ᠦᠪᠦᠷ ᠮᠤᠩᠭᠤᠯ᠄ ᠭᠡᠷ ᠪᠠᠶᠢᠰᠢᠩ ᠭᠠᠵᠠᠷ ᠬᠦᠷᠦᠩᠭᠡ ᠶᠢᠨ ᠨᠦᠭᠡᠴᠡ ᠪᠠᠨ ᠰᠢᠢᠳᠪᠦᠷᠢᠯᠡᠵᠤ ᠲᠠᠶᠢᠯᠦᠭᠡ ᠦᠭᠡᠢ ᠭᠠᠵᠠᠷ ᠤᠷᠤᠨ ᠳᠤ ᠭᠠᠵᠠᠷ ᠰᠢᠷᠤᠢ ᠶᠢᠨ ᠬᠠᠩᠭᠠᠯᠭ᠎ᠠ ᠶᠢ ᠴᠢᠩᠭ᠎ᠠ ᠬᠢᠵᠠᠭᠠᠷᠯᠠᠨ᠎ᠠ
ᠨᠡᠶᠢᠲᠡᠯᠡᠭᠰᠡᠨ ᠴᠠᠭ᠄
2016/7/16
   ᠰᠤᠷᠪᠤᠯᠵᠢᠯᠠᠭᠴᠢ ᠦᠪᠦᠷ ᠮᠤᠩᠭᠤᠯ ᠤᠨ ᠤᠷᠤᠨ ᠰᠠᠭᠤᠴᠠ ᠪᠠ ᠬᠤᠳᠠ ᠬᠦᠳᠡᠭᠡ ᠶᠢᠨ ᠪᠦᠳᠦᠭᠡᠨ  ᠪᠠᠶᠢᠭᠤᠯᠤᠯᠳᠠ ᠶᠢᠨ ᠲᠢᠩᠬᠢᠮ ᠠᠴᠠ ᠤᠶᠢᠯᠠᠭᠠᠭᠰᠠᠨ ᠢᠶᠠᠷ᠂ ᠭᠡᠷ ᠪᠠᠶᠢᠰᠢᠩ ᠭᠠᠵᠠᠷ ᠬᠦᠷᠦᠩᠭᠡ ᠶᠢᠨ ᠬᠠᠳᠠᠭᠠᠯᠠᠭᠳᠠᠵᠦ  ᠪᠠᠶᠢᠭ᠎ᠠ ᠠᠰᠠᠷ ᠢ ᠰᠢᠢᠳᠪᠦᠷᠢᠯᠡᠬᠦ ᠠᠯᠬᠤᠮ ᠢ ᠲᠦᠷᠭᠡᠳᠬᠡᠬᠦ ᠶᠢᠨ ᠲᠦᠯᠦᠭᠡ᠂ ᠦᠪᠦᠷ ᠮᠤᠩᠭᠤᠯ ᠨᠢ ᠭᠡᠷ ᠪᠠᠶᠢᠰᠢᠩ  ᠭᠠᠵᠠᠷ ᠬᠦᠷᠦᠩᠭᠡ ᠶᠢᠨ ᠬᠠᠳᠠᠭᠠᠯᠠᠭᠳᠠᠴᠠ ᠪᠠᠨ ᠰᠢᠢᠳᠪᠦᠷᠢᠯᠠᠵᠤ ᠡᠭᠦᠷᠭᠡ ᠪᠠᠨ ᠪᠠᠶᠠᠯᠠᠭᠦᠯᠵᠦ ᠲᠠᠶᠢᠯᠦᠭᠡ ᠦᠭᠡᠢ  ᠭᠠᠵᠠᠷ ᠤᠷᠤᠨ ᠪᠦᠬᠦᠨ ᠳᠤ ᠬᠤᠶᠢᠰᠢᠲᠡ ᠶᠢᠨ ᠨᠢᠭᠡ ᠬᠤᠭᠤᠴᠠᠭᠠᠨ ᠳᠤ ᠭᠡᠷ ᠪᠠᠶᠢᠰᠢᠩ ᠭᠠᠵᠠᠷ ᠬᠦᠷᠦᠩᠭᠡ  ᠨᠡᠭᠡᠭᠡᠵᠦ ᠪᠦᠳᠦᠭᠡᠨ ᠪᠠᠶᠢᠭᠤᠯᠬᠤ ᠳᠤ ᠬᠡᠷᠡᠭᠯᠡᠬᠦ ᠭᠠᠵᠠᠷ ᠰᠢᠷᠤᠢ ᠶᠢᠨ ᠬᠠᠩᠭᠠᠯᠭ᠎ᠠ ᠶᠢ ᠴᠢᠩᠭ᠎ᠠ ᠬᠢᠵᠠᠭᠠᠷᠯᠠᠨ᠎ᠠ ᠭᠡᠵᠦ  ᠲᠤᠭᠳᠠᠭᠠᠵᠠᠢ᠃ ᠡᠭᠦᠨ ᠠᠴᠠ ᠭᠠᠳᠠᠨ᠎ᠠ᠂ ᠲᠠᠸᠠᠷ ᠤᠨ ᠴᠢᠨᠠᠷᠳᠠᠢ ᠤᠷᠤᠨ ᠰᠠᠭᠤᠴᠠ ᠬᠠᠳᠠᠭᠠᠯᠠᠵᠦ ᠪᠠᠶᠢᠭ᠎ᠠ ᠬᠡᠮᠵᠢᠶ᠎ᠡ  ᠶᠡᠭᠡ᠂ ᠭᠡᠷ ᠪᠠᠶᠢᠰᠢᠩ ᠭᠠᠵᠠᠷ ᠬᠦᠷᠦᠩᠭᠡ ᠶᠢᠨ ᠨᠡᠭᠡᠭᠡᠯᠳᠡ ᠶᠢᠨ ᠬᠡᠪᠴᠢᠶ᠎ᠡ ᠶᠢ ᠬᠢᠵᠠᠭᠠᠷᠯᠠᠬᠤ ᠴᠢᠬᠤᠯᠠᠳᠠᠢ ᠭᠠᠵᠠᠷ  ᠤᠷᠤᠨ ᠳᠤ ᠨᠢᠭᠡᠨᠳᠡ ᠬᠠᠩᠭᠠᠭᠰᠠᠨ ᠪᠤᠯᠪᠠᠴᠦ ᠬᠠᠷᠠᠬᠠᠨ ᠨᠡᠭᠡᠭᠡᠯᠳᠡ ᠬᠢᠭᠡ ᠦᠭᠡᠢ ᠭᠡᠷ ᠪᠠᠶᠢᠰᠢᠩ ᠭᠠᠵᠠᠷ  ᠬᠦᠷᠦᠩᠭᠡ ᠶᠢᠨ ᠨᠡᠭᠡᠭᠡᠯᠳᠡ ᠬᠢᠬᠦ ᠭᠠᠵᠠᠷ ᠢ ᠲᠤᠬᠠᠢ ᠶᠢᠨ ᠭᠠᠵᠠᠷ ᠤᠨ ᠵᠠᠰᠠᠭ ᠤᠨ ᠤᠷᠳᠤᠨ ᠠᠴᠠ ᠪᠤᠴᠠᠭᠠᠨ  ᠬᠤᠳᠠᠯᠳᠤᠨ ᠠᠪᠴᠦ᠂ ᠭᠠᠵᠠᠷ ᠰᠢᠷᠤᠢ ᠶᠢᠨ ᠬᠠᠳᠠᠭᠠᠯᠠᠮᠵᠢ ᠪᠤᠯᠭᠠᠵᠦ ᠪᠤᠯᠤᠨ᠎ᠡ ᠭᠡᠵᠡᠢ᠃  
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号