3 ᠳ᠋ᠤᠭᠠᠷ ᠰᠠᠷ᠎ᠠ ᠶᠢᠨ 25 ᠤ ᠡᠳᠦᠷ ᠤᠨ ᠦᠳᠡ ᠶᠢᠨ ᠡᠮᠦᠨ᠎ᠡ᠂ ᠠᠶᠢᠮᠠᠭ ᠤᠨ ᠡᠮᠡᠭᠳᠠᠶᠢᠴᠤᠳ ᠤᠨ | ᠬᠤᠯᠪᠤᠭᠠᠲᠤ ᠬᠤᠷᠠᠯ ᠲᠦᠷᠦᠬᠦᠯᠡᠨ ᠠᠶᠢᠮᠠᠭ ᠤᠨ ᠲᠤᠮᠳᠠ ᠵᠡᠷᠬᠡ ᠶᠢᠨ ᠠᠷᠠᠳ ᠤᠨ ᠰᠢᠬᠦᠬᠦ ᠬᠤᠷᠢᠶ᠎ᠠ᠂ ᠠᠶᠢᠮᠠᠭ ᠤᠨ | ᠠᠷᠠᠳ ᠤᠨ ᠶᠠᠪᠤᠳᠠᠯ ᠤᠨ ᠲᠤᠪᠴᠢᠶ᠎ᠡ ᠵᠡᠷᠬᠡ ᠪᠠᠶᠢᠭᠤᠯᠭ᠎ᠠ ᠨᠢᠬᠡᠴᠡ ᠠᠴᠠ ᠭᠤᠤᠯᠯᠠᠨ ᠡᠷᠬᠢᠯᠡᠭᠰᠡᠨ ᠰᠢᠯᠢ ᠶᠢᠨ | ᠭᠤᠤᠯ ᠠᠶᠢᠮᠠᠭ ᠤᠨ ︽ᠬᠡᠷ ᠪᠦᠯᠢ ᠶᠢᠨ ᠬᠠᠮᠠᠭᠠᠯᠠᠭᠴᠢ︾ ᠤᠷᠤᠭ ᠬᠡᠷ ᠪᠦᠯᠢ ᠶᠢᠨ ᠵᠦᠷᠢᠴᠡᠯ ᠮᠦᠷᠬᠦᠯᠳᠦᠬᠡᠨ ᠤ | ᠨᠡᠶᠢᠳᠡᠯᠢᠭ ᠬᠡᠷᠡᠭ ᠤᠨ ᠵᠢᠱᠢᠶ᠎ᠡ ᠶᠢᠨ ᠲᠠᠭᠤᠷᠢᠶᠠᠮᠠᠯ ᠲᠤᠭᠯᠠᠯᠳᠠ ᠶᠢᠨ ᠦᠨᠡᠯᠡᠡ ᠵᠠᠳᠠᠯᠬᠤ ᠬᠤᠷᠠᠯ ᠮᠠᠨ ᠤ | ᠠᠶᠢᠮᠠᠭ ᠤᠨ ᠨᠠᠰᠤᠳᠠᠶᠢᠴᠤᠳ ᠤᠨ ᠬᠥᠳᠡᠯᠬᠡᠬᠡᠨ ᠤ ᠲᠥᠪ ᠲᠤ ᠶᠠᠪᠤᠭᠳᠠᠪᠠ᠃ | ᠲᠤᠰ ᠤᠳᠠᠭᠠᠨ ᠤ ᠦᠨᠡᠯᠡᠨ ᠵᠠᠳᠠᠯᠬᠤ ᠬᠤᠷᠠᠯ ᠨᠢ ︽ᠠᠮᠤᠭᠤᠯᠠᠩ ᠬᠡᠷ ᠪᠦᠯᠢ︾ ᠶᠢ ᠪᠠᠶᠢᠭᠤᠯᠬᠤ | ᠠᠵᠢᠯᠯᠠᠭ᠎ᠠ ᠶᠢ ᠤᠯᠠᠮ ᠢᠶᠠᠷ ᠬᠦᠨᠵᠡᠬᠡᠶᠢᠷᠡᠬᠦᠯᠬᠦ᠂ ᠤᠷᠤᠭ ᠬᠡᠷ ᠪᠦᠯᠢ ᠶᠢᠨ ᠵᠦᠷᠢᠴᠡᠯ ᠮᠦᠷᠬᠦᠯᠳᠦᠬᠡᠨ ᠢ ᠡᠶᠡᠳᠡᠬᠦᠯᠬᠦ | ᠠᠵᠢᠯ ᠢ ᠲᠦᠯᠬᠢᠨ ᠠᠬᠢᠭᠤᠯᠬᠤ ᠪᠠᠷ ᠭᠤᠤᠯ ᠬᠠᠷᠠᠯᠳᠠ ᠪᠠᠨ ᠪᠤᠯᠭᠠᠵᠦ᠂ 3 ᠳ᠋ᠤᠭᠠᠷ ᠰᠠᠷ᠎ᠠ ᠶᠢᠨ 1 ᠤ ᠡᠳᠦᠷ ᠠᠴᠠ | ᠡᠬᠢᠯᠡᠵᠦ ᠵᠢᠩᠭᠢᠨᠢ ᠪᠠᠷ ᠬᠡᠷᠡᠭᠵᠢᠬᠦᠯᠦᠭᠰᠡᠨ ᠮᠠᠨ ᠤ ᠤᠯᠤᠰ ᠤᠨ ᠠᠩᠬᠠᠳᠠᠬᠴᠢ ︽ᠪᠦᠬᠦᠳᠡ ᠨᠠᠶᠢᠷᠠᠮᠳᠠᠬᠤ ᠲᠤᠮᠳᠠᠳᠥ | ᠠᠷᠠᠳ ᠤᠯᠤᠰ ᠤᠨ ᠬᠡᠷ ᠪᠦᠯᠢ ᠶᠢᠨ ᠬᠦᠴᠦᠷᠬᠡᠭᠯᠡᠯ ᠢ ᠡᠰᠡᠷᠬᠦᠴᠡᠬᠦ ᠬᠠᠤᠯᠢ︾ ᠪᠠᠷ ᠲᠤᠯᠢ ᠪᠤᠯᠭᠠᠵᠦ᠂ | ᠲᠤᠬᠠᠢ ᠶᠢᠨ ᠲᠠᠯᠠᠪᠤᠷ ᠲᠤ ᠨᠡᠶᠢᠳᠡᠯᠢᠭ ᠵᠢᠱᠢᠶ᠎ᠡ ᠲᠠᠢ ᠪᠠᠷ ᠲᠠᠭᠤᠷᠢᠶᠠᠨ ᠲᠤᠬᠯᠠᠬᠤ ᠬᠡᠯᠪᠡᠷᠢ ᠪᠠᠷ ᠶᠠᠪᠤᠭᠳᠠᠭᠤᠯᠵᠠᠢ᠃ | | ᠬᠤᠷᠠᠯ ᠳᠡᠭᠡᠷ᠎ᠡ ᠮᠠᠠ ᠤ ᠠᠶᠢᠮᠠᠭ ᠤᠨ ᠡᠮᠡᠭᠳᠠᠶᠢᠴᠤᠳ ᠤᠨ ᠬᠤᠯᠪᠤᠭᠠᠨ ᠤ ᠳᠡᠳ᠋ ᠲᠡᠷᠢᠬᠦᠯᠡᠭᠴᠢ ᠹᠧᠩ ᠱᠦ | ᠵᠢᠤᠸᠠᠨ ᠠᠴᠠ ︽ᠬᠡᠷ ᠪᠦᠯᠢ ᠶᠢᠨ ᠬᠦᠴᠦᠷᠬᠡᠭᠯᠡᠯ ᠢ ᠡᠰᠡᠷᠬᠦᠴᠡᠬᠦ︾ ᠬᠠᠤᠯᠢ ᠶᠢᠨ ᠬᠡᠷᠡᠭᠵᠢᠬᠦᠯᠦᠭᠳᠡᠭᠰᠡᠨ ᠠᠬᠤᠢ | ᠪᠠᠶᠢᠳᠠᠯ᠂ ᠠᠭᠤᠯᠭ᠎ᠠ ᠪᠠ ᠬᠢᠯᠠᠰ ᠴᠢᠭ ᠲᠤ ᠤᠡᠭᠰᠢᠨ ᠵᠠᠳᠠᠯᠤᠯᠳᠠ ᠬᠢᠭᠰᠡᠨ ᠤ ᠬᠠᠮᠳᠤ ᠮᠠᠨ ᠤ ᠠᠶᠢᠮᠠᠭ ᠤᠨ | ᠡᠮᠡᠭᠳᠠᠶᠢᠴᠤᠳ ᠤᠨ ᠬᠤᠯᠪᠤᠭ᠎ᠠ ᠶᠢᠨ ︽ᠬᠡᠷ ᠪᠦᠯᠢ ᠶᠢᠨ ᠬᠦᠴᠦᠷᠬᠡᠭᠯᠡᠯ ᠢ ᠡᠰᠡᠷᠬᠦᠴᠡᠬᠦ ᠬᠠᠤᠯᠢ︾ ᠶᠢ | ᠤᠬᠠᠭᠤᠯᠤᠭᠰᠠᠨ᠂ ᠬᠡᠷᠡᠭᠵᠢᠬᠦᠯᠦᠭᠰᠡᠨ ᠡᠯ᠎ᠡ ᠲᠦᠷᠦᠯ ᠤᠨ ᠠᠷᠭ᠎ᠠ ᠬᠡᠮᠵᠢᠶ᠎ᠡ ᠶᠢ ᠨᠡᠶᠢᠳᠡᠯᠡᠵᠠᠢ᠃ | ᠲᠤᠰ ᠤᠳᠠᠭᠠᠨ ᠤ ᠭᠡᠷ ᠪᠦᠯᠢ ᠶᠢᠨ ᠬᠦᠴᠦᠷᠭᠡᠭᠯᠡᠯ ᠤᠨ ᠨᠡᠶᠢᠳᠡᠯᠢᠭ ᠵᠢᠱᠢᠶ᠎ᠠ ᠶᠢᠨ ᠳᠠᠭᠤᠷᠢᠶᠠᠮᠠᠯ | ᠳᠤᠬᠯᠠᠯᠳᠠ ᠶᠢᠨ ᠦᠨᠡᠯᠡᠨ ᠵᠠᠳᠠᠯᠬᠤ ᠬᠤᠷᠠᠯ ᠳᠡᠭᠡᠷ ᠡ ᠠᠶᠢᠮᠠᠭ ᠤᠨ ᠡᠮᠡᠭᠳᠠᠶᠢᠴᠤᠳ ᠤᠨ ᠬᠤᠯᠪᠤᠭ᠎ᠠ ᠠᠴᠠ ᠮᠠᠨ ᠤ | ᠠᠶᠢᠮᠠᠭ ᠬᠤᠳᠠ ᠶᠢᠨ ᠬᠤᠶᠠᠷ ᠱᠠᠳᠤᠨ ᠤ ᠰᠢᠬᠦᠬᠦ ᠬᠤᠷᠢᠶᠠᠨ ᠤ ᠶᠡᠭᠡ ᠬᠡᠮᠵᠢᠶᠡᠨ ᠤ ᠬᠡᠷ ᠪᠦᠯᠢ ᠶᠢᠨ ᠵᠦᠷᠢᠴᠡᠯ | ᠮᠦᠷᠬᠦᠯᠳᠦᠬᠡᠨ ᠤ ᠦᠨᠡᠨ ᠪᠤᠳᠠᠳᠠᠢ ᠬᠡᠷᠡᠭ ᠤᠨ ᠵᠢᠱᠢᠶ᠎ᠡ ᠠᠴᠠ ᠰᠤᠩᠭᠤᠭᠰᠠᠠ ᠬᠡᠷ ᠪᠦᠯᠢ ᠶᠢᠨ ᠬᠦᠴᠦᠷᠬᠡᠭᠯᠡᠯ᠂ | ᠨᠤᠳᠤᠭ ᠪᠠᠯᠴᠢᠭᠡᠷ ᠤᠨ ᠳᠠᠳᠠᠪᠤᠷᠢᠯᠠᠨ ᠬᠡᠷᠡᠭᠯᠡᠬᠦ ᠨᠥᠬᠦᠪᠦᠷᠢ ᠮᠥᠡᠭᠭᠦᠨ ᠤ ᠵᠦᠷᠢᠴᠡᠯ ᠵᠢᠭᠤᠷᠠᠭᠠᠨ᠂ ︽80 ᠪᠠ | 90︾ ᠤᠨ ᠳᠤ ᠲᠦᠷᠦᠭᠰᠡᠤᠨ ᠤᠨ ᠤᠷᠤᠭ ᠰᠠᠯᠬᠤ ᠨᠤᠷᠮ᠎ᠡ ᠥᠨᠳᠦᠷ ᠪᠠ ᠨᠠᠰᠤᠳᠠᠶᠢᠴᠤᠳ ᠤᠨ ᠲᠠᠬᠢᠨ | ᠤᠷᠤᠭᠯᠠᠬᠤ ᠵᠡᠷᠬᠡ 4 ᠨᠡᠶᠢᠳᠡᠯᠢᠭ ᠬᠡᠷᠡᠭ ᠤᠨ ᠵᠢᠱᠢᠶ᠎ᠡ ᠶᠢᠨ ᠬᠡᠰᠡᠭ ᠦᠵᠡᠭᠳᠡᠯ ᠢ ᠲᠤᠬᠠᠢ ᠶᠢᠨ ᠲᠠᠯᠠᠪᠤᠷ ᠲᠤ | ᠲᠠᠭᠤᠷᠢᠶᠠᠨ ᠲᠤᠭᠯᠠᠵᠦ᠂ ᠲᠠᠬᠢᠨ ᠰᠢᠬᠦᠭᠴᠢ ᠶᠢᠨ ᠲᠤᠭᠤᠢᠢᠯᠠᠩ᠂ ᠬᠠᠤᠯᠢᠴᠢ ᠶᠢᠨ ᠲᠤᠭᠤᠢᠢᠯᠠᠩ᠂ ᠰᠡᠳᠬᠢᠴᠡ ᠶᠢᠨ | ᠯᠠᠪᠯᠠᠯᠳᠠ ᠶᠢᠨ ᠲᠤᠭᠤᠢᠢᠯᠠᠩ᠂ ᠤᠷᠤᠭ ᠬᠡᠷ ᠪᠦᠯᠢ ᠶᠢᠨ ᠯᠠᠪᠯᠠᠯᠳᠠ ᠶᠢᠨ ᠲᠤᠭᠤᠢᠢᠯᠠᠩ᠂ ᠡᠮᠡᠭᠳᠠᠶᠢᠴᠤᠳ ᠤᠨ | ᠬᠤᠯᠪᠤᠭᠠᠨ ᠤ ᠡᠷᠬᠡ ᠠᠰᠢᠭ ᠢ ᠬᠠᠮᠠᠭᠠᠯᠠᠬᠤ ᠺᠠᠳ᠋ᠷ ᠤᠨ ᠲᠤᠭᠤᠢᠢᠯᠠᠩ ᠵᠡᠷᠬᠡ 5 ᠲᠤᠰᠬᠠᠢ ᠮᠡᠷᠬᠡᠵᠢᠯ ᠤᠨ | ᠲᠤᠭᠤᠢᠢᠯᠠᠩ ᠤᠨ ᠲᠤᠰᠬᠠᠢ ᠮᠡᠷᠬᠡᠵᠢᠯᠳᠡᠨ ᠨᠠᠷ ᠠᠴᠠ ᠡᠳᠡᠬᠡᠷ 4 ᠨᠡᠶᠢᠳᠡᠯᠢᠭ ᠵᠢᠱᠢᠶ᠎ᠡ ᠳᠤ ᠬᠠᠨᠳᠤᠭᠤᠯᠵᠦ᠂ ᠠᠳᠠᠯᠢ | ᠪᠤᠰᠤ ᠵᠤᠭᠰᠤᠴᠠ ᠠᠴᠠ ᠬᠡᠷᠡᠭ ᠤᠨ ᠵᠢᠱᠢᠶ᠎ᠡ ᠶᠢ ᠵᠠᠳᠠᠯᠵᠦ᠂ ᠡᠶᠢᠮᠦᠷᠬᠦ ᠪᠠᠶᠢᠳᠠᠯ ᠳᠤ ᠵᠦᠷᠢᠴᠡᠯ ᠢ ᠬᠡᠷᠬᠢᠨ | ᠰᠢᠢᠳᠪᠦᠷᠢᠯᠡᠬᠦ᠂ ᠡᠶ᠎ᠡ ᠵᠤᠬᠢᠴᠠᠯᠳᠦ ᠬᠡᠷ ᠪᠦᠯᠢ ᠶᠢ ᠬᠡᠷᠬᠢᠨ ᠴᠤᠭᠴᠠᠯᠠᠨ ᠪᠠᠶᠢᠭᠤᠯᠬᠤ ᠵᠡᠷᠬᠡ ᠲᠠᠯ᠎ᠠ ᠠᠴᠠ ᠰᠠᠨᠠᠯ | ᠵᠦᠪᠯᠡᠯᠬᠡ ᠲᠤᠷᠠᠳᠴᠠᠢ᠃ | ᠦᠨᠡᠨ ᠪᠤᠳᠠᠳᠠᠢ ᠬᠡᠷᠡᠭ ᠤᠨ ᠵᠢᠱᠢᠶ᠎ᠡ ᠶᠢᠨ ᠲᠠᠭᠤᠷᠢᠶᠠᠮᠠᠯ ᠲᠤᠭᠯᠠᠯᠳᠠ ᠶᠢᠨ ᠲᠤᠬᠠᠢ ᠶᠢᠨ ᠲᠠᠯᠠᠪᠤᠷ ᠤᠨ | ᠠᠮᠢᠳᠤᠯᠢᠭ ᠲᠤᠭᠯᠠᠯᠳᠠ ᠪᠠ ᠰᠢᠨ᠎ᠡ ᠰᠡᠪᠡᠬᠦᠨ ᠬᠡᠯᠪᠡᠷᠢ ᠨᠢ ᠲᠤᠬᠠᠢ ᠶᠢᠨ ᠲᠠᠯᠠᠪᠤᠷ ᠤᠨ ᠦᠵᠡᠭᠴᠢᠳ ᠤᠨ | ᠠᠩᠬᠠᠷᠤᠯ ᠢ ᠶᠡᠬᠡᠳᠡ ᠳᠠᠳᠠᠵᠦ᠂ ᠬᠡᠷ ᠪᠦᠯᠢ ᠶᠢᠨ ᠬᠦᠴᠦᠷᠬᠡᠭᠯᠡᠯ ᠶᠠᠪᠤᠭᠤᠯᠬᠤ᠂ ᠵᠠᠯᠠᠭᠤᠴᠤᠳ ᠤᠨ ᠬᠤᠷᠴᠠ | ᠰᠢᠷᠦᠬᠦᠨ ᠮᠦᠷᠬᠦᠯᠳᠦᠬᠡᠨ ᠵᠡᠷᠬᠡ ᠬᠡᠰᠡᠭ ᠦᠵᠡᠭᠳᠡᠯ ᠳᠤ ᠵᠠᠷᠢᠮ ᠦᠵᠡᠭᠴᠢᠳ ᠨᠢ ᠬᠢᠯᠢᠩᠨᠡᠨ ᠠᠭᠤᠷᠯᠠᠵᠦ᠂ | ᠵᠠᠷᠢᠮ ᠨᠢ ᠨᠢᠯᠪᠤᠰᠤ ᠠᠰᠬᠠᠷᠠᠭᠤᠯᠵᠦ ᠪᠠᠶᠢᠯ᠎ᠠ᠃ ᠠᠶᠢᠮᠠᠭ ᠤᠨ ᠡᠪᠯᠡᠯ ᠤᠨ ᠬᠤᠷᠢᠶᠠᠨ ᠤ ᠬᠠᠰᠬᠤᠸᠠᠷ ︽ᠰᠢᠨ᠎ᠡ | ᠤᠷᠤᠬᠯᠠᠬᠰᠠᠨ ᠵᠠᠯᠠᠭᠤᠴᠤᠳ ᠤᠷᠤᠭ ᠬᠡᠷ ᠪᠦᠯᠢ ᠶᠢᠨ ᠲᠠᠯ ᠠ ᠳᠤ ᠤᠯᠠᠨ ᠠᠰᠠᠭᠤᠳᠠᠯ ᠤᠷᠤᠰᠢᠵᠦ ᠪᠤᠢ᠂ ᠬᠡᠷ | ᠪᠦᠯᠢ ᠶᠢᠨ ᠪᠦᠷᠢᠯᠳᠦᠬᠦᠨ ᠬᠤᠭᠤᠷᠤᠨᠳᠦ ᠪᠠᠨ ᠡᠶ᠎ᠡ ᠡᠪᠳᠠᠢ᠂ ᠬᠠᠷᠢᠯᠴᠠᠨ ᠬᠦᠨᠳᠦᠳᠬᠡᠵᠦ᠂ ᠬᠠᠷᠢᠯᠴᠠᠨ | ᠬᠠᠶᠢᠷᠠᠯᠠᠯᠴᠠᠵᠦ᠂ ᠡᠶ᠎ᠡ ᠨᠠᠶᠢᠷᠰᠠᠭ ᠵᠤᠯ ᠵᠢᠷᠭᠠᠯᠳᠤ ᠬᠡᠷ ᠪᠦᠯᠢ ᠶᠢ ᠴᠤᠭᠴᠠᠯᠠᠨ ᠪᠠᠶᠢᠭᠤᠯᠬᠤ ᠳᠤ ᠬᠦᠴᠦᠯᠡᠬᠦ | ᠬᠡᠷᠡᠭᠳᠠᠢ ᠬᠡᠳᠡᠭ ᠢ ᠮᠡᠳᠡᠯ᠎ᠡ︾ ᠬᠡᠵᠦ ᠶᠠᠷᠢᠵᠦ ᠪᠠᠶᠢᠯ᠎ᠠ᠃ | ᠬᠡᠷᠡᠭ ᠤᠨ ᠵᠢᠱᠢᠶ᠎ᠡ ᠶᠢ ᠲᠤᠬᠠᠢ ᠶᠢᠨ ᠲᠠᠯᠠᠪᠤᠷ ᠲᠤ ᠲᠠᠭᠤᠷᠢᠶᠠᠨ ᠲᠤᠭᠯᠠᠵᠦ᠂ ᠲᠤᠰᠬᠠᠢ ᠮᠡᠷᠬᠡᠵᠢᠯᠳᠡᠨ ᠠᠴᠠ | ᠦᠨᠡᠯᠡᠨ ᠵᠠᠳᠠᠯᠤᠭᠰᠠᠨ ᠨᠢ ᠤᠤᠯ ᠤᠨ ᠬᠡᠷ ᠪᠦᠯᠢ ᠶᠢᠨ ᠵᠦᠷᠢᠴᠡᠯ ᠮᠦᠷᠬᠦᠯᠳᠦᠬᠡᠨ ᠤ ᠠᠰᠠᠭᠤᠳᠠᠯ ᠢ ᠶᠠᠷᠢᠯᠴᠠᠬᠤ ᠳᠤ | ᠵᠦᠪᠬᠡᠨ ᠬᠡᠯᠡᠵᠦ ᠶᠠᠷᠢᠵᠦ ᠪᠠᠶᠢᠭᠰᠠᠠ ᠢ ᠬᠤᠪᠢᠷᠠᠭᠤᠯᠵᠦ᠂ ᠬᠡᠯᠪᠡᠷᠢ ᠶᠢᠨ ᠬᠤᠪᠢ ᠳᠤ ᠨᠡᠩ ᠰᠢᠨ᠎ᠡ ᠰᠡᠪᠡᠬᠦᠨ ᠢᠶᠠᠷ | ᠥᠷᠬᠡᠨ ᠤᠯᠠᠨ ᠦᠵᠡᠭᠴᠢᠳ ᠤᠨ ᠦᠨᠡᠨ ᠪᠤᠳᠠᠳᠠᠢ ᠬᠡᠷᠡᠭ ᠤᠨ ᠵᠢᠱᠢᠶ᠎ᠡ ᠠᠴᠠ ᠤᠷᠤᠭ ᠬᠡᠷ ᠪᠦᠯᠢ ᠶᠢᠨ ᠵᠦᠷᠢᠴᠡᠯ | ᠮᠦᠷᠬᠦᠯᠳᠦᠬᠡᠨ ᠤ ᠠᠰᠠᠭᠤᠳᠠᠯ ᠤᠨ ᠡᠬᠦᠰᠦᠯ᠂ ᠬᠤᠤᠷ ᠬᠥᠨᠥᠬᠡᠯ ᠢ ᠤᠢᠢᠯᠠᠭᠠᠭᠤᠯᠵᠦ᠂ ᠬᠡᠷ ᠪᠦᠯᠢ ᠶᠢᠨ | ᠬᠦᠴᠦᠷᠬᠡᠭᠯᠡᠯ ᠤᠴᠠᠷᠠᠬᠤ ᠦᠶᠡᠰ ᠬᠡᠷᠬᠢᠨ ᠥᠪᠡᠷ ᠤᠨ ᠬᠠᠤᠯᠢ ᠶᠤᠰᠤᠨ ᠤ ᠡᠷᠬᠡ ᠠᠰᠢᠭ ᠢᠶᠠᠨ ᠬᠠᠮᠠᠭᠠᠯᠠᠬᠤ ᠵᠡᠷᠬᠡ | ᠪᠤᠳᠠᠳᠠᠢ ᠠᠷᠭ᠎ᠠ ᠬᠡᠮᠵᠢᠶ᠎ᠠ ᠶᠢ ᠨᠡᠩ ᠬᠦᠨᠵᠡᠬᠡᠢ ᠲᠠᠨᠢᠭᠤᠯᠵᠠᠢ᠃ | | |