ᠮᠠᠯᠴᠢᠳ ᠤᠨ ᠮᠦᠡᠭᠬᠦ ᠶᠢ ᠬᠤᠷᠮᠦ᠋ᠢᠯᠠᠬᠤ ᠬᠡᠳ ᠪᠠᠷᠢᠪᠴᠢᠯᠠᠭᠳᠠᠪᠠ
ᠨᠡᠶᠢᠲᠡᠯᠡᠭᠰᠡᠨ ᠴᠠᠭ᠄
2016/7/16
   ᠤᠶᠢᠷ᠎ᠠ ᠳᠤ᠂ ᠵᠡᠬᠦᠨ ᠦᠵᠦᠮᠦᠴᠢᠨ ᠬᠤᠰᠢᠭᠤᠨ ᠤ ᠲᠤᠳᠤᠭᠠᠳᠤ ᠶᠢ ᠬᠠᠮᠠᠭᠠᠯᠠᠬᠤ ᠲᠤᠪᠴᠢᠶ᠎ᠠ ᠬᠡᠳᠦᠨ  ᠮᠠᠯᠴᠢᠨ ᠤ ᠢᠷᠡᠬᠦᠯᠦᠭᠰᠡᠨ ︽5000 ᠭᠠᠷᠤᠢ ᠲᠦᠬᠦᠷᠢᠭ ᠢᠶᠠᠨ ᠭᠠᠷ ᠤᠳᠠᠰᠤᠨ ᠤ ᠴᠢᠮᠡᠭᠡ ᠬᠤᠯᠪᠤᠭ᠎ᠠ ᠪᠠᠷ  ᠮᠡᠬᠡᠯᠡᠭᠳᠡᠯ᠎ᠡ︾ ᠬᠡᠰᠡᠨ ᠬᠡᠷᠡᠭ ᠤᠨ ᠮᠡᠳᠡᠬᠦᠯᠦᠯᠳᠡ ᠶᠢ ᠲᠤᠰᠤᠯ᠎ᠠ᠃ ᠬᠡᠷᠡᠭ ᠤᠨ ᠮᠡᠳᠡᠬᠦᠯᠦᠯᠳᠡ ᠶᠢ ᠲᠤᠰᠤᠭᠰᠠᠨ  ᠵᠡᠬᠦᠨ ᠦᠵᠦᠮᠦᠴᠢᠨ ᠬᠤᠰᠢᠭᠤᠨ ᠤ ᠲᠤᠳᠤᠭᠠᠳᠤ ᠶᠢ ᠬᠠᠮᠠᠭᠠᠯᠠᠬᠤ ᠲᠤᠪᠴᠢᠶ᠎ᠠ ᠲᠠᠷᠤᠢ ᠳᠤᠨᠢ ᠴᠠᠭᠳᠠᠭ᠎ᠠ ᠶᠢᠨ  ᠬᠦᠴᠦᠨ ᠢᠶᠠᠨ ᠵᠤᠬᠢᠶᠠᠨ ᠪᠠᠶᠢᠭᠤᠯᠵᠤ ᠬᠡᠳᠦᠨ ᠡᠳᠦᠷ ᠤᠨ ᠰᠢᠷᠭᠠᠭᠤ ᠬᠠᠳᠠᠭᠤᠵᠢᠯᠳᠠᠢ ᠲᠠᠩᠨᠠᠨ ᠪᠠᠶᠢᠴᠠᠭᠠᠬᠤ ᠪᠠᠷ  ᠲᠠᠮᠵᠢᠨ ᠡᠴᠦᠰ ᠲᠡᠭᠡᠨ ᠤᠯᠠᠭᠠᠢ ᠬᠠᠮᠢᠶᠠᠷᠤᠯᠳᠠ ᠶᠢᠨ ᠤᠷᠤᠨ ᠳᠤ ᠨᠢᠭᠤᠭᠳᠠᠵᠤ ᠪᠠᠶᠢᠭᠰᠠᠨ ᠶᠠᠯ᠎ᠠ ᠶᠢᠨ ᠰᠡᠵᠢᠭᠳᠡᠨ  ᠵᠸᠦ ᠤᠪᠤᠭᠳᠤ᠂ ᠯᠢ ᠤᠪᠤᠭᠳᠤ ᠶᠢ ᠲᠤᠰ ᠲᠤᠰ ᠪᠠᠷᠢᠪᠴᠢᠯᠠᠵᠤ᠂ ᠴᠠᠬᠢᠯᠭᠠᠨ ᠴᠢᠮᠡᠭᠡ ᠬᠤᠯᠪᠤᠭ᠎ᠠ ᠶᠢ ᠠᠰᠢᠭᠯᠠᠨ  ᠮᠠᠯᠴᠢᠳ ᠢ ᠮᠡᠬᠡᠯᠡᠵᠦ ᠪᠠᠶᠢᠭᠰᠠᠨ ᠨᠢᠬᠡᠨ ᠬᠡᠷᠡᠭ ᠢ ᠠᠮᠵᠢᠯᠳᠠ ᠲᠠᠢ ᠢᠯᠡᠷᠡᠬᠦᠯᠪᠡ᠃        ᠤᠳᠤ ᠲᠤᠰ ᠬᠡᠷᠡᠭ ᠢ ᠴᠢᠨᠠᠭᠰᠢᠳᠠ ᠰᠢᠬᠦᠨ ᠪᠠᠶᠢᠴᠠᠭᠠᠵᠤ ᠪᠠᠶᠢᠨ᠎ᠠ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ 
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号