ᠬᠠᠤᠯᠢ ᠪᠤᠰᠤ ᠪᠠᠷ ᠫᠤᠤ ᠬᠤᠳᠠᠯᠳᠤᠨ ᠠᠪᠴᠤ ᠪᠠᠷᠢᠪᠴᠢᠯᠠᠭᠳᠠᠪᠠ
ᠨᠡᠶᠢᠲᠡᠯᠡᠭᠰᠡᠨ ᠴᠠᠭ᠄
2016/7/16
   ᠣᠢᠢᠷ᠎ᠠ ᠶᠢᠨ ᠡᠳᠦᠷ ᠠᠪᠠᠭ᠎ᠠ ᠬᠤᠰᠢᠭᠤᠨ ᠤ ᠲᠣᠳᠣᠭᠠᠳᠣ ᠶᠢ ᠬᠠᠮᠠᠭᠠᠯᠠᠬᠤ ᠲᠣᠪᠴᠢᠶᠠᠨ ᠤ ᠲᠣᠣᠷ  ᠰᠦᠯᠵᠢᠶᠠᠨ ᠤ ᠠᠮᠣᠷ ᠢ ᠬᠠᠮᠠᠭᠠᠯᠠᠬᠤ ᠶᠡᠭᠡ ᠠᠩᠭᠢ ᠰᠦᠯᠵᠢᠶᠠᠨ ᠲᠡᠭᠡᠷᠡᠭᠢ ᠫᠣᠣ ᠰᠣᠮᠣ ᠳᠤ ᠬᠤᠯᠪᠣᠭᠳᠠᠭᠰᠠᠨ  ᠠᠵᠢᠯ ᠤᠨ ᠪᠠᠶᠢᠴᠠᠭᠠᠯᠳᠠ ᠲᠣᠮᠳᠠ᠂ ᠰᠦᠯᠵᠢᠶ᠎ᠠ ᠶᠢ ᠠᠰᠢᠠᠠᠯᠠᠭᠠᠳ ᠫᠣᠣ ᠬᠤᠳᠠᠯᠳᠣᠨ ᠠᠪᠣᠭᠰᠠᠨ ᠭᠡᠷᠡᠭ ᠢ  ᠢᠯᠡᠷᠡᠬᠦᠯᠵᠡᠢ᠃        ᠪᠠᠶᠢᠴᠠᠭᠠᠯᠳᠠ ᠪᠠᠷ ᠠᠪᠠᠭ᠎ᠠ ᠬᠤᠰᠢᠭᠤᠨ ᠤ ᠬᠠᠷᠢᠶ᠎ᠠ ᠲᠣᠭᠤᠷᠢᠭ ᠤᠨ ᠬᠤ᠋ ᠤᠪᠤᠭᠳᠤ ᠶᠢᠨ ᠰᠡᠵᠢᠭᠯᠡᠯ ᠲᠤᠩ  ᠶᠡᠭᠡ ᠪᠠᠶᠢᠵᠦ᠂ ᠲᠤᠪᠴᠢᠶ᠎ᠠ ᠶᠢᠨ ᠬᠢᠨ ᠬᠤ᠋ ᠤᠪᠤᠭᠳᠦ ᠳᠤ ᠮᠦᠷᠳᠡᠨ ᠪᠠᠶᠢᠴᠠᠭᠠᠯᠳᠠ ᠬᠢᠪᠠ᠃ ᠪᠠᠶᠢᠴᠠᠭᠠᠯᠳᠠ ᠪᠠᠷ  ᠲᠠᠮᠵᠢᠨ 2015 ᠤᠨ ᠤ 6 ᠰᠠᠷ᠎ᠠ ᠳᠤ ᠬᠤ᠋ ᠤᠪᠤᠭᠳᠤ QQ ᠰᠦᠯᠵᠢᠶᠠᠨ ᠲᠡᠭᠡᠷ᠎ᠡ ᠫᠤᠤ ᠰᠤᠮᠤ ᠬᠤᠳᠠᠯᠳᠣᠵᠣ  ᠪᠠᠶᠢᠬᠤ ᠮᠡᠳᠡᠭᠡ ᠵᠠᠩᠭᠢ ᠶᠢ ᠦᠵᠡᠵᠤ᠂ ᠠᠪᠴᠤ ᠨᠠᠭᠠᠳᠬᠤ ᠪᠤᠳᠣᠯ ᠢᠶᠠᠷ ᠨᠢᠭᠡ ᠶᠢ ᠬᠤᠳᠠᠯᠳᠣᠨ ᠠᠪᠴᠤ ᠭᠡᠷ ᠲᠡᠭᠡᠨ  ᠬᠠᠳᠠᠭᠠᠯᠠᠵᠤ ᠪᠠᠶᠢᠭᠰᠠᠨ ᠪᠤᠳᠠᠳᠤ ᠭᠡᠷᠡᠭ ᠢᠶᠠᠨ ᠦᠴᠢᠭᠯᠡᠵᠡᠢ᠃ ᠠᠪᠠᠭ᠎ᠠ ᠬᠤᠰᠢᠭᠤᠨ ᠤ ᠲᠣᠳᠣᠭᠠᠳᠣ ᠶᠢ  ᠬᠠᠮᠠᠭᠠᠯᠠᠬᠤ ᠲᠤᠪᠴᠢᠶᠠᠨ ᠠᠴᠠ ᠡᠨᠡᠭᠦ ᠬᠠᠤᠯᠢ ᠪᠤᠰᠤ ᠪᠠᠷ ᠬᠤᠳᠠᠯᠳᠣᠨ ᠠᠪᠤᠭᠰᠠᠨ ︽5 · 4︾ ᠬᠡᠯᠪᠡᠷᠢ ᠶᠢᠨ  ᠬᠡᠶᠢᠳᠣ ᠫᠤᠤ ᠶᠢ ᠲᠡᠷᠡ ᠲᠠᠷᠣᠢ ᠳᠤᠨᠢ ᠬᠤᠷᠢᠶᠠᠵᠤ ᠠᠪᠤᠪᠠ᠃ ᠤᠳᠤ ᠲᠤᠰ ᠬᠡᠷᠡᠭ ᠢ ᠴᠢᠨᠠᠭᠰᠢᠳᠠ ᠪᠠᠶᠢᠴᠠᠭᠠᠵᠦ ᠪᠤᠢ  ᠃  
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号