ᠡᠷᠳᠡᠨᠢ ᠲᠤᠮᠢᠯᠠᠭᠰᠠᠨ ᠰᠠᠯᠪᠤᠷᠢ ᠠᠮᠠᠷᠬᠠᠨ ᠨᠤᠴᠤᠵᠦ ᠲᠡᠯᠪᠡᠷᠡᠬᠦ ᠪᠤᠳᠠᠰ ᠢ ᠬᠠᠳᠠᠭᠠᠯᠠᠭᠰᠠᠨ ᠬᠡᠷᠡᠭ ᠢ ᠢᠯᠡᠷᠡᠬᠦᠯᠪᠡ
ᠨᠡᠶᠢᠲᠡᠯᠡᠭᠰᠡᠨ ᠴᠠᠭ᠄
2016/7/16
  2016 ᠤᠨ ᠤ 5 ᠰᠠᠷ᠎ᠠ ᠶᠢᠨ 3᠎ ᠤ ᠡᠳᠦᠷ᠂ ᠰᠢᠯᠢ ᠶᠢᠨ ᠬᠤᠳᠠ ᠶᠢᠨ ᠳᠤᠳᠤᠭᠠᠳᠤ ᠶᠢ ᠬᠠᠮᠠᠭᠠᠯᠠᠬᠤ  ᠳᠤᠪᠴᠢᠶᠠᠨ ᠤ ᠡᠷᠳᠡᠨᠢ ᠲᠤᠮᠢᠯᠠᠭᠰᠠᠨ ᠰᠠᠯᠪᠤᠷᠢ ᠶᠢᠨ ᠴᠠᠭᠳᠠᠭ᠎ᠠ ᠨᠠᠷ ᠠᠵᠢᠯ ᠤᠨ ᠲᠤᠮᠳᠠ ᠪᠠᠨ ᠨᠢᠬᠡ ᠰᠡᠵᠢᠭᠳᠡᠢ  ᠮᠠᠰᠢᠨ ᠲᠡᠷᠬᠡ ᠶᠢ ᠢᠯᠡᠷᠡᠬᠦᠯᠵᠦ᠂ ᠠᠰᠠᠭᠤᠨ ᠪᠠᠶᠢᠴᠠᠭᠠᠬᠤ ᠪᠠᠷ ᠲᠠᠮᠵᠢᠨ᠂ ᠲᠤᠰ ᠲᠡᠷᠬᠡᠨ ᠳᠤᠳᠤᠷ᠎ᠠ ᠶᠡᠭᠡ  ᠬᠡᠮᠵᠢᠶᠡᠨ ᠤ ᠠᠮᠢᠳᠤ ᠪᠤᠳᠠᠰ ᠤᠨ ᠠᠯᠺᠤᠤᠯ ᠲᠤᠰᠤ ᠬᠠᠳᠠᠭᠠᠯᠠᠵᠦ ᠪᠠᠶᠢᠬᠤ ᠶᠢ ᠮᠡᠳᠡᠵᠠᠢ᠃ ᠠᠮᠢᠳᠤ ᠪᠤᠳᠠᠰ ᠤᠨ  ᠠᠯᠺᠤᠤᠯ ᠲᠤᠰᠤ ᠨᠢ ᠥᠡᠭᠭᠡ ᠦᠬᠡᠢ᠂ ᠬᠤᠤᠷᠠᠳᠠᠢ ᠪᠦᠬᠡᠳ ᠠᠮᠠᠷᠬᠠᠨ ᠨᠤᠴᠤᠵᠦ ᠲᠡᠯᠪᠡᠷᠡᠬᠦ ᠠᠶᠤᠯᠳᠠᠢ ᠪᠠᠶᠢᠳᠠᠬ᠃        ᠤᠢᠢᠷ᠎ᠠ ᠬᠠᠪᠢ ᠶᠢᠨ ᠰᠠᠭᠤᠭᠠᠯᠢ ᠠᠷᠠᠳ ᠤᠨ ᠠᠮᠢ ᠨᠠᠰᠤ ᠡᠳ᠋ ᠬᠥᠷᠦᠩᠭᠡ ᠶᠢ ᠬᠠᠮᠠᠭᠠᠯᠠᠬᠤ ᠶᠢᠨ ᠲᠤᠯᠠᠳᠠ᠂  ᠴᠠᠭᠳᠠᠭ᠎ᠠ ᠨᠠᠷ ᠲᠠᠷᠤᠢ ᠲᠦᠷᠬᠡᠨ ᠲᠡᠷᠬᠡᠨ ᠳᠤᠳᠤᠷᠠᠬᠢ ᠬᠤᠶᠠᠷ ᠰᠡᠵᠢᠭᠳᠡᠢ ᠡᠳᠡᠬᠡᠳ ᠪᠠ ᠲᠤᠰ ᠲᠡᠷᠬᠡ ᠶᠢ  ᠲᠤᠮᠢᠯᠠᠭᠰᠠᠨ ᠰᠠᠯᠪᠤᠷᠢ ᠳᠠᠭᠠᠨ ᠠᠪᠠᠴᠢᠨ ᠤᠯᠠᠮ ᠨᠢᠬᠡ ᠠᠯᠬᠤᠮ ᠪᠠᠶᠢᠴᠠᠭᠠᠯᠳᠠ ᠬᠢᠵᠠᠢ᠃ ᠪᠠᠶᠢᠴᠠᠭᠠᠯᠳᠠ ᠪᠠᠷ  ᠲᠠᠮᠵᠢᠨ᠂ ᠬᠡᠷᠡᠭ ᠤᠨ ᠰᠡᠵᠢᠭᠳᠡᠨ ᠵᠢᠶᠠᠩ ᠤᠪᠤᠭᠳᠠᠨ 2014 ᠤᠨ ᠠᠴᠠ ᠨᠠᠰᠢ ᠤᠯᠠᠨ ᠤᠳᠠᠭ᠎ᠠ ᠭᠠᠳᠠᠨ᠎ᠠ ᠠᠴᠠ  ᠠᠮᠢᠳᠤ ᠪᠤᠳᠠᠰ ᠤᠨ ᠠᠯᠺᠤᠤᠯ ᠲᠤᠰᠤ ᠶᠢ ᠬᠤᠳᠠᠯᠳᠤᠨ ᠠᠪᠴᠢᠷᠠᠵᠦ᠂ ᠰᠢᠯᠢ ᠶᠢᠨ ᠬᠤᠳᠠ ᠶᠢᠨ ᠬᠡᠰᠡᠭ ᠬᠤᠭᠤᠯᠠᠨ  ᠬᠡᠷ ᠲᠤ ᠪᠤᠷᠤᠯᠠᠭᠤᠯᠵᠦ ᠠᠰᠢᠭ ᠬᠦᠷᠳᠡᠭᠰᠡᠨ ᠪᠠ ᠲᠡᠬᠦᠨ ᠤ ᠰᠠᠭᠤᠵᠦ ᠪᠠᠶᠢᠭ᠎ᠠ ᠰᠠᠭᠤᠭᠠᠯᠢ ᠲᠤᠭᠤᠷᠢᠭ ᠲᠤ ᠪᠠᠰᠠ  ᠨᠢᠬᠡ ᠪᠦᠯᠦᠭ ᠠᠮᠢᠳᠤ ᠪᠤᠳᠠᠰ ᠤᠨ ᠠᠯᠺᠤᠤᠯ ᠲᠤᠰᠤ ᠬᠠᠳᠠᠭᠠᠯᠠᠵᠦ ᠪᠠᠶᠢᠭ᠎ᠠ ᠶᠢ ᠲᠤᠰᠢᠶᠠᠵᠠᠢ᠃   ᠡᠷᠳᠡᠨᠢ ᠲᠤᠮᠢᠯᠠᠭᠰᠠᠨ ᠰᠠᠯᠪᠤᠷᠢ ᠶᠢᠨ ᠴᠠᠭᠳᠠᠭ᠎ᠠ ᠨᠠᠷ ᠲᠠᠷᠤᠢ ᠲᠦᠷᠬᠡᠨ ᠵᠢᠶᠠᠩ ᠤᠪᠤᠭᠳᠠᠨ ᠤ ᠰᠠᠭᠤᠭ᠎ᠠ  ᠰᠠᠭᠤᠭᠠᠯᠢ ᠲᠤᠭᠤᠷᠢᠭ ᠲᠤ ᠬᠦᠷᠴᠦ᠂ ᠨᠢᠬᠡ ᠪᠠᠷᠠᠭ᠎ᠠ ᠲᠡᠭᠡᠭᠡᠪᠦᠷᠢᠯᠡᠬᠦ ᠠᠴᠢᠶᠠᠨ ᠤ ᠲᠡᠷᠬᠡᠨ ᠳᠤᠳᠤᠷ᠎ᠠ ᠠᠴᠠ 3.5  ᠲᠤᠨ ᠤᠷᠴᠢᠮ ᠤᠨ ᠠᠮᠢᠳᠤ ᠪᠤᠳᠠᠰ ᠤᠨ ᠠᠯᠺᠤᠤᠯ ᠲᠤᠰᠤ ᠶᠢ ᠢᠯᠡᠷᠡᠬᠦᠯᠵᠠᠢ᠃   ᠤᠳᠤᠬᠠᠨ ᠳᠤ᠂ ᠵᠢᠶᠠᠩ ᠤᠪᠤᠭᠳᠠᠨ ᠢ ᠬᠠᠤᠯᠢ ᠶᠤᠰᠤᠭᠠᠷ ᠲᠦᠷ ᠬᠤᠷᠢᠵᠦ᠂ ᠲᠤᠰ ᠬᠡᠷᠡᠭ ᠢ ᠤᠯᠠᠮ ᠨᠢᠬᠡ  ᠠᠯᠬᠤᠮ ᠰᠢᠬᠦᠨ ᠰᠢᠢᠳᠪᠦᠷᠢᠯᠡᠵᠦ ᠪᠤᠢ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号