ᠬᠠᠤᠯᠢ ᠴᠠᠭᠠᠵᠠ ᠶᠢᠨ ᠳᠤᠰᠠᠯᠠᠮᠵᠢ ᠬᠤᠷᠢᠭᠳᠠᠭᠰᠠᠳ ᠤᠨ ᠰᠡᠳᠬᠢᠯ ᠢ ᠳᠤᠯᠠᠭᠠᠴᠠᠭᠤᠯᠤᠨ᠎ᠠ
ᠨᠡᠶᠢᠲᠡᠯᠡᠭᠰᠡᠨ ᠴᠠᠭ᠄
2016/7/16
   ᠡᠷᠡᠬᠦᠦ ᠶᠢᠨ ᠭᠡᠷᠡᠭ ᠤᠨ ᠵᠡᠷᠭᠤ ᠶᠢᠨ ᠠᠵᠢᠯᠯᠠᠭ᠎ᠠ ᠶᠢᠨ ᠤᠷᠤᠭᠰᠢᠳᠠᠢ ᠶᠠᠪᠤᠭᠳᠠᠬᠤ ᠵᠢᠴᠢ ᠬᠤᠷᠢᠭᠳᠠᠵᠤ ᠪᠠᠶᠢᠭ᠎ᠠ  ᠬᠦᠮᠦᠰ ᠤᠨ ᠬᠠᠤᠯᠢ ᠶᠤᠰᠤᠠ ᠤ ᠡᠷᠭᠡ ᠠᠰᠢᠭ ᠢ ᠦᠨᠡᠡᠬᠦ ᠪᠠᠳᠤᠯᠠᠵᠤ᠂ ᠨᠡᠶᠢᠭᠡᠮ ᠤᠨ ᠳᠦᠪ ᠭᠤᠤᠯᠴᠢ ᠶᠢ  ᠬᠠᠮᠠᠭᠠᠯᠠᠵᠤ᠂ ᠬᠠᠷᠠᠵᠤ ᠰᠠᠬᠢᠬᠤ ᠭᠠᠵᠠᠷ ᠤᠨ ᠠᠶᠤᠯᠬᠦᠢ ᠳᠤᠭᠳᠠᠭᠤᠠ ᠢ ᠦᠨᠡᠡᠬᠦ ᠪᠠᠳᠤᠯᠠᠬᠤ ᠶᠢᠨ ᠳᠦᠯᠦᠭᠡ᠂  ᠰᠢᠯᠢ ᠶᠢᠨ ᠬᠤᠳᠠ ᠶᠢᠨ ᠳᠦᠷ ᠬᠤᠷᠢᠬᠤ ᠭᠠᠵᠠᠷ ᠤᠨ ᠬᠠᠤᠯᠢ ᠴᠠᠭᠠᠵᠠ ᠶᠢᠨ ᠳᠤᠰᠠᠯᠠᠮᠵᠢ ᠶᠢᠨ ᠠᠵᠢᠯ ᠤᠨ ᠦᠷᠳᠡᠭᠡ  ᠬᠠᠤᠯᠢ ᠴᠠᠭᠠᠵᠠ ᠶᠢᠨ ᠳᠤᠰᠠᠯᠠᠮᠵᠢ ᠶᠢᠨ ᠠᠵᠢᠯ ᠢ ᠢᠳᠡᠪᠬᠢᠳᠡᠢ ᠦᠷᠨᠢᠬᠦᠯᠵᠤ᠂ ᠳᠦᠷ ᠬᠤᠷᠢᠭᠳᠠᠵᠤ ᠪᠠᠶᠢᠭ᠎ᠠ  ᠬᠦᠮᠦᠰ ᠤᠨ ᠬᠠᠤᠯᠢ ᠶᠤᠰᠤᠠ ᠤ ᠡᠷᠭᠡ ᠠᠰᠢᠭ ᠢ ᠬᠠᠮᠠᠭᠠᠯᠠᠵᠦ ᠪᠠᠶᠢᠨ᠎ᠠ᠃        2013 ᠤᠨ ᠤ 9 ᠳ᠋ᠦ᠋ᠭᠡᠷ ᠰᠠᠷ᠎ᠠ ᠳᠤ ᠰᠢᠯᠢ ᠶᠢᠨ ᠬᠤᠳᠠ ᠶᠢᠨ ᠳᠦᠷ ᠬᠤᠷᠢᠬᠤ ᠭᠠᠵᠠᠷ ᠨᠢ ᠠᠶᠢᠮᠠᠭ ᠤᠨ  ᠬᠠᠤᠯᠢ ᠴᠠᠭᠠᠵᠠ ᠶᠢᠨ ᠳᠤᠪᠴᠢᠶ᠎ᠠ ᠲᠠᠢ ᠬᠠᠮᠳᠤᠷᠠᠠ ᠬᠠᠥᠯᠢ ᠴᠠᠭᠠᠵᠠ ᠶᠢᠨ ᠲᠤᠰᠠᠯᠠᠮᠵᠢ ᠶᠢᠨ ᠦᠷᠳᠡᠭᠡ ᠭᠠᠷᠭᠠᠵᠠᠢ᠃  ᠡᠨᠡ ᠨᠢ ᠮᠠᠨ ᠤ ᠠᠶᠢᠮᠠᠭ ᠤᠨ ᠴᠤᠷ ᠤᠨ ᠭᠠᠭᠴᠠ ᠬᠠᠤᠯᠢ ᠴᠠᠭᠠᠵᠠ ᠶᠢᠨ ᠳᠤᠰᠠᠯᠠᠮᠵᠢ ᠶᠢᠨ ᠠᠵᠢᠯᠯᠠᠬᠤ ᠦᠷᠳᠡᠭᠡ  ᠪᠤᠯᠤᠨ᠎ᠠ᠃ ᠬᠠᠷᠠᠵᠤ ᠰᠠᠬᠢᠬᠤ ᠭᠠᠵᠠᠷ ᠤᠨ ᠬᠠᠤᠯᠢ ᠴᠠᠭᠠᠵᠠ ᠶᠢᠨ ᠳᠤᠰᠠᠯᠠᠮᠵᠢ ᠶᠢᠨ ᠠᠵᠢᠯ ᠢ ᠤᠯᠠᠮ ᠨᠢᠭᠡ ᠠᠯᠬᠤᠮ  ᠳᠦᠷᠢᠮᠵᠢᠬᠦᠯᠵᠤ᠂ ᠳᠦᠷ ᠬᠤᠷᠢᠭᠳᠠᠵᠤ ᠪᠠᠶᠢᠭ᠎ᠠ ᠬᠦᠮᠦᠰ ᠤᠨ ᠬᠠᠤᠯᠢ ᠶᠤᠰᠤ ᠪᠠᠷ ᠬᠠᠤᠯᠢ ᠴᠠᠭᠠᠵᠠ ᠶᠢᠨ  ᠳᠤᠰᠠᠯᠠᠮᠵᠢ ᠬᠠᠪᠰᠤᠷᠤᠯᠭ᠎ᠠ ᠤᠯᠬᠤ ᠡᠷᠭᠡ ᠠᠰᠢᠭ ᠢ ᠬᠦᠢᠴᠡᠳ ᠪᠠᠳᠤᠯᠠᠬᠤ ᠪᠠᠷ᠂ ᠳᠦᠷ ᠬᠤᠷᠢᠬᠤ ᠭᠠᠵᠠᠷ ᠠᠴᠠ  ᠳᠤᠰᠬᠠᠢ ᠠᠵᠢᠯᠳᠡᠡ ᠭᠠᠷᠭᠠᠵᠤ ᠬᠤᠷᠢᠭᠳᠠᠵᠤ ᠪᠠᠶᠢᠭ᠎ᠠ ᠬᠦᠮᠦᠰ ᠤᠨ ᠬᠠᠤᠯᠢ ᠴᠠᠭᠠᠵᠠ ᠶᠢᠨ ᠳᠤᠰᠠᠯᠠᠮᠵᠢ ᠤᠯᠬᠤ  ᠭᠤᠶᠤᠴᠢᠯᠠᠯ ᠢ ᠬᠦᠯᠢᠶᠠᠠ ᠠᠪᠴᠤ᠂ ᠬᠤᠷᠢᠭᠳᠠᠵᠤ ᠪᠠᠶᠢᠭ᠎ᠠ ᠬᠦᠮᠦᠰ ᠢ ᠵᠢᠯᠤᠭᠤᠳᠤᠠ ᠬᠠᠪᠰᠤᠷᠴᠤ ᠭᠤᠶᠤᠴᠢᠯᠠᠯ ᠤᠨ  ᠬᠦᠰᠦᠨᠦᠭᠳᠤ ᠳᠠᠭᠯᠠᠭᠤᠯᠳᠠᠭ᠃ ᠳᠤᠰᠠᠯᠠᠮᠵᠢ ᠭᠤᠶᠤᠴᠢᠯᠠᠯ ᠪᠤᠯᠭᠠᠠ ᠢ ᠴᠠᠭ ᠳᠤᠬᠠᠢ ᠳᠤᠨᠢ ᠬᠦᠯᠢᠶᠡᠡ ᠠᠪᠴᠤ  ᠬᠢᠨᠠᠠ ᠪᠠᠶᠢᠴᠠᠭᠠᠵᠤ ᠦᠵᠡᠬᠦ ᠶᠢ ᠪᠠᠳᠤᠯᠠᠵᠤ᠂ ᠳᠦᠷ ᠬᠤᠷᠢᠬᠤ ᠭᠠᠵᠠᠷ ᠠᠵᠢᠯ ᠤᠨ ᠪᠤᠳᠠᠳᠠᠢ ᠲᠠᠢ ᠪᠠᠨ  ᠤᠶᠠᠯᠳᠤᠭᠤᠯᠤᠠ᠂ ᠬᠠᠮᠳᠤ ᠶᠢᠨ ᠬᠦᠮᠦᠵᠢᠯ ᠤᠨ ᠴᠠᠭ ᠢ ᠠᠰᠢᠭᠯᠠᠠ᠂ ᠳᠦᠷ ᠬᠤᠷᠢᠭᠳᠠᠵᠤ ᠪᠠᠶᠢᠭ᠎ᠠ ᠬᠦᠮᠦᠰ ᠲᠤ  ᠬᠠᠤᠯᠢ ᠴᠠᠭᠠᠵᠠ ᠶᠢᠨ ᠮᠡᠳᠡᠯᠭᠡ ᠶᠢᠨ ᠳᠠᠶᠢᠯᠤᠮᠵᠢ ᠬᠢᠳᠡᠭ᠃ ᠬᠠᠤᠯᠢ ᠴᠠᠭᠠᠵᠠ ᠶᠢᠨ ᠳᠤᠰᠠᠯᠠᠮᠵᠢ ᠭᠤᠶᠤᠴᠢᠯᠠᠬᠤ  ᠶᠠᠪᠤᠴᠠ᠂ ᠠᠷᠭ᠎ᠠ ᠵᠠᠮ ᠪᠠ ᠳᠤᠰᠠᠯᠠᠮᠵᠢ ᠭᠤᠶᠤᠴᠢᠯᠠᠭᠰᠠᠳ ᠤᠨ ᠡᠷᠭᠡ ᠠᠰᠢᠭ ᠵᠡᠷᠭᠡ ᠳᠠᠯ᠎ᠠ ᠪᠠᠷ ᠬᠤᠷᠢᠭᠳᠠᠵᠤ  ᠪᠠᠶᠢᠭ᠎ᠠ ᠬᠦᠮᠦᠰ ᠤᠨ ᠡᠷᠡᠭᠡᠯᠵᠠᠯ ᠰᠡᠵᠢᠭᠯᠡᠯ ᠢ ᠳᠠᠶᠢᠯᠵᠤ᠂ ᠬᠤᠷᠢᠭᠳᠠᠵᠤ ᠪᠠᠶᠢᠭ᠎ᠠ ᠬᠦᠮᠦᠰ ᠤᠨ ᠳᠤᠷᠠᠳᠤᠭᠰᠠᠠ  ᠬᠠᠤᠯᠢ ᠴᠠᠭᠠᠵᠠ ᠪᠠ ᠡᠷᠡᠬᠦᠦ ᠶᠢᠨ ᠭᠡᠷᠡᠭ ᠤᠨ ᠵᠡᠷᠭᠤ ᠵᠡᠷᠭᠡ ᠳᠠᠯ᠎ᠠ ᠶᠢᠨ ᠠᠰᠠᠭᠤᠳᠠᠯ᠂ ᠳᠠᠷᠠᠴᠢᠯᠠᠠ ᠳᠠᠬᠢᠠ ᠠᠵᠢᠯ  ᠤᠯᠵᠤ ᠠᠮᠢᠳᠤᠷᠠᠬᠤ ᠵᠡᠷᠭᠡ ᠳᠠᠯ᠎ᠠ ᠶᠢᠨ ᠠᠩᠬᠠᠷᠬᠤ ᠴᠢᠬᠤᠯᠠ ᠲᠠᠢ ᠭᠡᠷᠡᠭ ᠶᠠᠪᠤᠳᠠᠯ ᠤᠳ ᠢ ᠨᠠᠷᠢᠠ ᠬᠢᠨᠠᠮᠠᠭᠠᠢ  ᠳᠠᠶᠢᠯᠪᠤᠷᠢᠯᠠᠵᠤ᠂ ᠬᠤᠷᠢᠭᠳᠠᠵᠤ ᠪᠠᠶᠢᠭ᠎ᠠ ᠬᠦᠮᠦᠰ ᠤᠨ ᠬᠠᠤᠯᠢ ᠴᠠᠭᠠᠵᠠ ᠶᠢᠨ ᠲᠠᠨᠢᠯᠳᠠ ᠶᠢ ᠳᠡᠭᠡᠭᠰᠢᠯᠡᠬᠦᠯᠵᠤ᠂  ᠨᠡᠶᠢᠭᠡᠮ ᠳᠤ ᠳᠠᠬᠢᠠ ᠪᠤᠴᠠᠬᠤ ᠳᠤ ᠪᠠᠳᠤ ᠰᠠᠭᠤᠷᠢ ᠳᠠᠯᠪᠢᠪᠠ᠃        ᠳᠤᠰ ᠦᠷᠳᠡᠭᠡ ᠪᠠᠶᠢᠭᠤᠯᠤᠭᠳᠠᠭᠰᠠᠠ ᠠᠴᠠ ᠪᠠᠨ ᠨᠠᠰᠢ᠂ ᠨᠠᠶᠢᠳᠠ 30 ᠬᠦᠮᠦᠠ ᠤᠳᠠᠭᠠᠠ ᠤ ᠬᠠᠤᠯᠢ  ᠴᠠᠭᠠᠵᠠ ᠶᠢᠨ ᠳᠤᠰᠠᠯᠠᠮᠵᠢ ᠬᠠᠩᠭᠠᠵᠤ᠂ 50 ᠬᠦᠮᠦᠠ ᠤᠳᠠᠭ᠎ᠠ ᠳᠤ ᠬᠠᠤᠯᠢ ᠴᠠᠭᠠᠵᠠ ᠶᠢᠨ ᠯᠠᠪᠯᠠᠭ᠎ᠠ ᠬᠠᠩᠭᠠᠵᠤ᠂  4 ᠤᠳᠠᠭ᠎ᠠ ᠬᠠᠤᠯᠢ ᠴᠠᠭᠠᠵᠠ ᠶᠢᠨ ᠳᠤᠰᠠᠯᠠᠮᠵᠢ ᠶᠢᠨ ᠳᠦᠷᠢᠮ ᠢ ᠤᠬᠠᠭᠤᠯᠵᠤ᠂ ᠬᠤᠷᠢᠭᠳᠠᠵᠤ ᠪᠠᠶᠢᠭ᠎ᠠ ᠬᠦᠮᠦᠰ ᠲᠤ  10 ᠤᠳᠠᠭᠠᠠ ᠤ ᠬᠠᠤᠯᠢ ᠴᠠᠭᠠᠵᠠ ᠶᠢᠨ ᠬᠦᠮᠦᠵᠢᠯ ᠬᠢᠭᠡᠤᠠ ᠤᠬᠢ ᠰᠠᠶᠢᠠ ᠬᠦᠮᠦᠵᠢᠬᠦᠯᠬᠦ ᠦᠷ᠎ᠠ ᠪᠦᠳᠦᠮᠵᠢ ᠪᠠ  ᠨᠡᠶᠢᠭᠡᠮ ᠤᠨ ᠦᠷ᠎ᠠ ᠠᠰᠢᠭ ᠲᠠᠢ ᠪᠤᠯᠪᠠ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ 
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号