︽ᠠᠷᠪᠠ ᠶᠢ ᠪᠦᠬᠦ ᠲᠠᠯ᠎ᠠ ᠪᠠᠷ ᠬᠠᠮᠤᠷᠤᠭᠤᠯᠬᠤ︾ ᠢᠨᠵᠧᠨᠧᠷᠢᠩ ᠤᠨ ᠲᠤᠬᠠᠢ ᠳᠠᠶᠢᠯᠦᠮᠵᠢ
ᠨᠡᠶᠢᠲᠡᠯᠡᠭᠰᠡᠨ ᠴᠠᠭ᠄
2016/7/16
   ᠬᠤᠳᠠ ᠬᠦᠳᠡᠭᠡ ᠶᠢᠨ ᠵᠦᠷᠢᠶ᠎ᠡ ᠨᠢ ᠨᠡᠶᠢᠳᠡ ᠶᠢᠨ ᠦᠢᠯᠡᠴᠢᠯᠡᠬᠡᠨ ᠤ ᠵᠦᠷᠢᠶ᠎ᠡ ᠠᠴᠠ ᠪᠤᠢ ᠪᠤᠯᠤᠬᠰᠠᠨ ᠶᠤᠮ᠃  ᠤᠳᠤᠬᠠᠨ ᠳᠤ ᠮᠠᠨ ᠤ ᠤᠷᠤᠨ ᠤ ᠮᠠᠯᠴᠢᠨ ᠲᠠᠷᠢᠶᠠᠴᠢᠨ ᠤ ᠬᠦᠮᠦᠨ ᠲᠤᠮᠳᠠᠴᠢ ᠶᠢᠨ ᠴᠡᠪᠡᠷ ᠤᠷᠤᠯᠭ᠎ᠠ ᠪᠦᠬᠦ  ᠤᠯᠤᠰ ᠤᠨ ᠲᠤᠮᠳᠠᠴᠢ ᠬᠢᠷᠢ ᠬᠡᠮᠵᠢᠶ᠎ᠡ ᠠᠴᠠ ᠲᠤᠤᠷ᠎ᠠ ᠪᠠᠶᠢᠵᠦ᠂ ᠪᠦᠬᠦ ᠤᠷᠤᠨ ᠤ 22%᠎ ᠤᠨ ᠮᠠᠯᠵᠢᠬᠤ  ᠲᠠᠷᠢᠶᠠᠯᠠᠬᠤ ᠡᠷᠦᠬᠡ ᠶᠢᠨ ᠬᠦᠮᠦᠨ ᠲᠤᠮᠳᠠᠴᠢ ᠶᠢᠨ ᠴᠡᠪᠡᠷ ᠤᠷᠤᠯᠭ᠎ᠠ 3000 ᠲᠦᠭᠦᠷᠢᠭ ᠲᠤ ᠬᠦᠷᠬᠦ ᠦᠬᠡᠢ  ᠪᠠᠶᠢᠨ᠎ᠠ᠃ ᠡᠶᠢᠮᠦ ᠠᠴᠠ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠬ ᠤᠨ ᠤᠷᠳᠤᠨ 3 ᠵᠢᠯ ᠤᠨ  ᠬᠤᠭᠤᠴᠠᠭ᠎ᠠ ᠶᠢ ᠵᠠᠷᠤᠴᠠᠭᠤᠯᠵᠦ ᠂ ᠪᠦᠬᠦ ᠤᠷᠤᠨ ᠤ ᠮᠠᠯᠵᠢᠬᠤ ᠲᠠᠷᠢᠶᠠᠯᠠᠬᠤ ᠤᠷᠤᠨ ᠳᠤ ︽ᠠᠷᠪᠠ ᠶᠢ ᠪᠦᠬᠦ  ᠲᠠᠯ᠎ᠠ ᠪᠠᠷ ᠬᠠᠮᠤᠷᠤᠭᠤᠯᠬᠤ︾ ᠢᠨᠵᠧᠨᠧᠷᠢᠩ ᠢ ᠪᠡᠶᠡᠯᠡᠬᠦᠯᠬᠦ ᠪᠠᠷ ᠪᠠᠶᠢᠨ᠎ᠠ᠃ ᠮᠠᠨ ᠤ ᠠᠶᠢᠮᠠᠭ ᠴᠦ ᠡᠨᠡ ᠵᠢᠯ ᠠᠴᠠ  ᠡᠬᠢᠯᠡᠨ᠂ 95 ᠳ᠋ᠥᠡᠭᠰᠢᠭᠤᠷ ᠲᠥᠭᠦᠷᠢᠭ ᠤᠨ ᠪᠡᠯᠡ ᠮᠦᠩᠬᠦ ᠲᠤᠬᠢᠷᠠᠭᠤᠯᠤᠨ ᠪᠥᠬᠦ ᠠᠶᠢᠮᠠᠭ ᠤᠨ 911 ᠭᠠᠴᠠᠭ᠎ᠠ  ᠲᠤᠰᠬᠤᠨ᠂ ᠤᠯᠤᠰ ᠤᠨ ᠥᠮᠴᠢᠯᠡᠯᠲᠤ ᠲᠠᠷᠢᠶᠠᠯᠠᠩ ᠮᠠᠯᠵᠢᠯ ᠤᠨ ᠲᠠᠯᠠᠪᠠᠢ ᠶᠢᠨ ︽ᠠᠷᠪᠠ ᠶᠢ ᠪᠥᠬᠦ ᠲᠠᠯ᠎ᠠ ᠪᠠᠷ  ᠬᠠᠮᠤᠷᠤᠭᠤᠯᠬᠤ︾ ᠢᠨᠵᠧᠨᠧᠷᠢᠩ ᠢ ᠲᠤᠰᠬᠠᠢ ᠲᠥᠷᠥᠯ ᠵᠦᠢᠯ ᠢᠶᠠᠷ ᠠᠬᠢᠭᠤᠯᠵᠥ᠂ ᠡᠨᠡᠬᠦ ᠢᠨᠵᠧᠨᠧᠷᠢᠩ ᠢ  ᠥᠪᠡᠷᠲᠡᠭᠡᠨ ᠵᠠᠰᠠᠬᠤ ᠤᠷᠤᠨ ᠤ ᠵᠢᠱᠢᠶ᠎ᠠ ᠥᠵᠡᠬᠦᠯᠬᠦ ᠢᠨᠵᠧᠨᠧᠷᠢᠩ ᠪᠤᠯᠭᠠᠬᠤ ᠪᠠᠷ ᠴᠢᠷᠮᠠᠶᠢᠵᠥ ᠪᠠᠶᠢᠨ᠎ᠠ᠃        ︽ᠠᠷᠪᠠ ᠶᠢ ᠪᠥᠬᠦ ᠲᠠᠯ᠎ᠠ ᠪᠠᠷ ᠬᠠᠮᠤᠷᠤᠭᠤᠯᠬᠤ︾ ᠢᠨᠵᠧᠨᠧᠷᠢᠩ ᠳᠤ ᠬᠦᠳᠡᠭᠡ ᠲᠤᠰᠬᠤᠨ ᠮᠠᠯᠵᠢᠬᠤ  ᠤᠷᠤᠨ ᠤ ᠠᠶᠤᠯᠳᠠᠢ ᠭᠡᠷ ᠪᠠᠶᠢᠰᠢᠩ ᠢ ᠦᠭᠡᠷᠡᠴᠢᠯᠡᠨ ᠪᠠᠶᠢᠭᠤᠯᠬᠤ᠂ ᠤᠰᠤ ᠤᠮᠳᠠ ᠶᠢᠨ ᠠᠶᠤᠯᠬᠦᠢ ᠶᠢ ᠪᠠᠳᠤᠯᠠᠬᠤ᠂  ᠭᠠᠴᠠᠭ᠎ᠠ ᠲᠤᠰᠬᠤᠨ ᠤ ᠵᠡᠭᠡᠯᠢ ᠭᠤᠳᠤᠮᠵᠢ ᠶᠢᠨ ᠵᠠᠮ ᠢ ᠬᠠᠳᠠᠭᠤᠷᠠᠭᠤᠯᠬᠤ᠂ ᠭᠠᠴᠠᠭ᠎ᠠ ᠲᠤᠰᠬᠤᠨ ᠪᠦᠷᠢ ᠳᠤ  ᠴᠠᠬᠢᠯᠭᠠᠨ ᠨᠡᠪᠳᠡᠷᠡᠬᠦᠯᠬᠦ᠂ ᠭᠠᠴᠠᠭ᠎ᠠ ᠲᠤᠰᠬᠤᠨ ᠪᠦᠷᠢ ᠳᠤ ᠷᠠᠳᠢᠣ᠋ ᠲᠧᠯᠸᠢᠰ ᠪᠤᠯᠤᠨ ᠴᠢᠮᠡᠭᠡ ᠨᠡᠪᠳᠡᠷᠡᠬᠦᠯᠬᠡ ᠶᠢ  ᠨᠡᠪᠳᠡᠷᠡᠬᠦᠯᠬᠦ᠂ ᠰᠤᠷᠭᠠᠭᠤᠯᠢ ᠶᠢᠨ ᠪᠠᠶᠢᠷᠢ ᠶᠢᠨ ᠪᠦᠳᠦᠬᠡᠨ ᠪᠠᠶᠢᠭᠤᠯᠤᠯᠳᠠ ᠪᠤᠯᠤᠨ ᠠᠮᠤᠷ ᠲᠦᠪᠰᠢᠨ ᠤ  ᠦᠭᠡᠷᠡᠴᠢᠯᠡᠯᠳᠡ ᠶᠢ ᠴᠢᠩᠭᠠᠳᠬᠠᠬᠤ᠂ ᠭᠠᠴᠠᠭ᠎ᠠ ᠲᠤᠰᠬᠤᠨ ᠳᠤ ᠪᠠᠷᠢᠮᠵᠢᠶᠠᠵᠢᠬᠰᠠᠨ ᠡᠷᠡᠬᠦᠯ ᠬᠠᠮᠠᠭᠠᠯᠠᠯ ᠤᠨ ᠳᠠᠰᠤᠬ  ᠪᠠᠶᠢᠭᠤᠯᠬᠤ᠂ ᠠᠷᠠᠳ ᠲᠤ ᠲᠦᠬᠦᠮ ᠦᠵᠡᠬᠦᠯᠬᠦ ᠬᠡᠯᠬᠢᠶᠡᠵᠢᠭᠰᠡᠨ ᠬᠠᠮ ᠳᠡᠯᠭᠡᠬᠦᠷ ᠪᠠᠶᠢᠭᠤᠯᠬᠤ᠂ ᠮᠠᠯᠵᠢᠬᠤ  ᠳᠠᠷᠢᠶᠠᠯᠬᠤ ᠤᠷᠤᠨ ᠤ ᠪᠠᠶᠢᠩᠭᠤ ᠰᠠᠭᠤᠭ᠎ᠠ ᠬᠦᠮᠦᠨ ᠠᠮᠠ ᠶᠢᠨ ᠨᠠᠰᠤᠵᠢᠯ ᠤᠨ ᠳᠠᠭᠠᠳᠬᠠᠯ᠂ ᠡᠮ ᠡᠮᠨᠡᠯᠬᠡ ᠶᠢᠨ  ᠳᠠᠭᠠᠳᠬᠠᠯ᠂ ᠨᠠᠭᠠᠲᠦ ᠵᠠᠬ᠎ᠠ ᠶᠢᠨ ᠠᠮᠢᠳᠤᠷᠠᠯ ᠤᠨ ᠪᠠᠳᠤᠯᠠᠭ᠎ᠠ ᠵᠡᠷᠭᠡ ᠶᠢ ᠪᠠᠳᠤᠯᠠᠬᠤ ᠠᠷᠪᠠᠨ ᠲᠠᠯ᠎ᠠ ᠶᠢᠨ  ᠠᠭᠤᠯᠭ᠎ᠠ ᠲᠠᠢ ᠶᠤᠮ᠃        ︽ᠠᠷᠪᠠ ᠶᠢ ᠪᠥᠬᠦ ᠲᠠᠯ᠎ᠠ ᠪᠠᠷ ᠬᠠᠮᠤᠷᠤᠭᠤᠯᠬᠤ︾ ᠢᠨᠵᠧᠨᠧᠷᠢᠩ ᠢ ᠪᠤᠲᠠᠲᠠᠢ ᠬᠡᠷᠡᠭᠵᠢᠬᠦᠯᠬᠦ ᠶᠠᠪᠤᠴᠠ ᠳᠤ᠂  ᠮᠠᠨ ᠤ ᠠᠶᠢᠮᠠᠭ ᠤᠨ ᠡᠯ᠎ᠠ ᠭᠠᠵᠠᠷ ᠡᠯ᠎ᠠ ᠰᠠᠯᠠᠭ᠎ᠠ ᠮᠥᠴᠢᠷ ᠰᠢᠨ᠎ᠠ ᠮᠠᠯᠵᠢᠬᠤ ᠲᠠᠷᠢᠶᠠᠯᠠᠬᠤ ᠤᠷᠤᠨ ᠤ ᠪᠥᠲᠥᠭᠡᠨ  ᠪᠠᠶᠢᠭᠤᠯᠤᠯᠲᠠ ᠲᠠᠢ ᠤᠶᠠᠯᠲᠤᠭᠤᠯᠤᠨ᠂ ᠲᠤᠬᠠᠢ ᠶᠢᠨ ᠭᠠᠵᠠᠷ ᠤᠨ ᠪᠠᠶᠢᠲᠠᠯ ᠳᠠᠭᠠᠨ ᠵᠤᠬᠢᠴᠠᠭᠤᠯᠵᠥ᠂ ᠨᠢᠭᠡᠲᠥᠯᠲᠡᠢ  ᠲᠥᠯᠥᠪᠵᠢᠬᠦᠯᠤᠨ᠂ ᠤᠷᠢᠲᠠᠪᠠᠷ ᠲᠤᠷᠰᠢᠯᠲᠠ ᠶᠢᠨ ᠴᠢᠬ ᠲᠤ ᠬᠡᠷᠡᠭᠵᠢᠬᠦᠯᠵᠥ᠂ ᠡᠨᠡ ᠵᠢᠯ ᠤᠨ ᠪᠥᠬᠦ ᠠᠶᠢᠮᠠᠭ ᠤᠨ  ᠠᠷᠪᠠᠨ ᠵᠥᠢᠯ ᠤᠨ ᠭᠤᠤᠯᠲᠠᠯᠭ᠎ᠠ ᠲᠠᠢ ᠠᠷᠠᠳ ᠤᠨ ᠠᠮᠢᠲᠤᠷᠠᠯ ᠤᠨ ᠢᠨᠵᠧᠨᠧᠷᠢᠩ᠂ ᠥᠨᠲᠤᠰᠤᠨ ᠱᠠᠲᠤᠨ ᠤ  ᠨᠠᠮ ᠤᠨ ᠪᠠᠶᠢᠭᠤᠯᠤᠯᠲᠠ᠂ ᠰᠢᠨ᠎ᠠ ᠮᠠᠯᠵᠢᠬᠤ ᠲᠠᠷᠢᠶᠠᠯᠠᠬᠤ ᠤᠷᠤᠨ ᠤ 20 ᠲᠤᠷᠰᠢᠯᠲᠠ ᠶᠢᠨ ᠴᠢᠬ ᠲᠠᠢ  ᠤᠶᠠᠯᠳᠤᠭᠤᠯᠤᠨ ᠭᠡᠷᠡᠭᠵᠢᠭᠦᠯᠬᠦ ᠪᠤᠯᠤᠨ᠎ᠠ᠃        ᠪᠥᠬᠦ ᠠᠶᠢᠮᠠᠭ ᠤᠨ 4.16 ᠲᠥᠮᠡᠨ ᠡᠷᠥᠭᠡ ᠶᠢᠨ ᠠᠶᠤᠯᠲᠠᠢ ᠭᠡᠷ ᠪᠠᠶᠢᠰᠢᠩ ᠠᠴᠠ ᠵᠢᠯ ᠤᠨ ᠲᠤᠲᠤᠷ᠎ᠠ  7600 ᠡᠷᠥᠭᠡ ᠶᠢᠨ ᠭᠡᠷ ᠪᠠᠶᠢᠰᠢᠩ ᠢ ᠥᠭᠡᠷᠡᠴᠢᠯᠡᠨ ᠪᠠᠶᠢᠭᠤᠯᠵᠥ᠂ 3 ᠵᠢᠯ ᠤᠨ ᠲᠤᠲᠤᠷ᠎ᠠ ᠮᠠᠯᠴᠢᠨ  ᠲᠠᠷᠢᠶᠠᠴᠢᠨ ᠤ ᠠᠶᠤᠯᠲᠠᠢ ᠭᠡᠷ ᠪᠠᠶᠢᠰᠢᠩ ᠢ ᠪᠥᠬᠦᠨ ᠢ ᠥᠭᠡᠷᠡᠴᠢᠯᠡᠨ ᠪᠠᠶᠢᠭᠤᠯᠤᠨ᠎ᠠ᠃ ᠡᠨᠡ ᠵᠢᠯ 107  ᠭᠠᠵᠠᠷ ᠲᠤ ᠲᠥᠭᠡᠭᠡᠯ ᠤᠰᠤᠨ ᠤ ᠢᠨᠵᠧᠨᠧᠷᠢᠩ ᠢ ᠰᠢᠨ᠎ᠠ ᠪᠠᠷ ᠪᠠᠶᠢᠭᠤᠯᠤᠨ 1131 ᠬᠤᠳᠳᠤᠭ ᠮᠠᠯᠲᠠᠨ᠂ 2. 76 ᠲᠥᠮᠡᠨ ᠮᠠᠯᠴᠢᠨ ᠲᠠᠷᠢᠶᠠᠴᠢᠨ ᠤ ᠤᠰᠤ ᠤᠮᠲᠠ ᠶᠢᠨ ᠠᠮᠤᠷ ᠲᠥᠪᠰᠢᠨ ᠤ ᠠᠰᠠᠭᠤᠲᠠᠯ ᠢ ᠰᠢᠢᠳᠪᠤᠷᠢᠯᠡᠬᠦ  ᠪᠥᠭᠡᠳ 2 ᠵᠢᠯ ᠬᠠᠭᠠᠰ ᠤᠨ ᠬᠤᠭᠤᠴᠠᠭᠠᠨ ᠳᠤ 4.79 ᠲᠥᠮᠡᠨ ᠮᠠᠯᠴᠢᠨ ᠲᠠᠷᠢᠶᠠᠴᠢᠨ ᠤ ᠤᠰᠤ ᠤᠮᠲᠠ ᠶᠢᠨ  ᠠᠮᠤᠷ ᠲᠥᠪᠰᠢᠨ ᠤ ᠠᠰᠠᠭᠤᠲᠠᠯ ᠢ ᠪᠥᠬᠦᠨ ᠢ ᠰᠢᠢᠳᠪᠤᠷᠢᠯᠡᠵᠥ ᠥᠭᠭᠦᠨ᠎ᠠ᠃ ᠥᠪᠡᠷᠲᠡᠭᠡᠨ ᠵᠠᠰᠠᠬᠤ ᠤᠷᠤᠨ ᠤ  ᠲᠥᠯᠥᠪᠯᠡᠭᠡ ᠶᠤᠰᠤᠭᠠᠷ᠂ 3 ᠵᠢᠯ ᠤᠨ ᠲᠤᠲᠤᠷ᠎ᠠ ᠮᠠᠨ ᠤ ᠠᠶᠢᠮᠠᠭ 453 ᠭᠠᠴᠠᠭ᠎ᠠ ᠲᠤᠰᠬᠤᠨ ᠤ ᠵᠠᠮ ᠢ  ᠬᠠᠲᠠᠭᠤᠷᠠᠭᠤᠯᠵᠥ᠂ ᠡᠨᠡ ᠵᠢᠯ ᠳᠤ 100᠎ ᠶᠢ ᠨᠢ ᠪᠡᠶᠡᠯᠡᠬᠦᠯᠥᠨ᠎ᠠ᠃ ᠭᠠᠴᠠᠭ᠎ᠠ ᠲᠤᠰᠬᠤᠨ ᠪᠥᠬᠦᠨ ᠳᠤ ᠴᠠᠬᠢᠯᠭᠠᠨ  ᠨᠡᠪᠲᠡᠷᠡᠬᠦᠯᠬᠦ ᠢᠨᠵᠧᠨᠧᠷᠢᠩ ᠤᠨ ᠲᠠᠯ᠎ᠠ ᠪᠠᠷ᠂ ᠤᠳᠤ ᠶᠢᠨ ᠪᠠᠶᠢᠡᠭᠭᠤ ᠶᠢᠨ ᠴᠠᠬᠢᠯᠭᠠᠨ ᠳᠤᠤᠷ ᠲᠤ ᠤᠷᠤᠭᠠᠳᠤᠢ 4.2  ᠲᠥᠮᠡᠨ ᠮᠠᠯᠴᠢᠨ ᠳᠠᠷᠢᠶᠠᠴᠢᠨ ᠡᠷᠥᠭᠡ ᠳᠤ ᠪᠠᠶᠢᠡᠭᠭᠤ ᠶᠢᠨ ᠴᠠᠬᠢᠯᠭᠠᠨ ᠨᠡᠪᠳᠡᠷᠡᠭᠦᠯᠬᠦ ᠪᠤᠯᠤᠨ ᠨᠠᠷᠠ ᠰᠠᠯᠬᠢᠨ ᠤ  ᠡᠨᠧᠷᠬᠢ ᠪᠠᠷ ᠴᠠᠬᠢᠯᠭᠠᠨ ᠭᠠᠷᠭᠠᠬᠤ ᠮᠠᠰᠢᠨ ᠢ ᠲᠡᠰ ᠲᠡᠪᠰᠢᠬᠦᠯᠬᠦ ᠢᠨᠵᠧᠨᠧᠷᠢᠩ ᠢᠶᠠᠷ ᠲᠠᠮᠵᠢᠭᠤᠯᠤᠨ᠂ ᠵᠢᠯ ᠤᠨ  ᠲᠤᠲᠤᠷ᠎ᠠ 7000 ᠡᠷᠥᠭᠡ ᠳᠤ ᠴᠠᠬᠢᠯᠭᠠᠨ ᠬᠠᠩᠭᠠᠬᠤ ᠪᠥᠭᠡᠳ 3 ᠵᠢᠯ ᠤᠨ ᠲᠤᠲᠤᠷ᠎ᠠ ᠴᠠᠬᠢᠯᠭᠠᠨ ᠭᠡᠷᠡᠭᠯᠡᠬᠦ  ᠬᠦᠴᠢᠷᠳᠡᠯ ᠢ ᠪᠥᠬᠦᠨ ᠢ ᠰᠢᠢᠳᠪᠦᠷᠢᠯᠡᠨ᠎ᠠ᠃ ᠠᠶᠢᠮᠠᠭ ᠠᠴᠠ ᠡᠷᠬᠢᠯᠡᠭᠰᠡᠨ ᠲᠧᠯᠸᠢᠰ ᠨᠡᠪᠲᠡᠷᠡᠬᠦᠯᠭᠡ ᠶᠢ ᠬᠥᠯᠢᠶᠠᠨ  ᠠᠪᠴᠥ ᠲᠡᠶᠢᠯᠦᠬᠡ ᠥᠭᠡᠢ 5.5 ᠲᠥᠮᠡᠨ ᠡᠷᠥᠭᠡ ᠳᠤ ᠴᠢᠭᠯᠡᠭᠦᠯᠤᠨ ᠵᠢᠯ ᠤᠨ ᠲᠤᠲᠤᠷ᠎ᠠ 3.1 ᠲᠥᠮᠡᠨ ᠡᠷᠥᠭᠡ ᠳᠤ  ᠨᠡᠪᠳᠡᠷᠡᠬᠦᠯᠵᠦ᠂ ᠪᠥᠷᠬᠦᠴᠡ ᠶᠢᠨ ᠨᠤᠷᠮ᠎ᠠ ᠶᠢ 77%᠎ ᠳᠤ ᠬᠥᠷᠭᠡᠬᠦ ᠪᠥᠭᠡᠳ 3 ᠵᠢᠯ ᠤᠨ ᠬᠤᠭᠤᠴᠠᠭᠠᠨ ᠳᠤ  ᠪᠥᠷᠬᠦᠴᠡ ᠶᠢᠨ ᠨᠤᠷᠮ᠎ᠠ ᠶᠢ 98%᠎ ᠠᠴᠠ ᠲᠡᠭᠡᠭᠰᠢ ᠬᠥᠷᠭᠡᠨ᠎ᠠ᠃ ᠰᠤᠷᠠᠭ ᠴᠢᠮᠡᠭᠡᠨ ᠤ ᠢᠨᠵᠧᠨᠧᠷᠢᠩ ᠢᠶᠠᠷ  ᠲᠠᠮᠵᠢᠭᠤᠯᠤᠨ᠂ ᠪᠤᠶᠢᠲᠠ ᠪᠥᠭᠯᠡᠬᠦᠥ ᠮᠠᠯᠵᠢᠬᠤ ᠤᠷᠤᠨ ᠪᠤᠯᠤᠨ ᠬᠢᠯᠢ ᠬᠢᠵᠠᠭᠠᠷ ᠤᠷᠤᠨ ᠤ ᠰᠤᠷᠠᠭ ᠴᠢᠮᠡᠭᠡᠨ ᠤ  ᠲᠤᠬᠢᠶ᠎ᠠ ᠵᠢᠴᠢ ᠰᠥᠯᠵᠢᠶᠠᠨ ᠤ ᠪᠥᠷᠬᠦᠴᠡ ᠶᠢᠨ ᠨᠤᠷᠮ᠎ᠠ ᠶᠢ ᠲᠡᠭᠡᠭᠰᠢᠯᠡᠬᠦᠯᠬᠦ ᠪᠤᠯᠤᠨ᠎ᠡ᠃    ᠮᠠᠯᠵᠢᠬᠤ ᠲᠠᠷᠢᠶᠠᠯᠠᠬᠤ ᠤᠷᠤᠨ ᠤ ᠪᠠᠭ᠎ᠠ ᠰᠤᠷᠭᠠᠭᠤᠯᠢ ᠶᠢᠨ ᠪᠠᠶᠢᠷᠢᠰᠢᠯ ᠤᠨ ᠲᠤᠬᠢᠷᠠᠮᠵᠢ ᠥᠭᠡᠢ ᠪᠤᠯᠤᠨ  ᠰᠤᠷᠭᠠᠭᠤᠯᠢ ᠶᠢᠨ ᠨᠠᠰᠤᠨ ᠠᠴᠠ ᠡᠮᠥᠨᠡᠬᠢ᠂ ᠪᠠᠭ᠎ᠠ ᠰᠤᠷᠭᠠᠭᠤᠯᠢ ᠶᠢᠨ ᠨᠠᠰᠤᠨ ᠤ ᠬᠡᠥᠭᠡᠳ ᠤᠨ ᠰᠤᠷᠭᠠᠭᠤᠯᠢ ᠳᠤ  ᠤᠷᠤᠬᠤ ᠬᠥᠴᠢᠷᠲᠡᠯ ᠢ ᠭᠤᠤᠯᠲᠠᠯᠭ᠎ᠠ ᠲᠠᠢ ᠰᠢᠢᠳᠪᠤᠷᠢᠯᠡᠵᠥ᠂ ᠵᠢᠯ ᠤᠨ ᠲᠤᠲᠤᠷ᠎ᠠ 34 ᠠᠯᠪᠠᠨ ᠠᠴᠠ ᠡᠷᠬᠢᠯᠡᠭᠰᠡᠨ  ᠬᠡᠥᠭᠡᠳ ᠤᠨ ᠴᠡᠴᠡᠷᠯᠢᠭ ᠪᠠᠶᠢᠭᠤᠯᠵᠥ᠂ ᠰᠤᠷᠭᠠᠭᠤᠯᠢ ᠶᠢᠨ ᠨᠠᠰᠤᠨ ᠠᠴᠠ ᠡᠮᠥᠨᠡᠬᠢ ᠴᠡᠴᠡᠷᠯᠢᠭ ᠲᠤ ᠤᠷᠤᠬᠤ  ᠨᠤᠷᠮ᠎ᠠ ᠶᠢ 80%᠎ ᠠᠴᠠ ᠲᠡᠭᠡᠭᠰᠢ ᠳᠤ ᠬᠥᠷᠭᠡᠵᠥ᠂ ᠢᠷᠡᠬᠦ ᠵᠢᠯ ᠬᠡᠥᠭᠡᠳ ᠤᠨ ᠴᠡᠴᠡᠷᠯᠢᠭ ᠲᠤ ᠤᠷᠤᠬᠤ  ᠨᠤᠷᠮ᠎ᠠ ᠶᠢ 98%᠎ ᠠᠴᠠ ᠲᠡᠭᠡᠭᠰᠢ ᠳᠤ ᠬᠥᠷᠭᠡᠨ᠎ᠠ᠃ 392 ᠭᠠᠴᠠᠭ᠎ᠠ ᠲᠤᠰᠬᠤᠨ ︵ᠤᠯᠤᠰ ᠤᠨ ᠥᠮᠴᠢᠯᠡᠯᠲᠤ  ᠲᠠᠷᠢᠶᠠᠯᠠᠩ ᠮᠠᠯᠵᠢᠯ ᠤᠨ ᠲᠠᠯᠠᠪᠠᠢ︶᠎ ᠳᠤ ᠪᠠᠷᠢᠮᠵᠢᠶᠠᠲᠤ ᠡᠷᠡᠬᠦᠯ ᠬᠠᠮᠠᠭᠠᠯᠠᠯ ᠤᠨ ᠳᠠᠰᠤᠬ ᠪᠠᠶᠢᠭᠤᠯᠵᠦ᠂ ᠵᠢᠯ ᠤᠨ  ᠲᠤᠲᠤᠷ᠎ᠠ 100᠎ ᠶᠢ ᠪᠥᠲᠥᠭᠡᠨ ᠪᠠᠶᠢᠭᠤᠯᠵᠥ᠂ 78 ᠰᠤᠮᠤ ᠰᠢᠶᠠᠩ ᠪᠠᠯᠭᠠᠰᠤᠨ ᠤ ᠡᠷᠡᠬᠦᠯ ᠬᠠᠮᠠᠭᠠᠯᠠᠯ ᠤᠨ  ᠬᠤᠷᠢᠶᠠᠨ ᠳᠤ ᠨᠡᠬᠦᠲᠡᠯ ᠥᠢᠯᠡᠴᠢᠯᠡᠭᠡᠨ ᠤ ᠲᠡᠷᠭᠡ ᠲᠤᠬᠢᠷᠠᠭᠤᠯᠵᠥ᠂ 1.5 ᠲᠥᠮᠡᠨ ᠮᠠᠯᠴᠢᠨ ᠲᠠᠷᠢᠶᠠᠴᠢᠨ  ᠡᠷᠥᠭᠡ ᠳᠤ ᠡᠷᠡᠬᠦᠯ ᠮᠡᠨᠲᠤ ᠶᠢᠨ ᠵᠢᠵᠢᠭ ᠡᠮ ᠤᠨ ᠬᠠᠶᠢᠷᠴᠠᠭ ᠲᠠᠷᠬᠠᠭᠠᠵᠥ᠂ ᠮᠠᠯᠴᠢᠨ ᠲᠠᠷᠢᠶᠠᠴᠢᠨ ᠤ ᠡᠷᠡᠬᠦᠯ  ᠮᠡᠨᠲᠤ ᠶᠢᠨ ᠲᠠᠩᠰᠠ ᠡᠪᠭᠡᠮᠡᠯ ᠢ ᠤᠯᠠᠮ ᠨᠢᠭᠡ ᠠᠯᠬᠤᠮ ᠲᠡᠬᠦᠯᠲᠡᠷᠵᠢᠬᠦᠯᠥᠨ᠎ᠠ᠃ ᠪᠥᠬᠦ ᠠᠶᠢᠮᠠᠭ ᠲᠤ ᠤᠲᠤ ᠪᠠᠰᠠ  467 ᠭᠠᠴᠠᠭ᠎ᠠ ᠲᠤᠰᠬᠤᠨ ᠳᠤ ᠰᠤᠶᠤᠯ ᠤᠨ ᠥᠷᠥᠭᠡ ᠥᠭᠡᠢ ᠪᠠᠶᠢᠬᠰᠠᠭᠠᠷ᠃ ᠡᠨᠡ ᠵᠢᠯ 122 ᠭᠠᠴᠠᠭ᠎ᠠ  ᠲᠤᠰᠬᠤᠨ ᠳᠤ ᠰᠤᠶᠤᠯ ᠤᠨ ᠥᠷᠥᠭᠡ ᠪᠠᠶᠢᠭᠤᠯᠵᠥ᠂ 3 ᠵᠢᠯ ᠤᠨ ᠲᠤᠲᠤᠷ᠎ᠠ ᠥᠪᠡᠷᠲᠡᠭᠡᠨ ᠵᠠᠰᠬᠠᠤ ᠤᠷᠤᠨ ᠠᠴᠠ  ᠪᠠᠭᠤᠯᠭᠠᠭᠰᠠᠨ ᠬᠠᠷᠠᠯᠲᠠ ᠡᠬᠦᠷᠭᠡ ᠶᠢ ᠪᠥᠬᠦᠨ ᠢ ᠪᠡᠶᠡᠯᠡᠬᠦᠯᠥᠨ᠎ᠠ᠃ ᠵᠢᠯ ᠤᠨ ᠲᠤᠲᠤᠷ᠎ᠠ 88 ᠪᠠᠷᠢᠮᠵᠢᠶᠠᠲᠤ ᠬᠠᠮ  ᠲᠡᠯᠭᠡᠭᠦᠷ ᠪᠠᠶᠢᠭᠤᠯᠵᠥ᠂ 3 ᠵᠢᠯ ᠤᠨ ᠬᠤᠭᠤᠴᠠᠭᠠᠨ ᠳᠤ ᠨᠡᠶᠢᠲᠡ 323᠎ ᠶᠢ ᠰᠢᠨ᠎ᠠ ᠪᠠᠷ ᠪᠠᠶᠢᠭᠤᠯᠬᠤ ᠪᠤᠶᠤ  ᠥᠭᠡᠷᠡᠴᠢᠯᠡᠨ ᠪᠠᠶᠢᠭᠤᠯᠵᠥ᠂ ᠮᠠᠯᠵᠢᠬᠤ ᠲᠠᠷᠢᠶᠠᠯᠠᠬᠤ ᠤᠷᠤᠨ ᠢ ᠬᠠᠮᠤᠷᠤᠭᠤᠯᠬᠤ ᠪᠤᠯᠤᠨ᠎ᠡ᠃        ᠮᠠᠯᠵᠢᠬᠤ ᠲᠠᠷᠢᠶᠠᠯᠠᠬᠤ ᠤᠷᠤᠨ ᠤ ᠪᠠᠶᠢᠩᠭᠤ ᠰᠠᠭᠤᠭ᠎ᠠ ᠬᠥᠮᠥᠨ ᠠᠮᠠ ᠶᠢᠨ ᠨᠠᠰᠤᠵᠢᠯ ᠤᠨ ᠲᠠᠭᠠᠳᠬᠠᠯ᠂ ᠡᠮ  ᠡᠮᠨᠡᠯᠭᠡ ᠶᠢᠨ ᠲᠠᠭᠠᠳᠬᠠᠯ᠂ ᠠᠮᠢᠲᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢ ᠪᠦᠷᠢᠨᠰᠢᠭᠦᠯᠵᠦ᠂ ᠵᠢᠯ ᠤᠨ  ᠲᠤᠲᠤᠷ᠎ᠠ ᠠᠮᠢᠲᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ 10%᠎ ᠪᠠᠷ ᠲᠡᠭᠡᠭᠰᠢᠯᠡᠬᠦᠯᠵᠥ᠂  ᠵᠢᠯ ᠤᠨ ᠬᠥᠮᠥᠨ ᠲᠤᠮᠲᠠᠴᠢ ᠨᠥᠬᠦᠪᠤᠷᠢ ᠶᠢ 3330 ᠲᠥᠭᠦᠷᠢᠭ ᠲᠤ ᠬᠥᠷᠭᠡᠨ᠎ᠠ︔ ᠲᠠᠪᠤᠨ ᠪᠠᠲᠤᠯᠠᠭᠠᠲᠤ  ᠡᠷᠥᠭᠡ ᠶᠢᠨ ᠠᠰᠠᠷᠠᠮᠵᠢ ᠶᠢᠨ ᠪᠠᠷᠢᠮᠵᠢᠶ᠎ᠠ ᠶᠢ 10%᠎ ᠪᠠᠷ ᠲᠡᠭᠡᠭᠰᠢᠯᠡᠬᠦᠯᠵᠥ᠂ ᠲᠥᠪᠯᠡᠷᠡᠩᠭᠦᠢ ᠪᠠ ᠲᠠᠷᠠᠬᠠᠢ ᠠᠰᠠᠷᠠᠵᠥ  ᠪᠠᠶᠢᠭ᠎ᠠ ᠬᠥᠮᠥᠰ ᠤᠨ ᠵᠢᠯ ᠤᠨ ᠲᠤᠮᠲᠠᠴᠢ ᠨᠥᠬᠦᠪᠤᠷᠢ ᠶᠢ 7000 ᠪᠠ 4600 ᠲᠥᠭᠦᠷᠢᠭ ᠲᠤ ᠬᠥᠷᠭᠡᠨ᠎ᠠ︔  90 ᠨᠠᠰᠤᠨ ᠠᠴᠠ ᠲᠡᠭᠡᠭᠰᠢᠬᠢ ᠨᠠᠰᠤᠲᠠᠶᠢᠴᠤᠳ ᠲᠤ ᠤᠯᠭᠤᠬᠤ ᠨᠥᠬᠦᠪᠤᠷᠢ ᠶᠢ ᠲᠡᠭᠡᠭᠰᠢᠯᠡᠬᠦᠯᠥᠨ 300  ᠲᠥᠭᠦᠷᠢᠭ ᠪᠤᠯᠭᠠᠵᠦ᠂ 100 ᠨᠠᠰᠤᠨ ᠠᠴᠠ ᠲᠡᠭᠡᠭᠰᠢᠬᠢ ᠨᠠᠰᠤᠲᠠᠶᠢᠴᠤᠳ ᠲᠤ ᠤᠯᠭᠤᠬᠤ ᠨᠥᠬᠦᠪᠤᠷᠢ ᠶᠢ 600  ᠲᠥᠭᠦᠷᠢᠭ ᠪᠤᠯᠭᠠᠨ᠎ᠠ︔ ᠥᠨᠥᠴᠢᠨ ᠬᠡᠥᠭᠡᠳ ᠲᠤ ᠤᠯᠭᠤᠬᠤ ᠠᠰᠠᠷᠠᠮᠵᠢ ᠶᠢᠨ ᠪᠠᠷᠢᠮᠵᠢᠶ᠎ᠠ ᠶᠢ ᠲᠡᠭᠡᠭᠰᠢᠯᠡᠬᠦᠯᠵᠥ᠂  ᠠᠮᠢᠲᠤᠷᠠᠯ᠂ ᠠᠵᠢᠯ ᠤᠯᠭᠤᠯᠲᠠ ᠶᠢᠨ ᠨᠠᠭᠠᠲᠤ ᠵᠠᠬ᠎ᠠ ᠶᠢᠨ ᠬᠠᠷᠠᠯᠲᠠ ᠶᠢ ᠪᠠᠲᠤᠯᠠᠨ᠎ᠠ︔ ᠰᠢᠨ᠎ᠠ ᠮᠠᠯᠵᠢᠬᠤ  ᠲᠠᠷᠢᠶᠠᠯᠠᠬᠤ ᠤᠷᠤᠨ ᠤ ᠬᠤᠷᠰᠢᠭᠰᠠᠨ ᠡᠮᠨᠡᠯᠭᠡ ᠶᠢᠨ ᠲᠠᠭᠠᠳᠬᠠᠯ ᠳᠤ ᠤᠯᠭᠤᠬᠤ ᠡᠳ᠋ ᠤᠨ ᠵᠠᠰᠠᠭ ᠤᠨ ᠨᠥᠬᠦᠪᠤᠷᠢ ᠶᠢ  ᠵᠤᠬᠢᠰᠲᠠᠢ ᠲᠡᠭᠡᠭᠰᠢᠯᠡᠬᠦᠯᠬᠦ ᠪᠤᠯᠤᠨ᠎ᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号