ᠰᠢᠯᠤᠭᠤᠨ ᠬᠦᠬᠡ ᠬᠤᠰᠢᠭᠤᠨ ᠤ ᠠᠷᠡᠤᠨ ᠤᠨ ᠪᠠᠶᠢᠴᠠᠭᠠᠬᠤ ᠬᠤᠷᠢᠶ᠎ᠡ ᠰᠡᠷᠡᠮᠵᠢ ᠶᠢᠨ ᠬᠦᠮᠤᠵᠢᠯ ᠢ ᠰᠠᠶᠢᠳᠤᠷ ᠬᠢᠵᠦ ᠪᠠᠶᠢᠨ᠎ᠠ
ᠨᠡᠶᠢᠲᠡᠯᠡᠭᠰᠡᠨ ᠴᠠᠭ᠄
2016/7/16
   ᠰᠢᠯᠤᠭᠤᠨ ᠬᠦᠬᠡ ᠬᠤᠰᠢᠭᠤᠨ ᠤ ᠠᠷᠡᠤᠨ ᠤᠨ ᠪᠠᠶᠢᠴᠠᠭᠠᠬᠤ ᠬᠤᠷᠢᠶ᠎ᠡ ᠨᠢ ᠲᠤᠰᠢᠶᠠᠯ ᠢᠶᠠᠨ ᠠᠰᠢᠭᠯᠠᠨ ᠶᠠᠯ᠎ᠠ  ᠬᠢᠬᠦ ᠶᠢ ᠪᠠᠶᠢᠴᠠᠭᠠᠨ ᠢᠯᠡᠷᠡᠬᠦᠯᠬᠦ ᠪᠠ ᠤᠷᠢᠳᠴᠢᠯᠠᠨ ᠰᠡᠷᠬᠡᠶᠢᠯᠡᠬᠦ ᠠᠵᠢᠯ ᠤᠨ ᠲᠥᠷᠢᠮ ᠢ ᠤᠯᠠᠮ ᠨᠢᠬᠡ ᠠᠯᠬᠤᠮ  ᠲᠡᠭᠦᠯᠳᠡᠷᠵᠢᠬᠦᠯᠵᠦ᠂ ᠲᠤᠰᠢᠶᠠᠯ ᠢᠶᠠᠨ ᠠᠰᠢᠭᠯᠠᠨ ᠶᠠᠯ᠎ᠠ ᠬᠢᠬᠦ ᠶᠢ ᠰᠡᠷᠡᠮᠵᠢᠯᠡᠬᠦᠯᠦᠨ ᠬᠥᠮᠥᠵᠢᠬᠦᠯᠬᠦ ᠤᠬᠠᠭᠤᠯᠭ᠎ᠠ ᠶᠢᠨ  ᠠᠵᠢᠯ ᠢ ᠢᠳᠡᠪᠬᠢᠳᠠᠢ ᠦᠷᠨᠢᠬᠦᠯᠵᠦ ᠪᠠᠶᠢᠨ᠎ᠠ᠃        ᠲᠤᠰ ᠪᠠᠶᠢᠴᠠᠭᠠᠬᠤ ᠬᠤᠷᠢᠶ᠎ᠡ 2015 ᠤᠨ ᠳᠤ ᠲᠤᠰᠢᠶᠠᠯ ᠢᠶᠠᠨ ᠠᠰᠢᠭᠯᠠᠨ ᠶᠠᠯ᠎ᠠ ᠬᠢᠬᠦ ᠶᠢ ᠰᠠᠷᠡᠮᠵᠢᠯᠠᠬᠦᠯᠬᠦ  ᠤᠬᠠᠭᠤᠯᠭ᠎ᠠ ᠬᠥᠮᠥᠵᠢᠯ ᠤᠨ ᠠᠵᠢᠯᠯᠠᠭ᠎ᠠ ᠶᠢ ᠨᠡᠶᠢᠳᠡ 29 ᠤᠳᠠᠭ᠎ᠠ ᠦᠷᠨᠢᠬᠦᠯᠵᠦ᠂ ᠲᠤᠰᠢᠶᠠᠯ ᠤᠨ ᠶᠠᠯᠠᠳᠤ  ᠬᠡᠷᠡᠭ ᠤᠨ ᠨᠡᠶᠢᠳᠡᠯᠢᠭ ᠵᠢᠱᠢᠶ᠎ᠡ ᠳᠤ ᠨᠢᠬᠡ ᠤᠳᠠᠭ᠎ᠠ ᠵᠠᠳᠡᠯᠤᠯᠳᠡ ᠬᠢᠵᠤ᠂ ᠤᠷᠢᠤᠨᠴᠢᠯᠠᠨ ᠰᠠᠷᠬᠡᠶᠢᠯᠠᠬᠦ  ᠪᠠᠶᠢᠴᠠᠭᠠᠯᠳᠡ ᠶᠢᠨ ᠠᠵᠢᠯᠯᠠᠭ᠎ᠠ ᠶᠢ 3 ᠤᠳᠠᠭ᠎ᠠ ᠦᠷᠨᠢᠬᠦᠯᠦᠭᠰᠡᠨ ᠪᠠᠶᠢᠨ᠎ᠡ᠃          ᠬᠡᠬᠡᠯᠢ ᠲᠦᠯᠬᠢᠬᠦ ᠶᠠᠯᠠᠳᠤ ᠬᠡᠷᠡᠭ ᠢ ᠪᠠᠶᠢᠴᠠᠭᠠᠬᠤ ᠠᠵᠢᠯ ᠢ ᠦᠷᠨᠢᠬᠦᠯᠵᠦ᠂ ᠲᠡᠩᠰᠠ ᠡᠪᠬᠡᠮᠠᠯ ᠢ ᠪᠠᠶᠢᠴᠠᠭᠠᠨ  ᠠᠰᠠᠭᠤᠬᠤ ᠰᠢᠰᠲᠧᠮ ᠢ ᠪᠦᠷᠢᠨᠰᠢᠬᠦᠯᠵᠦ᠂ ᠪᠠᠶᠢᠴᠠᠭᠠᠨ ᠠᠰᠠᠭᠤᠬᠤ ᠦᠢᠯᠠᠴᠢᠯᠡᠭᠡ ᠶᠢ 768 ᠤᠳᠠᠭ᠎ᠠ ᠬᠢᠵᠤ᠂  ᠠᠳᠡᠯᠢ ᠬᠤᠭᠤᠴᠠᠭᠠᠨ ᠤ ᠬᠢ ᠠᠴᠠ 192%᠎ ᠢᠶᠠᠷ ᠳᠡᠭᠡᠭᠰᠢᠯᠡᠪᠡ᠃ ᠡᠬᠦᠨ ᠤ ᠬᠠᠮᠳᠤ ᠰᠢᠯᠤᠭᠤᠨ ᠬᠥᠬᠡ  ᠬᠤᠰᠢᠭᠤᠨ ᠤ ︽ᠠᠷᠪᠡ ᠶᠢ ᠪᠦᠷᠬᠦᠬᠦᠯᠬᠦ ᠢᠨᠵᠧᠨᠧᠷᠢᠩ︾᠎ ᠢ ᠬᠡᠷᠡᠭᠵᠢᠬᠦᠯᠬᠦ ᠶᠠᠪᠤᠴᠠ ᠳᠤ ᠲᠤᠰᠢᠶᠠᠯ ᠢᠶᠠᠨ  ᠠᠰᠢᠭᠯᠠᠨ ᠶᠠᠯ᠎ᠠ ᠬᠢᠬᠦ ᠶᠢ ᠤᠷᠢᠤᠨᠴᠢᠯᠠᠨ ᠰᠠᠷᠬᠡᠶᠢᠯᠠᠬᠦ ᠤᠬᠠᠭᠤᠯᠭ᠎ᠠ ᠶᠢᠨ ᠪᠦᠯᠬᠦᠮ ᠢ ᠵᠤᠬᠢᠶᠠᠨ ᠪᠠᠶᠢᠭᠤᠯᠤᠨ᠂  ᠤᠬᠠᠭᠤᠯᠭ᠎ᠠ ᠶᠢᠨ ᠠᠵᠢᠯᠯᠠᠭ᠎ᠠ ᠶᠢ ᠢᠳᠡᠪᠬᠢᠳᠠᠢ ᠦᠷᠨᠢᠬᠦᠯᠵᠤ᠂ ᠬᠤᠰᠢᠭᠤᠨ ᠤ ᠶᠢᠰᠦᠨ ᠳᠤᠮᠤ ᠪᠠᠯᠭᠠᠰᠤ  ᠲᠠᠯᠠᠪᠠᠢ ᠳᠤ ᠬᠦᠷᠴᠤ᠂ ︽ᠲᠤᠰᠢᠶᠠᠯ ᠢᠶᠠᠨ ᠠᠰᠢᠭᠯᠠᠨ ᠶᠡᠯ᠎ᠡ ᠬᠢᠬᠦ ᠶᠢ ᠤᠷᠢᠤᠨᠴᠢᠯᠠᠨ ᠰᠠᠷᠬᠡᠶᠢᠯᠠᠬᠦ ᠤᠬᠠᠭᠤᠯᠤᠨ  ᠲᠡᠶᠢᠯᠪᠤᠷᠢᠯᠠᠬᠤ ᠠᠵᠢᠯᠯᠠᠭ᠎ᠠ ᠦᠷᠨᠢᠬᠦᠯᠵᠤ᠂ ᠰᠤᠮᠤ ᠪᠠᠯᠭᠠᠰᠤ ᠲᠡᠯᠠᠪᠠᠢ ᠶᠢᠨ ᠺᠠᠳ᠋ᠷ ᠪᠠ ᠭᠠᠴᠠᠭ᠎ᠠ ᠲᠤᠰᠬᠤᠨ ᠤ  ᠬᠤᠶᠠᠷ ᠵᠦᠪᠯᠠᠯ ᠤᠨ 500 ᠰᠢᠬᠠᠮ ᠬᠦᠮᠤᠨ ᠳᠤ ᠰᠠᠷᠡᠮᠵᠢᠯᠡᠬᠦᠯᠬᠦ ᠬᠦᠮᠤᠵᠢᠯ ᠬᠢᠵᠤ᠂ ︽ᠠᠷᠪᠡ ᠶᠢ ᠪᠦᠷᠬᠦᠬᠦᠯᠬᠦ︾  ᠢᠨᠵᠧᠨᠧᠷᠢᠩ ᠤᠨ ᠤᠷᠤᠭᠰᠢᠳᠡᠢ ᠶᠠᠪᠤᠭᠳᠠᠬᠤ ᠶᠢ ᠪᠠᠳᠤᠯᠠᠪᠠ᠃  
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号