︽ᠥᠪᠤᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠶᠤᠸᠠᠨ ᠤ ᠳᠡᠭᠡᠳᠦ ᠨᠡᠶᠢᠰᠯᠡᠯ ᠤᠨ  ᠪᠠᠭᠤᠷᠢ ᠶᠢᠨ ᠬᠠᠮᠠᠭᠠᠯᠠᠯᠳᠠ ᠶᠢᠨ ᠲᠦᠷᠢᠮ︾ ᠨᠡᠶᠢᠳᠡᠯᠡᠭᠳᠡᠨ ᠬᠡᠷᠡᠭᠵᠢᠬᠦᠯᠦᠭᠳᠡᠯ᠎ᠡ
ᠨᠡᠶᠢᠲᠡᠯᠡᠭᠰᠡᠨ ᠴᠠᠭ᠄
2016/7/15
   ᠤᠢᠢᠷ᠎ᠠ ᠳᠤ᠂ ︽ᠥᠪᠤᠷ ᠮᠤᠩᠭᠤᠯ ᠤᠨ  ᠥᠪᠡᠷᠳᠡᠭᠡᠨ ᠵᠠᠰᠠᠬᠤ ᠤᠷᠤᠨ ᠤ ᠶᠤᠸᠠᠨ ᠤ ᠳᠡᠭᠡᠳᠦ ᠨᠡᠶᠢᠰᠯᠡᠯ ᠤᠨ ᠪᠠᠭᠤᠷᠢ ᠶᠢᠨ ᠬᠠᠮᠠᠭᠠᠯᠠᠯᠳᠠ ᠶᠢᠨ ᠲᠦᠷᠢᠮ︾᠎ ᠢ  ᠨᠡᠶᠢᠳᠡᠯᠡᠨ ᠬᠡᠷᠡᠭᠵᠢᠬᠦᠯᠬᠦ ᠶᠤᠰᠤᠯᠠᠯ ᠰᠢᠯᠤᠭᠤᠨ ᠬᠦᠭᠡ ᠬᠤᠰᠢᠭᠤᠨ ᠤ ᠬᠤᠪᠢᠯᠠᠢ ᠠᠭᠤᠳᠠᠮ ᠳᠠᠯᠠᠪᠠᠢ‌‍ᠳᠤ  ᠶᠠᠪᠤᠭᠳᠠᠭᠰᠠᠨ ᠪᠠᠶᠢᠨ᠎ᠠ᠃         ᠲᠤᠰ ᠲᠦᠷᠢᠮ 2014 ᠤᠨ ᠠᠴᠠ ᠤᠳᠤ ᠪᠤᠯᠳᠠᠯᠠᠬᠢ ᠬᠤᠶᠠᠷ ᠵᠢᠯ ᠤᠨ ᠬᠤᠭᠤᠴᠠᠭᠠᠨ ᠳᠤ ᠨᠠᠶᠢᠷᠠᠭᠤᠯᠬᠤ᠂  ᠨᠤᠤᠷᠠᠭᠯᠠᠬᠤ᠂ ᠵᠠᠰᠠᠬᠤ᠂ ᠰᠠᠨᠠᠯ ᠬᠤᠷᠢᠶᠠᠬᠤ᠂ ᠰᠤᠳᠤᠯᠭᠠᠨ ᠬᠢᠵᠦ ᠬᠢᠨᠠᠨ ᠳᠤᠭᠳᠠᠭᠠᠬᠤ ᠵᠡᠷᠭᠡ ᠶᠠᠪᠤᠴᠠ ᠶᠢ  ᠲᠠᠮᠵᠢᠭᠠᠳ ᠥᠪᠤᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ  ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ ᠬᠤᠶᠠᠳᠤᠭᠠᠷ  ᠬᠤᠷᠠᠯ ᠢᠶᠠᠷ ᠬᠢᠨᠠᠨ ᠪᠠᠳᠤᠯᠠᠵᠤ᠂ 7 ᠳ᠋ᠤᠭᠠᠷ ᠰᠠᠷ᠎ᠠ ᠶᠢᠨ 1᠎ ᠤ ᠡᠳᠤᠷ ᠠᠴᠠ ᠡᠬᠢᠯᠡᠨ ᠵᠢᠩᠬᠢᠨᠢ ᠪᠠᠷ ᠬᠡᠷᠡᠭᠵᠢᠬᠦᠯᠵᠦ  ᠪᠠᠶᠢᠭ᠎ᠠ ᠶᠤᠮ᠃ ᠲᠦᠷᠢᠮ ᠨᠢ ᠨᠡᠶᠢᠳᠡ ᠭᠤᠷᠪᠠᠨ ᠪᠦᠯᠦᠭ᠂ 37 ᠵᠤᠷᠪᠤᠰ ᠢᠶᠠᠷ ᠪᠦᠷᠢᠯᠳᠦᠵᠦ᠂ ᠶᠤᠸᠠᠨ ᠤ ᠳᠡᠭᠡᠳᠦ  ᠨᠡᠶᠢᠰᠯᠡᠯ ᠤᠨ ᠪᠠᠭᠤᠷᠢ ᠶᠢᠨ ᠬᠠᠮᠠᠭᠠᠯᠠᠯᠳᠠ ᠶᠢᠨ ᠬᠦᠷᠢᠶ᠎ᠠ ᠬᠡᠪᠴᠢᠶᠠᠨ ᠳᠤ ᠵᠦᠪᠭᠡᠨ ᠪᠠᠶᠢᠴᠠᠭᠠᠨ ᠰᠤᠳᠤᠯᠤᠯᠳᠠ᠂  ᠬᠠᠶᠢᠨ ᠰᠢᠨᠵᠢᠯᠡᠯᠳᠡ᠂ ᠬᠠᠭᠤᠴᠢ ᠰᠤᠳᠤᠯᠭᠠᠨ᠂ ᠨᠡᠭᠡᠭᠡᠨ ᠠᠭᠤᠳᠠᠯᠯᠠᠬᠤ ᠵᠢᠴᠢ ᠳᠡᠦᠭᠡ ᠶᠢᠨ ᠳᠤᠷᠠᠰᠬᠠᠯᠳᠤ  ᠵᠦᠢᠯᠡᠰ ᠤᠨ ᠬᠠᠮᠠᠭᠠᠯᠠᠯᠳᠠ ᠶᠢᠨ ᠢᠨᠵᠧᠨᠧᠷᠢᠩ ᠪᠤᠯᠤᠨ ᠪᠡᠯᠡᠳᠭᠡᠯ ᠲᠦᠭᠦᠭᠡᠷᠦᠮᠵᠢ᠂ ᠵᠤᠭᠠᠴᠠᠬᠰᠡᠳ ᠲᠤ  ᠦᠢᠯᠡᠴᠢᠯᠡᠬᠦ ᠲᠦᠭᠦᠭᠡᠷᠦᠮᠵᠢ ᠶᠢᠨ ᠪᠦᠲᠦᠭᠡᠨ ᠪᠠᠶᠢᠭᠤᠯᠤᠯᠳᠠ ᠶᠢ ᠬᠢᠵᠦ ᠪᠤᠯᠤᠨ᠎ᠠ᠃ ᠶᠠᠮᠠᠷᠪᠠ ᠪᠠᠶᠢᠭᠤᠯᠭ᠎ᠠ ᠨᠢᠭᠡᠴᠡ  ᠪᠤᠶᠤ ᠬᠤᠪᠢ ᠬᠦᠮᠦᠨ ᠬᠠᠮᠠᠭᠠᠯᠠᠯᠳᠠ ᠶᠢᠨ ᠲᠤᠭᠤᠷᠢᠭ ᠲᠤ ᠡᠪᠳᠡᠯᠡᠭᠡ ᠬᠢᠬᠦ᠂ ᠬᠠᠶᠢᠨ ᠪᠠᠶᠢᠴᠠᠭᠠᠬᠤ᠂ ᠦᠢᠯᠡᠳᠪᠦᠷᠢ  ᠠᠭᠤᠷᠬᠠᠢ ᠨᠡᠭᠡᠭᠡᠬᠦ ᠶᠢ ᠡᠷᠡᠰ ᠬᠤᠷᠢᠭᠯᠠᠨ᠎ᠠ ᠭᠡᠵᠦ ᠳᠤᠬᠳᠠᠭᠠᠵᠠᠢ᠃᠂ ᠡᠨᠡ ᠨᠢ ᠶᠤᠸᠠᠨ ᠤ ᠳᠡᠭᠡᠳᠦ ᠨᠡᠶᠢᠰᠯᠡᠯ ᠤᠨ  ᠪᠠᠭᠤᠷᠢ ᠶᠢ ᠬᠠᠮᠠᠭᠠᠯᠠᠬᠤ᠂ ᠨᠡᠭᠡᠭᠡᠨ ᠠᠭᠤᠳᠠᠯᠯᠠᠬᠤ᠂ ᠤᠬᠠᠭᠤᠯᠬᠤ᠂ ᠳᠡᠯᠭᠡᠨ ᠦᠵᠡᠬᠦᠯᠬᠦ ᠵᠢᠴᠢ ᠠᠰᠢᠭᠯᠠᠬᠤ ᠵᠡᠷᠭᠡ  ᠡᠯ᠎ᠡ ᠲᠦᠷᠦᠯ ᠤᠨ ᠠᠵᠢᠯ ᠤᠨ ᠤᠷᠤᠭᠰᠢᠳᠠᠢ ᠶᠠᠪᠤᠭᠳᠠᠬᠤ ᠳᠤ ᠬᠠᠥᠯᠢ ᠴᠠᠭᠠᠵᠠ ᠶᠢᠨ ᠪᠠᠳᠤᠯᠠᠭ᠎ᠠ ᠬᠠᠩᠭᠠᠭᠰᠠᠨ  ᠶᠠᠪᠤᠳᠠᠯ ᠪᠤᠯᠬᠤ ᠶᠤᠮ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号