤᠯᠬᠤ ᠳᠤ ᠱᠠᠭᠠᠷᠳᠠᠭᠳᠠᠬᠤ ᠨᠤᠳᠤᠬ ᠪᠡᠯᠴᠢᠭᠡᠷ ᠪᠤᠯᠤᠨ ᠪᠤᠷᠳᠤᠭᠠᠨ | ᠰᠠᠭᠤᠷᠢᠨ ᠢ ᠪᠠᠳᠤᠯᠠᠵᠦ᠂ ᠰᠢᠯᠢᠳᠡᠭ ᠡᠭᠦᠯᠳᠡᠷ ᠤᠨ ᠦᠭᠡᠷ ᠮᠠᠯᠵᠢᠬᠤ ᠠᠵᠦ ᠦᠢᠯᠡᠰ ᠤᠨ ᠭᠡᠪᠴᠢᠶᠡᠵᠢᠭᠰᠡᠨ᠂ | ᠪᠠᠷᠢᠮᠵᠢᠶᠠᠵᠢᠬᠰᠠᠨ᠂ ᠡᠷᠴᠢᠮᠵᠢᠭᠰᠡᠨ ᠭᠦᠭᠵᠢᠯᠳᠡ ᠶᠢ ᠠᠬᠢᠭᠤᠯᠤᠨ᠎ᠠ᠃ ᠲᠠᠪᠤ᠂ ᠵᠤᠬᠢᠶᠠᠨ ᠪᠠᠶᠢᠭᠤᠯᠤᠯᠳᠠ ᠶᠢᠨ | ᠪᠠᠳᠤᠯᠠᠭ᠎ᠠ ᠶᠢ ᠴᠢᠩᠭᠠᠳᠬᠠᠨ᠎ᠠ᠃ | ︵ᠠᠷᠪᠠᠨ ᠲᠠᠪᠤ︶ ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠶᠢ ᠴᠢᠩᠭᠠᠳᠬᠠᠨ᠎ᠠ᠃ ᠪᠦᠭᠦ ᠠᠶᠢᠮᠠᠭ ᠲᠤ ᠤᠳᠤ | ᠦᠶ᠎ᠠ ᠶᠢᠨ ᠮᠠᠯ ᠠᠵᠦ ᠠᠬᠤᠢ ᠶᠢᠨ ᠠᠵᠢᠯ ᠤᠨ ᠤᠳᠤᠷᠢᠳᠬᠤ ᠲᠤᠭᠤᠢᠢᠯᠠᠩ ᠪᠠᠶᠢᠭᠤᠯᠵᠦ᠂ ᠪᠦᠭᠦ ᠠᠶᠢᠮᠠᠭ ᠤᠨ ᠰᠢᠯᠢᠳᠡᠭ | ᠡᠭᠦᠯᠳᠡᠷ ᠤᠨ ᠦᠭᠡᠷ ᠮᠠᠯᠵᠢᠬᠤ ᠠᠵᠦ ᠦᠢᠯᠡᠰ ᠢ ᠭᠦᠭᠵᠢᠭᠦᠯᠭᠦ ᠶᠢ ᠨᠢᠭᠡᠳᠦᠯᠳᠠᠢ ᠲᠦᠯᠦᠪᠵᠢᠭᠦᠯᠵᠦ ᠠᠬᠢᠭᠤᠯᠬᠤ ᠠᠵᠢᠯ ᠢ | ᠬᠠᠷᠢᠭᠤᠴᠠᠭᠤᠯᠤᠨ᠎ᠠ᠃ ᠤᠳᠤᠷᠢᠳᠬᠤ ᠲᠤᠭᠤᠢᠢᠯᠠᠩ ᠳᠤ ᠠᠯᠪᠠᠨ ᠭᠡᠷ ᠪᠤᠯᠤᠨ ᠬᠢᠨᠠᠨ ᠪᠤᠳᠤᠬᠤ ᠬᠢᠨᠠᠨ ᠪᠠᠶᠢᠴᠠᠭᠠᠬᠤ | ᠠᠯᠪᠠᠨ ᠭᠡᠷ ᠪᠠᠶᠢᠭᠤᠯᠵᠦ᠂ ᠠᠯᠪᠠᠨ ᠭᠡᠷ ᠢ ᠲᠦᠷ ᠴᠠᠭ ᠤᠨ ᠴᠢᠨᠠᠷᠳᠠᠢ ᠪᠠᠶᠢᠡᠭᠭᠤ ᠶᠢᠨ ᠪᠠᠶᠢᠭᠤᠯᠤᠮᠵᠢ ᠪᠤᠯᠭᠠᠵᠦ᠂ | ᠲᠤᠬᠠᠢᠢᠯᠠᠭᠰᠠᠨ ᠠᠵᠢᠯ ᠳᠤ ᠴᠠᠭᠠᠷᠠᠬᠰᠠᠨ᠂ ᠲᠦᠷᠦ ᠶᠢᠨ ᠪᠤᠳᠤᠯᠭ᠎ᠠ ᠤᠨᠤᠯ ᠪᠠ ᠦᠢᠯᠡᠳᠦᠯᠭᠡ ᠶᠢᠨ ᠲᠤᠷᠰᠢᠯᠭ᠎ᠠ ᠲᠠᠢ | ᠺᠠᠳ᠋ᠷ ᠢ ᠰᠤᠩᠭᠤᠨ ᠲᠤᠬᠢᠷᠠᠭᠤᠯᠵᠦ᠂ ᠰᠢᠯᠢᠳᠡᠭ ᠡᠭᠦᠯᠳᠡᠷ ᠤᠨ ᠦᠭᠡᠷ ᠮᠠᠯᠵᠢᠬᠤ ᠠᠵᠦ ᠦᠢᠯᠡᠰ ᠢ ᠭᠦᠭᠵᠢᠭᠦᠯᠭᠦ | ᠲᠦᠷᠦ ᠶᠢᠨ ᠪᠤᠳᠤᠯᠭ᠎ᠠ ᠪᠤᠯᠤᠨ ᠪᠤᠳᠠᠳᠦ ᠦᠢᠯᠡᠳᠦᠯᠭᠡ ᠶᠢᠨ ᠰᠤᠳᠤᠯᠭᠠᠨ ᠬᠢᠯᠭᠡᠵᠦ᠂ ᠤᠳᠤᠷᠢᠳᠬᠤ ᠲᠤᠭᠤᠢᠢᠯᠠᠩ ᠪᠤᠯᠤᠨ | ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠳᠤ ᠰᠢᠢᠳᠪᠦᠷᠢᠳᠦ ᠪᠤᠳᠤᠯᠭ᠎ᠠ ᠶᠢᠨ ᠯᠠᠪᠯᠠᠯᠳᠠ ᠪᠤᠯᠭᠠᠵᠦ᠂ ᠰᠢᠯᠢᠳᠡᠭ | ᠡᠭᠦᠯᠳᠡᠷ ᠤᠨ ᠦᠭᠡᠷ ᠮᠠᠯᠵᠢᠬᠤ ᠠᠵᠦ ᠦᠢᠯᠡᠰ ᠢ ᠭᠦᠭᠵᠢᠭᠦᠯᠭᠦ ᠡᠯ᠎ᠠ ᠲᠦᠷᠦᠯ ᠤᠨ ᠰᠢᠢᠳᠪᠦᠷᠢᠳᠦ ᠪᠠᠶᠢᠷᠢᠯᠠᠭᠤᠯᠤᠯᠳᠠ ᠶᠢ | ᠱᠠᠯᠠᠪᠳᠠᠨ ᠨᠠᠶᠢᠳᠠᠪᠤᠷᠢᠵᠢᠭᠤᠯᠤᠨ᠎ᠠ᠃ ᠬᠢᠨᠠᠨ ᠪᠤᠳᠤᠬᠤ ᠬᠢᠨᠠᠨ ᠪᠠᠶᠢᠴᠠᠭᠠᠬᠤ ᠠᠯᠪᠠᠨ ᠭᠡᠷ ᠢ ᠠᠶᠢᠮᠠᠭ ᠤᠨ ᠬᠢᠨᠠᠨ ᠪᠤᠳᠤᠬᠤ | ᠲᠤᠪᠴᠢᠶᠠᠨ ᠳᠤ ᠪᠠᠶᠢᠭᠤᠯᠵᠦ᠂ ᠠᠵᠢᠯ ᠤᠨ ᠦᠷ᠎ᠠ ᠪᠦᠳᠦᠮᠵᠢ ᠶᠢ ᠬᠢᠨᠠᠨ ᠪᠠᠶᠢᠴᠠᠭᠠᠬᠤ᠂ ᠲᠦᠷᠦᠯ ᠵᠦᠢᠯ ᠢ ᠭᠡᠷᠡᠭᠵᠢᠭᠦᠯᠭᠦ | ᠪᠦᠭᠦ ᠶᠠᠪᠤᠴᠠ ᠶᠢ ᠮᠦᠷᠳᠡᠨ ᠬᠢᠨᠠᠨ ᠪᠤᠳᠤᠵᠦ ᠬᠢᠨᠠᠨ ᠪᠠᠶᠢᠴᠠᠭᠠᠨ᠎ᠠ᠃ ᠡᠯ᠎ᠠ ᠬᠤᠰᠢᠭᠤ ᠰᠢᠶᠠᠨ ᠬᠤᠳᠠ ᠤᠷᠤᠨ | ᠳᠤᠬᠢᠷᠠᠯᠴᠠᠬᠰᠠᠨ ᠵᠤᠬᠢᠶᠠᠨ ᠪᠠᠶᠢᠭᠤᠯᠤᠯᠳᠠ ᠶᠢᠨ ᠪᠠᠶᠢᠭᠤᠯᠤᠮᠵᠢ ᠪᠠᠶᠢᠭᠤᠯᠵᠦ᠂ ᠡᠭᠦᠷᠭᠡ ᠬᠠᠷᠢᠭᠤᠴᠠᠯᠭ᠎ᠠ ᠪᠠᠨ | ᠬᠤᠪᠢᠶᠠᠷᠢᠯᠠᠵᠦ᠂ ᠤᠷᠳᠦ ᠬᠤᠭᠤᠴᠠᠭᠠᠨ ᠤ ᠪᠦᠳᠦᠮᠵᠢᠳᠠᠢ ᠠᠵᠢᠯ ᠤᠨ ᠳᠤᠬᠳᠠᠴᠠ ᠪᠠᠶᠢᠭᠤᠯᠵᠦ᠂ ᠲᠦᠷᠦ ᠶᠢᠨ ᠪᠤᠳᠤᠯᠭ᠎ᠠ | ᠠᠷᠭ᠎ᠠ ᠭᠡᠮᠵᠢᠶ᠎ᠠ ᠶᠢ ᠲᠡᠭᠦᠯᠳᠡᠷᠵᠢᠭᠦᠯᠵᠦ᠂ ᠺᠠᠳ᠋ᠷ ᠤᠨ ᠭᠦᠮᠦᠵᠢᠯ ᠪᠤᠯᠪᠠᠰᠤᠷᠠᠯ ᠢ ᠴᠢᠩᠭᠠᠳᠬᠠᠵᠦ᠂ ᠵᠤᠬᠢᠶᠠᠨ ᠪᠠᠶᠢᠭᠤᠯᠵᠦ | ᠭᠡᠷᠡᠭᠵᠢᠭᠦᠯᠭᠦ ᠡᠷᠴᠢᠮ ᠢᠶᠠᠨ ᠴᠢᠩᠭᠠᠷᠠᠭᠤᠯᠵᠦ᠂ ᠰᠢᠯᠢᠳᠡᠭ ᠡᠭᠦᠯᠳᠡᠷ ᠤᠨ ᠦᠭᠡᠷ ᠮᠠᠯᠵᠢᠬᠤ ᠠᠵᠦ ᠦᠢᠯᠡᠰ ᠤᠨ ᠠᠵᠢᠯ ᠤᠨ | ᠵᠤᠬᠢᠴᠠᠩᠭᠤᠢ ᠡᠮᠬᠢ ᠲᠢᠭᠯᠢᠮ ᠲᠠᠢ ᠶᠠᠪᠤᠭᠳᠠᠬᠤ ᠶᠢ ᠪᠠᠳᠤᠯᠠᠬᠤ ᠭᠡᠷᠡᠭᠳᠠᠢ᠃ ᠰᠢᠯᠢ ᠶᠢᠨ ᠭᠤᠤᠯ ᠠᠶᠢᠮᠠᠭ ᠤᠨ ᠰᠢᠯᠢᠳᠡᠭ | ᠡᠭᠦᠯᠳᠡᠷ ᠤᠨ ᠦᠭᠡᠷ ᠮᠠᠯᠵᠢᠬᠤ ᠨᠡᠶᠢᠭᠡᠮᠯᠢᠭ ᠪᠠᠶᠢᠭᠤᠯᠬᠤ ᠶᠢ ᠵᠤᠷᠢᠬᠵᠢᠭᠤᠯᠵᠦ᠂ ᠠᠵᠢᠯ ᠲᠦᠷᠦᠯ ᠤᠨ ᠨᠡᠶᠢᠭᠡᠮᠯᠢᠭ ᠤᠨ | ᠲᠦᠷᠦ ᠶᠢᠨ ᠪᠤᠳᠤᠯᠭ᠎ᠠ ᠶᠢ ᠤᠬᠠᠭᠤᠯᠬᠤ᠂ ᠪᠡᠶ᠎ᠠ ᠪᠠᠨ ᠱᠠᠭᠠᠷᠳᠠᠬᠤ᠂ ᠰᠢᠨᠵᠢᠯᠡᠭᠦ ᠤᠬᠠᠭᠠᠨᠴᠢ ᠪᠠᠷ ᠠᠷᠠᠴᠢᠯᠠᠨ ᠮᠠᠯᠵᠢᠬᠤ | ᠠᠷᠭ᠎ᠠ ᠶᠢ ᠲᠦᠭᠡᠮᠡᠯᠵᠢᠭᠦᠯᠭᠦ᠂ ᠪᠠᠷᠢᠮᠵᠢᠶ᠎ᠠ ᠪᠠᠷ ᠳᠦᠭᠡᠮᠡᠯᠵᠢᠭᠦᠯᠬᠦ᠂ ᠨᠠᠷᠡᠳᠦ ᠲᠠᠮᠳᠡᠭ ᠡᠭᠦᠳᠬᠦ᠂ ᠠᠰᠢᠭ ᠲᠤᠰᠠ ᠶᠢᠨ | ᠬᠤᠯᠪᠤᠭᠠᠳᠦ ᠳᠤᠬᠳᠠᠴᠠ ᠶᠢ ᠪᠠᠶᠢᠭᠤᠯᠬᠤ ᠵᠡᠷᠭᠡ ᠲᠠᠯ᠎ᠠ ᠪᠠᠷ ᠬᠢ ᠢᠳᠡᠪᠬᠢ ᠦᠢᠯᠡᠳᠦᠯ ᠢ ᠨᠢ ᠭᠦᠢᠴᠡᠳ ᠪᠠᠳᠠᠷᠠᠭᠤᠯᠤᠨ᠎ᠠ᠃ | | ︵ᠠᠷᠪᠠᠨ ᠵᠢᠷᠭᠤᠭ᠎ᠠ︶ ᠰᠢᠨᠵᠢᠯᠡᠭᠦ ᠤᠬᠠᠭᠠᠨᠴᠢ ᠲᠦᠯᠦᠪᠵᠢᠭᠦᠯᠭᠡ ᠶᠢ ᠴᠢᠩᠭᠠᠳᠬᠠᠨ᠎ᠠ᠃ ᠠᠶᠢᠮᠠᠭ ᠤᠨ ᠤᠳᠤ | ᠦᠶ᠎ᠠ ᠶᠢᠨ ᠮᠠᠯ ᠠᠵᠦ ᠠᠬᠤᠢ ᠶᠢ ᠭᠦᠭᠵᠢᠭᠦᠯᠭᠦ ᠠᠵᠢᠯ ᠤᠨ ᠤᠳᠤᠷᠢᠳᠬᠤ ᠲᠤᠭᠤᠢᠢᠯᠠᠩ ᠢᠶᠠᠷ ᠲᠤᠯᠤᠭᠠᠢᠢᠯᠠᠭᠤᠯᠵᠦ᠂ ︽ | ᠰᠢᠯᠢ ᠶᠢᠨ ᠭᠤᠤᠯ ᠠᠶᠢᠮᠠᠭ ᠤᠨ ᠰᠢᠯᠢᠳᠡᠭ ᠡᠭᠦᠯᠳᠡᠷ ᠤᠨ ᠦᠭᠡᠷ ᠮᠠᠯᠵᠢᠬᠤ ᠠᠵᠦ ᠦᠢᠯᠡᠰ ᠢ ᠭᠦᠭᠵᠢᠭᠦᠯᠭᠦ | ᠲᠦᠯᠦᠪᠵᠢᠭᠦᠯᠭᠡ ︵2016 — 2020 ᠤᠨ︶︾ ᠶᠢ ᠨᠠᠶᠢᠷᠠᠭᠤᠯᠤᠨ ᠲᠤᠭᠳᠠᠭᠠᠨ᠎ᠠ᠃ ᠡᠯ᠎ᠠ ᠬᠤᠰᠢᠭᠤ ᠰᠢᠶᠠᠨ | ᠬᠤᠳᠠ ᠤᠷᠤᠨ ᠰᠢᠯᠢᠳᠡᠭ ᠡᠭᠦᠯᠳᠡᠷ ᠤᠨ ᠦᠭᠡᠷ ᠮᠠᠯᠵᠢᠬᠤ ᠠᠵᠦ ᠦᠢᠯᠡᠰ ᠢ ᠭᠦᠭᠵᠢᠭᠦᠯᠭᠦ ᠶᠢ ᠭᠠᠵᠠᠷ ᠤᠷᠤᠨ ᠤ | ᠭᠦᠭᠵᠢᠯᠳᠡ ᠶᠢᠨ ᠶᠡᠷᠦᠩᠭᠡᠢ ᠲᠦᠯᠦᠪᠵᠢᠭᠦᠯᠭᠡ ᠳᠤ ᠤᠷᠤᠭᠤᠯᠵᠦ᠂ ᠪᠦᠭᠦ ᠠᠶᠢᠮᠠᠭ ᠤᠨ ᠶᠡᠷᠦᠩᠭᠡᠢ ᠲᠦᠯᠦᠪᠵᠢᠭᠦᠯᠭᠡ ᠶᠢᠨ | ᠲᠤᠭᠤᠷᠢᠨ ᠳᠤ᠂ ᠲᠤᠬᠠᠢ ᠶᠢᠨ ᠭᠠᠵᠠᠷ ᠤᠷᠤᠨ ᠤ ᠪᠤᠳᠠᠳᠠᠢ ᠲᠦᠯᠦᠪᠵᠢᠭᠦᠯᠭᠡ ᠪᠤᠯᠤᠨ ᠭᠡᠷᠡᠭᠵᠢᠭᠦᠯᠭᠦ ᠰᠠᠨᠠᠯ ᠢ ᠰᠢᠨᠵᠢᠯᠡᠭᠦ | ᠤᠬᠠᠭᠠᠨᠴᠢ ᠪᠠᠷ ᠨᠠᠶᠢᠷᠠᠭᠤᠯᠵᠦ᠂ ᠵᠢᠯ ᠤᠨ ᠭᠡᠷᠡᠭᠵᠢᠭᠦᠯᠭᠦ ᠲᠦᠯᠦᠪᠯᠡᠭᠡ ᠪᠤᠯᠤᠨ ᠠᠵᠢᠯ ᠤᠨ ᠲᠦᠰᠦᠯ ᠢ ᠰᠤᠳᠤᠯᠤᠨ | ᠲᠤᠭᠳᠠᠭᠠᠵᠦ᠂ ᠰᠢᠯᠢᠳᠡᠭ ᠡᠭᠦᠯᠳᠡᠷ ᠤᠨ ᠦᠭᠡᠷ ᠮᠠᠯᠵᠢᠬᠤ ᠠᠵᠦ ᠦᠢᠯᠡᠰ ᠤᠨ ᠡᠷᠡᠭᠦᠯ ᠭᠦᠭᠵᠢᠯᠳᠡ ᠶᠢ ᠪᠠᠳᠤᠯᠠᠬᠤ | ᠭᠡᠷᠡᠭᠳᠠᠢ᠃ | ︵ᠠᠷᠪᠠᠨ ᠲᠤᠯᠤᠭ᠎ᠠ︶ ᠤᠶᠤᠨ ᠤ ᠲᠤᠯᠭᠠᠭᠤᠷᠢᠯᠠᠯ ᠢ ᠴᠢᠩᠭᠠᠳᠬᠠᠨ᠎ᠠ᠃ ᠭᠦᠳᠡᠭᠡ ᠠᠵᠦ ᠠᠬᠤᠢ ᠶᠢᠨ ᠭᠡᠯᠳᠡᠰ ᠤᠨ | ᠦᠭᠡᠷ ᠮᠠᠯᠵᠢᠬᠤ ᠠᠵᠦ ᠦᠢᠯᠡᠰ ᠤᠨ ᠮᠡᠷᠭᠡᠵᠢᠯ ᠤᠨ ᠲᠤᠭᠳᠠᠯᠴᠠᠭ᠎ᠠ ᠪᠤᠯᠤᠨ ᠰᠢᠨᠵᠢᠯᠡᠭᠦ ᠤᠬᠠᠭᠠᠨ ᠤ ᠰᠤᠳᠤᠯᠭᠠᠨ ᠤ | ᠭᠦᠷᠢᠶᠠᠯᠡᠩ ᠲᠠᠢ ᠬᠠᠮᠳᠤᠷᠠᠯᠴᠬᠠᠤ ᠪᠠᠨ ᠴᠢᠩᠭᠠᠳᠬᠠᠵᠦ᠂ ᠠᠮᠦᠷ ᠲᠦᠪᠰᠢᠨ᠂ ᠦᠨᠳᠦᠷ ᠦᠷ᠎ᠠ ᠠᠰᠢᠬᠳᠦ ᠲᠡᠵᠢᠭᠡᠨ | ᠦᠷᠡᠵᠢᠭᠦᠯᠭᠦ᠂ ᠰᠢᠯᠢᠳᠡᠭ ᠡᠭᠦᠯᠳᠡᠷ ᠪᠤᠶᠢᠵᠢᠭᠤᠯᠬᠤ᠂ ᠳᠡᠵᠢᠭᠡᠯ ᠡᠪᠡᠰᠤ ᠪᠤᠷᠳᠤᠭ᠎ᠠ ᠲᠠᠷᠢᠬᠤ᠂ ᠮᠠᠯ ᠤᠨ ᠠᠰᠢᠭ | ᠰᠢᠮ᠎ᠠ ᠶᠢᠨ ᠪᠦᠳᠦᠭᠡᠭᠳᠡᠭᠦᠨ ᠢ ᠨᠠᠷᠢᠯᠢᠭ ᠡᠳ᠋ᠰᠢᠭᠦᠯᠵᠦ ᠪᠤᠯᠪᠠᠰᠤᠷᠠᠭᠤᠯᠬᠤ ᠵᠡᠷᠭᠡ ᠭᠤᠤᠯ ᠪᠤᠯᠬᠤ ᠮᠡᠷᠭᠡᠵᠢᠯ ᠳᠤ | ᠬᠤᠯᠪᠤᠭᠠᠯᠠᠨ ᠰᠢᠪᠳᠤᠯᠤᠯᠳᠡ ᠭᠠᠷᠭᠠᠬᠤ ᠪᠤᠯᠤᠨ ᠰᠤᠳᠤᠯᠤᠨ ᠨᠡᠭᠡᠭᠡᠬᠦ ᠶᠢ ᠴᠢᠩᠭᠠᠳᠬᠠᠵᠦ᠂ ᠰᠢᠯᠢᠳᠡᠭ ᠡᠭᠦᠯᠳᠡᠷ ᠤᠨ | ᠦᠭᠡᠷ ᠮᠠᠯᠵᠢᠬᠤ ᠠᠵᠦ ᠦᠢᠯᠡᠰ ᠤᠨ ᠭᠦᠭᠵᠢᠯᠳᠡ ᠳᠤ ᠭᠦᠴᠦᠨ ᠪᠦᠭᠦᠢ ᠰᠢᠨᠵᠢᠯᠡᠭᠦ ᠤᠠᠬᠭᠠᠨ ᠮᠡᠷᠭᠡᠵᠢᠯ ᠤᠨ ᠪᠠᠳᠤᠯᠠᠭ᠎ᠠ | ᠬᠠᠨᠭ᠍ᠭᠠᠨ᠎ᠠ᠃ ᠮᠠᠯ ᠠᠵᠦ ᠠᠬᠤᠢ ᠶᠢᠨ ᠰᠢᠨᠵᠢᠯᠡᠭᠦ ᠤᠬᠠᠭᠠᠨ ᠮᠡᠷᠭᠡᠵᠢᠯ ᠤᠨ ᠲᠠᠭᠠᠭᠤᠯᠤᠭᠴᠢ ᠴᠢᠳᠠᠪᠤᠷᠢᠳᠠᠨ ᠪᠤᠯᠤᠨ | ᠰᠢᠨ᠎ᠠ ᠶᠢ ᠡᠭᠦᠳᠭᠦ ᠪᠦᠯᠭᠦᠮ ᠢ ᠳᠠᠳᠠᠨ ᠤᠷᠤᠭᠤᠯᠬᠤ ᠪᠠ ᠭᠦᠮᠦᠵᠢᠭᠦᠯᠵᠦ᠂ ᠰᠢᠯᠢᠳᠡᠭ ᠡᠭᠦᠯᠳᠡᠷ ᠤᠨ ᠦᠭᠡᠷ ᠮᠠᠯᠵᠢᠬᠤ | ᠠᠵᠦ ᠦᠢᠯᠡᠰ ᠢ ᠭᠦᠭᠵᠢᠭᠦᠯᠭᠦ ᠲᠤᠰᠬᠠᠢ ᠮᠡᠷᠭᠡᠵᠢᠯᠳᠡᠨ ᠤ ᠵᠦᠪᠯᠡᠯᠭᠡ ᠬᠠᠨᠭ᠍ᠭᠠᠬᠤ ᠭᠦᠮᠦᠷᠭᠡ ᠶᠢ ᠪᠠᠶᠢᠭᠤᠯᠵᠦ᠂ | ᠠᠶᠢᠮᠠᠭ ᠤᠨ ᠤᠳᠤ ᠦᠶ᠎ᠠ ᠶᠢᠨ ᠮᠠᠯ ᠠᠵᠦ ᠠᠬᠤᠢ ᠶᠢᠨ ᠠᠵᠢᠯ ᠤᠨ ᠤᠳᠤᠷᠢᠳᠬᠤ ᠲᠤᠭᠤᠢᠢᠯᠠᠩ ᠤᠨ ᠠᠯᠪᠠᠨ ᠭᠡᠷ᠂ | ᠠᠶᠢᠮᠠᠭ ᠤᠨ ᠭᠦᠮᠦᠨ ᠤ ᠭᠦᠴᠦᠨ ᠤ ᠡᠬᠢ ᠪᠠᠶᠠᠯᠢᠭ ᠨᠡᠶᠢᠭᠡᠮ ᠤᠨ ᠪᠠᠳᠤᠯᠠᠭ᠎ᠠ ᠶᠢᠨ ᠲᠤᠪᠴᠢᠶ᠎ᠠ᠂ ᠡᠳ᠋ ᠤᠨ ᠵᠠᠰᠠᠭ ᠤᠨ | ᠲᠤᠪᠴᠢᠶ᠎ᠠ ᠬᠠᠷᠢᠭᠤᠴᠠᠨ ᠬᠠᠮᠢᠶ᠎ᠠ ᠪᠦᠭᠦᠢ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠲᠤᠭᠳᠠᠭᠠᠬᠤ ᠶᠢᠨ ᠬᠠᠮᠳᠦ ᠪᠤᠳᠠᠳᠠᠢ | ᠵᠤᠬᠢᠶᠠᠨ ᠪᠠᠶᠢᠭᠤᠯᠵᠦ ᠭᠡᠷᠡᠭᠵᠢᠭᠦᠯᠦᠨ᠎ᠠ᠃ ᠰᠢᠯᠢ ᠶᠢᠨ ᠭᠤᠤᠯ ᠠᠵᠢᠯ ᠮᠡᠷᠭᠡᠵᠢᠯ ᠤᠨ ᠲᠡᠭᠡᠳᠦ ᠰᠤᠷᠭᠠᠭᠤᠯᠢ ᠪᠠᠷ | ᠪᠤᠯᠪᠠᠰᠤᠷᠠᠯ ᠤᠨ ᠰᠠᠭᠤᠷᠢᠨ ᠪᠤᠯᠭᠠᠵᠦ᠂ ᠵᠢᠯ ᠪᠦᠷᠢ ᠡᠳ᠋ ᠤᠨ ᠵᠠᠰᠠᠭ ᠤᠨ ᠲᠤᠰᠬᠠᠢ ᠲᠦᠷᠦᠯ ᠤᠨ ᠪᠡᠯᠡ ᠮᠦᠡᠭᠭᠦ | ᠲᠤᠬᠢᠷᠠᠭᠤᠯᠵᠦ᠂ ᠤᠯᠠᠨ ᠵᠦᠢᠯ ᠤᠨ ᠭᠡᠯᠪᠡᠷᠢ ᠪᠠᠷ ᠮᠠᠯᠴᠢᠨ ᠲᠠᠷᠢᠶᠠᠴᠢᠨ ᠵᠢᠴᠢ ᠲᠤᠰᠬᠠᠢ ᠮᠡᠷᠭᠡᠵᠢᠯ ᠤᠨ ᠠᠵᠢᠯᠳᠡᠨ ᠢ | ᠪᠤᠯᠪᠠᠰᠤᠷᠠᠭᠤᠯᠵᠦ᠂ ᠦᠷᠭᠡᠨ ᠤᠯᠠᠨ ᠮᠠᠯᠴᠢᠨ ᠲᠠᠷᠢᠶᠠᠴᠢᠨ ᠤ ᠰᠢᠨᠵᠢᠯᠡᠭᠦ ᠤᠬᠠᠭᠠᠨᠴᠢ ᠪᠠᠷ ᠲᠠᠷᠢᠵᠦ ᠲᠡᠵᠢᠭᠡᠭᠦ ᠮᠡᠷᠭᠡᠵᠢᠯ | ᠪᠤᠯᠤᠨ ᠬᠠᠮᠢᠶᠠᠷᠬᠤ ᠲᠦᠪᠰᠢᠨ ᠢ ᠨᠢ ᠲᠡᠭᠡᠭᠰᠢᠯᠡᠭᠦᠯᠦᠨ᠎ᠠ᠃ | ︵ᠠᠷᠪᠠᠨ ᠨᠠᠢᠮᠠ︶ ᠤᠬᠠᠭᠤᠯᠤᠨ ᠵᠢᠯᠤᠭᠤᠳᠬᠤ ᠪᠠᠨ ᠴᠢᠩᠭᠠᠳᠬᠠᠨ᠎ᠠ᠃ ᠡᠯ᠎ᠠ ᠬᠤᠰᠢᠭᠤ ᠰᠢᠶᠠᠨ ᠬᠤᠳᠠ ᠤᠷᠤᠨ | ᠰᠢᠯᠢᠳᠡᠭ ᠡᠭᠦᠯᠳᠡᠷ ᠤᠨ ᠦᠭᠡᠷ ᠮᠠᠯᠵᠢᠬᠤ ᠠᠵᠦ ᠦᠢᠯᠡᠰ ᠢ ᠭᠦᠭᠵᠢᠭᠦᠯᠭᠦ ᠨᠢ ᠨᠤᠳᠤᠭ ᠪᠡᠯᠴᠢᠭᠡᠷ ᠠᠮᠢ ᠠᠬᠤᠢ ᠶᠢᠨ | ᠪᠦᠳᠦᠭᠡᠨ ᠪᠠᠶᠢᠭᠤᠯᠤᠯᠳᠡ᠂ ᠠᠵᠦ ᠦᠢᠯᠡᠰ ᠤᠨ ᠭᠡᠯᠪᠡᠷᠢ ᠶᠢ ᠬᠤᠪᠢᠷᠠᠭᠤᠯᠬᠤ᠂ ᠤᠷᠤᠯᠭ᠎ᠠ ᠶᠢ ᠨᠡᠮᠡᠭᠳᠡᠭᠦᠯᠵᠦ ᠠᠷᠠᠳ ᠢ | ᠪᠠᠶᠠᠵᠢᠭᠤᠯᠬᠤ ᠳᠤ ᠴᠢᠬᠤᠯᠠ ᠠᠴᠢ ᠬᠤᠯᠪᠤᠭᠳᠠᠯ ᠲᠠᠢ ᠭᠡᠳᠡᠭ ᠢ ᠦᠷᠭᠡᠨ ᠢᠶᠠᠷ ᠤᠬᠠᠭᠤᠯᠬᠤ ᠭᠡᠷᠡᠭᠳᠠᠢ᠃ ᠤᠯᠠᠨ | ᠶᠠᠩᠵᠦ ᠶᠢᠨ ᠤᠬᠠᠭᠤᠯᠭ᠎ᠠ ᠶᠢᠨ ᠭᠡᠯᠪᠡᠷᠢ ᠶᠢ ᠭᠦᠢᠴᠡᠳ ᠠᠰᠢᠬᠯᠠᠵᠦ᠂ ᠵᠤᠬᠢᠶᠠᠯ ᠵᠢᠷᠤᠭ ᠬᠠᠪᠰᠤᠷᠭᠠᠭᠰᠠᠨ | ᠤᠬᠠᠭᠤᠯᠭ᠎ᠠ ᠶᠢᠨ ᠭᠠᠷ ᠲᠡᠪᠳᠡᠷ ᠨᠠᠶᠢᠷᠠᠭᠤᠯᠵᠦ᠂ ᠰᠢᠯᠢᠳᠡᠭ ᠡᠭᠦᠯᠳᠡᠷ ᠤᠨ ᠦᠭᠡᠷ ᠮᠠᠯᠵᠢᠬᠤ ᠰᠢᠨᠵᠢᠯᠡᠭᠦ ᠤᠬᠠᠭᠠᠨᠴᠢ | ᠠᠷᠠᠴᠢᠯᠠᠨ ᠮᠠᠯᠵᠢᠬᠤ ᠮᠡᠷᠭᠡᠵᠢᠯ᠂ ᠰᠢᠨᠵᠢᠯᠡᠭᠦ ᠤᠬᠠᠭᠠᠨᠴᠢ ᠬᠠᠮᠢᠶᠠᠷᠤᠯᠳᠠ ᠶᠢᠨ ᠠᠷᠭ᠎ᠠ ᠪᠤᠯᠤᠨ ᠠᠵᠦ ᠠᠬᠤᠢ ᠶᠢᠨ ᠦᠷ᠎ᠠ | ᠠᠰᠢᠭ᠂ ᠨᠡᠶᠢᠭᠡᠮ ᠠᠮᠢ ᠠᠬᠤᠢ ᠶᠢᠨ ᠦᠷ᠎ᠠ ᠠᠰᠢᠭ ᠢ ᠤᠬᠠᠭᠤᠯᠬᠤ ᠭᠡᠷᠡᠭᠳᠠᠢ᠃ ᠭᠠᠴᠠᠭ᠎ᠠ ᠲᠤᠰᠬᠤᠨ ᠤ ᠨᠠᠮ ᠤᠨ ᠡᠭᠦᠷ᠂ | ᠠᠷᠠᠳ ᠤᠨ ᠵᠦᠪᠯᠡᠯ ᠨᠠᠮ ᠤᠨ ᠭᠡᠰᠢᠭᠦᠨ ᠭᠤᠤᠯᠯᠠᠬᠤ ᠡᠷᠦᠭᠡ ᠶᠢᠨ ᠲᠠᠭᠠᠭᠤᠯᠬᠤ ᠦᠢᠯᠡᠳᠦᠯ ᠪᠤᠯᠤᠨ ᠮᠠᠯᠴᠢᠨ | ᠲᠠᠷᠢᠶᠠᠴᠢᠨ ᠲᠡᠵᠢᠭᠡᠨ ᠦᠷᠡᠵᠢᠭᠦᠯᠭᠦ ᠡᠷᠦᠭᠡ ᠶᠢᠨ ᠭᠤᠤᠯ ᠴᠤᠭᠴᠠ ᠶᠢᠨ ᠦᠢᠯᠡᠳᠦᠯ ᠵᠢᠴᠢ ᠮᠠᠯᠴᠢᠨ ᠲᠠᠷᠢᠶᠠᠴᠢᠨ | ᠴᠢᠳᠠᠪᠤᠷᠢᠳᠠᠨ ᠤ ᠲᠠᠭᠠᠭᠤᠯᠬᠤ ᠦᠢᠯᠡᠳᠦᠯ ᠢ ᠪᠠᠳᠠᠷᠠᠭᠤᠯᠵᠦ᠂ ᠲᠠᠩᠰᠠ ᠪᠤᠳᠤᠵᠦ ᠬᠠᠷᠢᠴᠠᠭᠤᠯᠬᠤ᠂ ᠨᠡᠶᠢᠳᠡᠯᠢᠭ | ᠵᠢᠱᠢᠶ᠎ᠠ ᠪᠠᠷ ᠲᠠᠭᠠᠭᠤᠯᠬᠤ᠂ ᠵᠢᠱᠢᠶ᠎ᠠ ᠦᠵᠡᠭᠦᠯᠵᠦ ᠲᠠᠭᠠᠭᠤᠯᠬᠤ ᠪᠠᠷ ᠲᠠᠮᠵᠢᠭᠤᠯᠵᠦ᠂ ᠮᠠᠯᠴᠢᠨ ᠲᠠᠷᠢᠶᠠᠴᠢᠨ ᠤ ᠦᠵᠡᠯ | ᠰᠠᠨᠠᠭ᠎ᠠ ᠪᠠᠨ ᠴᠢᠯᠦᠭᠡᠯᠡᠭᠦ᠂ ᠦᠵᠡᠯᠳᠡ ᠲᠠᠨᠢᠯᠳᠠ ᠪᠠᠨ ᠬᠤᠪᠢᠷᠠᠭᠤᠯᠬᠤ᠂ ᠤᠷ᠎ᠠ ᠴᠢᠳᠠᠪᠤᠷᠢ ᠪᠠᠨ ᠲᠡᠭᠡᠭᠰᠢᠯᠡᠭᠦᠯᠭᠦ ᠶᠢ | ᠵᠢᠯᠤᠭᠤᠳᠴᠦ᠂ ᠰᠢᠯᠢᠳᠡᠭ ᠡᠭᠦᠯᠳᠡᠷ ᠤᠨ ᠦᠭᠡᠷ ᠮᠠᠯᠵᠢᠬᠤ ᠠᠵᠦ ᠦᠢᠯᠡᠰ ᠲᠤ ᠢᠳᠡᠪᠬᠢᠳᠠᠢ ᠤᠷᠤᠯᠴᠠᠭᠤᠯᠤᠨ᠎ᠠ᠃ | ︵ᠠᠷᠪᠠ ᠶᠢᠰᠦ︶ ᠬᠢᠨᠠᠯᠳᠠ ᠲᠠᠯᠪᠢᠵᠥ ᠰᠢᠯᠭᠠᠨ ᠪᠠᠶᠢᠴᠠᠭᠠᠬᠤ ᠶᠢ ᠴᠢᠩᠭᠠᠳᠬᠠᠨ᠎ᠠ᠃ ᠰᠢᠯᠢᠳᠡᠭ ᠡᠭᠦᠯᠳᠡᠷ ᠤᠨ ᠦᠭᠡᠷ | ᠮᠠᠯᠵᠢᠬᠤ ᠠᠵᠦ ᠦᠢᠯᠡᠰ ᠢ ᠭᠦᠭᠵᠢᠭᠦᠯᠭᠦ ᠠᠵᠢᠯ ᠢ ᠪᠦᠭᠦ ᠠᠶᠢᠮᠠᠭ ᠤᠨ ᠡᠯ᠎ᠠ ᠱᠠᠳᠤᠨ ᠤ ᠨᠠᠮ ᠤᠨ ᠬᠤᠷᠢᠶ᠎ᠠ᠂ ᠵᠠᠰᠠᠭ ᠤᠨ | ᠤᠷᠳᠤᠨ ᠤ ᠠᠵᠢᠯ ᠤᠨ ᠪᠤᠳᠠᠳᠦ ᠦᠷ᠎ᠠ ᠪᠦᠳᠦᠮᠵᠢ ᠶᠢ ᠰᠢᠯᠭᠠᠨ ᠦᠨᠡᠯᠡᠭᠦ ᠭᠡᠪᠴᠢᠶᠡᠨ ᠳᠤ ᠤᠷᠤᠭᠤᠯᠵᠦ᠂ ᠬᠢᠨᠠᠨ | ᠰᠢᠯᠭᠠᠵᠦ ᠦᠨᠡᠯᠡᠭᠦ ᠪᠤᠳᠠᠳᠠᠢ ᠠᠷᠭ᠎ᠠ ᠶᠢ ᠰᠤᠳᠤᠯᠤᠨ ᠲᠤᠭᠳᠠᠭᠠᠵᠦ᠂ ᠡᠯ᠎ᠠ ᠭᠠᠵᠠᠷ ᠡᠯ᠎ᠠ ᠰᠠᠯᠠᠭ᠎ᠠ ᠮᠦᠴᠢᠷ ᠤᠨ | ᠠᠵᠢᠯ ᠢᠶᠠᠨ ᠠᠬᠢᠭᠤᠯᠵᠦ ᠨᠠᠶᠢᠳᠠᠪᠤᠷᠢᠵᠢᠭᠤᠯᠵᠦ ᠪᠠᠶᠢᠭ᠎ᠠ ᠪᠠᠶᠢᠳᠠᠯ ᠳᠤ ᠬᠢᠨᠠᠯᠳᠠ ᠲᠠᠯᠪᠢᠵᠥ ᠰᠢᠯᠭᠠᠨ ᠪᠠᠶᠢᠴᠠᠭᠠᠬᠤ ᠪᠠᠨ | ᠴᠢᠩᠭᠠᠳᠬᠠᠨ᠎ᠠ᠃ ᠤᠳᠤᠷᠢᠳᠬᠤ ᠺᠠᠳ᠋ᠷ ᠤᠨ ᠡᠭᠦᠷᠭᠡ ᠬᠠᠷᠠᠯᠳᠠ ᠶᠢᠨ ᠬᠠᠷᠢᠭᠤᠴᠠᠯᠭ᠎ᠠ ᠶᠢᠨ ᠲᠦᠷᠢᠮ ᠢ ᠪᠠᠶᠢᠭᠤᠯᠤᠨ | ᠲᠡᠭᠦᠯᠳᠡᠷᠵᠢᠭᠦᠯᠵᠦ᠂ ᠡᠯ᠎ᠠ ᠲᠦᠷᠦᠯ ᠤᠨ ᠠᠵᠢᠯ ᠢ ᠭᠠᠵᠠᠷ ᠤᠷᠤᠨ᠂ ᠰᠠᠯᠠᠭ᠎ᠠ ᠮᠦᠴᠢᠷ ᠪᠤᠯᠤᠨ ᠬᠠᠷᠢᠭᠤᠴᠠᠯᠭᠠᠳᠠᠨ ᠳᠤ | ᠨᠠᠶᠢᠳᠠᠪᠤᠷᠢᠵᠢᠭᠤᠯᠵᠦ᠂ ᠭᠤᠤᠯᠳᠠᠯᠭ᠎ᠠ ᠲᠠᠢ ᠡᠭᠦᠷᠭᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠬᠢᠨᠠᠨ ᠰᠢᠯᠭᠠᠵᠦ ᠦᠨᠡᠯᠡᠭᠦ | ᠪᠠ ᠬᠠᠷᠢᠭᠤᠴᠠᠯᠭ᠎ᠠ ᠨᠡᠭᠡᠮᠵᠢᠯᠡᠵᠦ᠂ ᠱᠠᠩᠨᠠᠵᠦ ᠰᠢᠳᠭᠡᠭᠦ ᠶᠢ ᠨᠠᠶᠢᠳᠠᠪᠤᠷᠢᠵᠢᠭᠤᠯᠤᠨ᠎ᠠ᠃ ᠰᠢᠯᠢᠳᠡᠭ ᠡᠭᠦᠯᠳᠡᠷ ᠤᠨ ᠦᠭᠡᠷ | ᠮᠠᠯᠵᠢᠬᠤ ᠠᠵᠦ ᠦᠢᠯᠡᠰ ᠢ ᠭᠦᠭᠵᠢᠭᠦᠯᠭᠦ ᠠᠵᠢᠯ ᠳᠤ ᠬᠢᠨᠠᠯᠳᠡ ᠳᠠᠯᠪᠢᠬᠤ ᠳᠤᠬᠳᠠᠴᠠ ᠶᠢ ᠪᠠᠶᠢᠭᠤᠯᠤᠨ ᠲᠡᠭᠦᠯᠳᠡᠷᠵᠢᠭᠦᠯᠵᠦ | ᠂ ᠪᠦᠷᠢᠨ ᠲᠦᠭᠦᠷ ᠬᠠᠮᠢᠶ᠎ᠠ ᠪᠦᠭᠦᠢ ᠲᠦᠷᠢᠮ ᠲᠤᠭᠳᠠᠭᠠᠵᠦ᠂ ᠡᠯ᠎ᠠ ᠵᠦᠢᠯ ᠤᠨ ᠲᠦᠷᠦ ᠶᠢᠨ ᠪᠤᠳᠤᠯᠭ᠎ᠠ ᠠᠷᠭ᠎ᠠ | ᠭᠡᠮᠵᠢᠶ᠎ᠠ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠦ᠂ ᠰᠢᠯᠢᠳᠡᠭ ᠡᠭᠦᠯᠳᠡᠷ ᠤᠨ ᠦᠭᠡᠷ ᠮᠠᠯᠵᠢᠬᠤ ᠠᠵᠦ ᠦᠢᠯᠡᠰ ᠤᠨ | ᠡᠷᠡᠭᠦᠯ ᠢᠶᠠᠷ ᠡᠮᠬᠢ ᠲᠢᠭᠯᠢᠮ ᠲᠠᠢ ᠭᠦᠭᠵᠢᠭᠦ ᠶᠢ ᠪᠠᠳᠤᠯᠠᠨ᠎ᠠ᠃ | | |