ᠮᠠᠯᠵᠢᠬᠤ ᠤᠷᠤᠨ ᠤ ᠰᠦᠯᠵᠢᠶ᠎ᠡ ᠭᠠᠵᠠᠷ ᠤᠨ ᠬᠤᠯᠠ ᠶᠢ ᠤᠢᠢᠷᠠᠳᠤᠭᠤᠯᠳᠠᠭ
ᠨᠡᠶᠢᠲᠡᠯᠡᠭᠰᠡᠨ ᠴᠠᠭ᠄
2016/7/16
   4 ᠰᠠᠷ᠎ᠠ ᠶᠢᠨ 6᠎ ᠤ ᠡᠳᠦᠷ᠂ ᠰᠢᠯᠢ ᠶᠢᠨ ᠬᠤᠳᠠ ᠶᠢᠨ ᠳᠤᠳᠤᠭᠠᠲᠤ ᠶᠢ ᠬᠠᠮᠠᠭᠠᠯᠠᠬᠤ ᠲᠤᠪᠴᠢᠶᠡᠨ ᠤ  ᠪᠠᠶᠠᠨᠬᠦ᠋ᠷᠢᠶ᠎ᠡ ᠲᠤᠮᠢᠯᠠᠭᠰᠠᠨ ᠰᠠᠯᠪᠤᠷᠢ ᠨᠢ ᠬᠠᠷᠢᠶᠠᠳᠤ ᠤᠷᠤᠨ ᠤ ᠮᠠᠯᠴᠢᠨ ᠡᠦ ᠤᠪᠤᠭᠳᠤ ᠡᠬᠡᠨᠡᠷ ᠲᠠᠢ ᠪᠠᠨ  ᠮᠤᠲ᠋ᠤᠷ ᠲᠠᠢ ᠬᠦᠢᠳᠡᠨ ᠰᠢᠯᠢ ᠤᠷᠤᠭᠤ ᠶᠠᠪᠤᠬᠤ ᠵᠠᠮ ᠳᠠᠭᠠᠨ ᠪᠤᠯᠭᠤᠮᠵᠢ ᠦᠬᠡᠢ ᠠᠴᠠ ᠨᠢᠬᠡ ᠪᠤᠭᠴᠦ ᠪᠠᠨ ᠬᠡᠬᠡᠵᠦ᠂  ᠪᠤᠭᠴᠤᠨ ᠳᠤᠳᠤᠷ᠎ᠠ ᠨᠢ ᠳᠡᠳᠡ ᠬᠤᠶᠠᠭᠤᠯᠠ ᠶᠢᠨ ᠪᠡᠶ᠎ᠡ ᠶᠢᠨ ᠦᠨᠡᠮᠯᠡᠯ ᠪᠠᠶᠢᠬᠤ ᠪᠦᠬᠡᠳ ᠲᠦᠮᠡ ᠭᠠᠷᠤᠢ ᠲᠦᠭᠦᠷᠢᠭ  ᠪᠠᠶᠢᠬᠤ ᠬᠡᠷᠡᠭ ᠮᠡᠳᠡᠬᠦᠯᠬᠦ ᠤᠳᠠᠰᠦ ᠶᠢ ᠲᠤᠰᠤᠭᠰᠠᠨ ᠪᠠᠶᠢᠨ᠎ᠠ᠃ ᠬᠡᠷᠡᠭ ᠮᠡᠳᠡᠬᠦᠯᠬᠦ ᠤᠳᠠᠰᠦ ᠶᠢ ᠳᠤᠰᠤᠭᠰᠠᠨ ᠤ  ᠲᠠᠷᠠᠭ᠎ᠠ᠂ ᠴᠠᠭᠳᠠᠭ᠎ᠠ ᠨᠠᠷ ᠲᠡᠷᠡ ᠲᠠᠷᠤᠢ ᠳᠤᠨᠢ ᠵᠠᠮ ᠳᠠᠭᠠᠵᠦ ᠡᠷᠢᠬᠦ ᠶᠢᠨ ᠳᠠᠭᠠᠤ ᠲᠠᠯ᠎ᠠ ᠨᠤᠳᠤᠭ ᠤᠨ 110᠎ ᠤᠨ  ᠬᠤᠯᠪᠤᠭᠠᠯᠠᠨ ᠰᠡᠷᠬᠡᠶᠢᠯᠡᠬᠦ ᠲᠤᠤᠷ ᠰᠦᠯᠵᠢᠶ᠎ᠡ ᠪᠠᠷ ᠴᠠᠭᠳᠠᠭ᠎ᠠ ᠳᠤ ᠮᠡᠳᠡᠬᠦᠯᠬᠦ ᠰᠢᠰᠲᠧᠮ ᠢᠶᠠᠷ ᠲᠠᠮᠵᠢᠨ ᠬᠠᠷᠢᠶᠠᠳᠤ  ᠤᠷᠤᠨ ᠤ ᠤᠯᠠᠨ ᠲᠦᠮᠡᠨ ᠳᠤ ᠰᠤᠷᠠᠭ ᠵᠠᠩᠭᠢ ᠲᠠᠮᠵᠢᠭᠤᠯᠵᠦ᠂ ᠬᠠᠷᠢᠶᠠᠳᠤ ᠤᠷᠤᠨ ᠤ ᠤᠯᠠᠨ ᠲᠦᠮᠡᠨ ᠢ ᠵᠤᠬᠢᠶᠠᠨ  ᠪᠠᠶᠢᠭᠤᠯᠵᠦ ᠡᠷᠢᠵᠠᠢ᠃ ᠬᠠᠮᠳᠤᠷᠠᠨ ᠬᠥᠳᠡᠯᠦᠯᠴᠡᠬᠦ ᠠᠵᠢᠯᠯᠠᠭ᠎ᠠ ᠲᠤᠮᠳᠠ ᠨᠢᠬᠡ ᠮᠠᠯᠴᠢᠨ ᠲᠤᠮᠢᠯᠠᠭᠰᠠᠨ ᠰᠠᠯᠪᠤᠷᠢ ᠳᠤ  ᠤᠳᠠᠰᠦ ᠢᠷᠡᠵᠦ᠂ ᠬᠡᠬᠡᠭᠰᠡᠨ ᠪᠤᠭᠴᠦ ᠶᠢ ᠤᠯᠵᠦ ᠠᠪᠤᠭᠰᠠᠨ ᠢᠶᠠᠨ ᠮᠡᠳᠡᠭᠳᠡᠵᠠᠢ᠃ ᠢᠡᠭᠭᠢᠭᠡᠳ ᠡᠦ ᠤᠪᠤᠭᠳᠤ ᠶᠢᠨ  ᠪᠤᠭᠴᠦ ᠶᠢ ᠨᠢᠬᠡ ᠴᠠᠭ ᠤᠨ ᠳᠤᠳᠤᠷ᠎ᠠ ᠤᠯᠵᠦ ᠠᠪᠤᠭᠰᠠᠨ ᠪᠠᠶᠢᠨ᠎ᠠ᠃        ᠮᠠᠯᠴᠢᠨ ᠲᠦᠮᠡᠨ ᠤ ᠠᠮᠤᠷ ᠲᠥᠪᠰᠢᠨ ᠢ ᠪᠠᠳᠤᠯᠠᠬᠤ᠂ ᠭᠠᠴᠢᠭᠳᠠᠯ ᠪᠡᠷᠬᠡᠳᠡᠯ ᠠᠴᠠ ᠠᠪᠤᠷᠠᠨ ᠲᠤᠰᠠᠯᠠᠬᠤ᠂  ᠬᠡᠷᠡᠭ ᠭᠠᠷᠪᠠᠯ ᠲᠦᠷᠬᠡᠨ ᠪᠦᠳᠦᠮᠵᠢᠳᠠᠢ ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠬᠦᠯᠵᠦ᠂ ᠮᠠᠯᠵᠢᠬᠤ ᠤᠷᠤᠨ ᠤ  ᠨᠡᠶᠢᠬᠡᠮ ᠤᠨ ᠠᠮᠤᠷ ᠲᠤᠭᠳᠠᠭᠤᠨ ᠢ ᠬᠠᠮᠠᠭᠠᠯᠠᠬᠤ ᠶᠢᠨ ᠲᠤᠯᠠᠳᠠ ᠰᠢᠯᠢ ᠶᠢᠨ ᠬᠤᠳᠠ ᠶᠢᠨ ᠳᠤᠳᠤᠭᠠᠲᠤ ᠶᠢ  ᠬᠠᠮᠠᠭᠠᠯᠠᠬᠤ ᠲᠤᠪᠴᠢᠶ᠎ᠡ ᠨᠢ ᠰᠢᠯᠢ ᠶᠢᠨ ᠬᠤᠳᠠ ᠶᠢᠨ ᠵᠤᠤ ᠲᠠᠢ ᠰᠢᠨᠵᠢᠯᠡᠭᠡ ᠮᠡᠷᠬᠡᠵᠢᠯ ᠤᠨ ᠺᠤᠮᠫᠠᠨᠢ ᠲᠠᠢ ᠬᠠᠮᠳᠤᠷᠠᠨ  ᠂ ︽ᠮᠠᠯᠵᠢᠬᠤ ᠤᠷᠤᠨ ᠤ ᠬᠤᠯᠪᠤᠭᠠᠯᠠᠨ ᠰᠡᠷᠬᠡᠶᠢᠯᠡᠬᠦ ᠲᠤᠤᠷ ᠰᠦᠯᠵᠢᠶ᠎ᠡ ᠪᠠᠷ ᠴᠠᠭᠳᠠᠭ᠎ᠠ ᠳᠤ ᠮᠡᠳᠡᠬᠦᠯᠬᠦ︾ ᠲᠦᠷᠦᠯ  ᠵᠦᠢᠯ ᠢ ᠰᠤᠳᠤᠯᠤᠨ ᠨᠡᠬᠡᠬᠡᠵᠦ᠂ ᠲᠡᠷᠡ ᠨᠢ ᠬᠡᠷᠡᠭ ᠮᠡᠳᠡᠬᠦᠯᠦᠯᠳᠡ ᠶᠢᠨ ᠲᠡᠪᠴᠡᠩ ᠪᠠ ᠬᠡᠷᠡᠭ ᠮᠡᠳᠡᠬᠦᠯᠬᠦ ᠭᠠᠷ  ᠤᠳᠠᠰᠦ ᠪᠠᠷ ᠪᠦᠷᠢᠯᠳᠦᠵᠦ᠂ ᠮᠠᠯᠴᠢᠳ ᠶᠡᠷᠦᠳᠡ ᠶᠢᠨ ᠠᠮᠢᠳᠤᠷᠠᠯ ᠲᠤᠮᠳᠠ ᠪᠠᠴᠢᠮ ᠪᠠᠶᠢᠳᠠᠯ ᠲᠤᠯᠭᠠᠷᠠᠪᠠᠯ᠂ ᠭᠠᠷ  ᠤᠳᠠᠰᠦ ᠪᠠᠷ ᠢᠶᠠᠨ ᠰᠢᠭᠤᠳ ᠴᠠᠭᠳᠠᠭ᠎ᠠ ᠲᠠᠢ ᠬᠠᠷᠢᠯᠴᠠᠵᠦ ᠲᠡᠶᠢᠯᠬᠦ ᠮᠦᠷᠳᠡᠬᠡᠨ GPS ᠤᠷᠤᠨ ᠪᠠᠶᠢᠷᠢ  ᠲᠤᠭᠳᠠᠭᠠᠬᠤ ᠪᠠᠷ ᠲᠠᠮᠵᠢᠨ᠂ ᠴᠠᠭᠳᠠᠭ᠎ᠠ ᠨᠠᠷ ᠬᠡᠷᠡᠭ ᠮᠡᠳᠡᠬᠦᠯᠬᠦ ᠤᠳᠠᠰᠦ ᠶᠢ ᠲᠤᠰᠬᠤ ᠶᠢᠨ ᠳᠠᠭᠠᠤ ᠬᠡᠷᠡᠭ  ᠡᠬᠦᠰᠦᠭᠰᠡᠨ ᠭᠠᠵᠠᠷ ᠢ ᠤᠨᠤᠪᠴᠢᠳᠠᠢ ᠮᠡᠳᠡᠵᠦ᠂ ᠬᠠᠮᠤᠭ ᠤᠬᠤᠷ ᠬᠤᠭᠤᠴᠠᠭᠠᠨ ᠲᠤᠳᠤᠷ᠎ᠠ᠂ ᠮᠠᠯᠴᠢᠨ ᠲᠦᠮᠡᠨ ᠤ  ᠠᠮᠢ ᠨᠠᠰᠤ ᠵᠢᠴᠢ ᠡᠳ᠋ ᠬᠥᠷᠦᠩᠭᠡ ᠶᠢᠨ ᠰᠦᠢᠳᠦᠯ ᠢ ᠪᠠᠭᠠᠰᠬᠠᠵᠦ ᠲᠡᠶᠢᠯᠦᠨ᠎ᠡ᠃  
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ 
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号