ᠤᠷᠤᠭ ᠭᠡᠷ ᠪᠦᠯᠢ ᠶᠢᠨ ᠬᠤᠯᠢ ᠶᠢᠨ ᠳᠦᠰᠢᠭ
ᠨᠡᠶᠢᠲᠡᠯᠡᠭᠰᠡᠨ ᠴᠠᠭ᠄
2016/7/16
   3 ᠳ᠋ᠤᠭᠠᠷ ᠰᠠᠷ᠎ᠠ ᠶᠢᠨ 25 ᠤ ᠡᠳᠦᠷ ᠤᠨ ᠦᠳᠡ ᠶᠢᠨ ᠡᠮᠦᠨ᠎ᠡ᠂ ᠠᠶᠢᠮᠠᠭ ᠤᠨ ᠡᠮᠡᠭᠳᠠᠶᠢᠴᠤᠳ ᠤᠨ  ᠬᠤᠯᠪᠤᠭᠠᠲᠤ ᠬᠤᠷᠠᠯ ᠲᠦᠷᠦᠬᠦᠯᠡᠨ ᠠᠶᠢᠮᠠᠭ ᠤᠨ ᠲᠤᠮᠳᠠ ᠵᠡᠷᠬᠡ ᠶᠢᠨ ᠠᠷᠠᠳ ᠤᠨ ᠰᠢᠬᠦᠬᠦ ᠬᠤᠷᠢᠶ᠎ᠠ᠂ ᠠᠶᠢᠮᠠᠭ ᠤᠨ  ᠠᠷᠠᠳ ᠤᠨ ᠶᠠᠪᠤᠳᠠᠯ ᠤᠨ ᠲᠤᠪᠴᠢᠶ᠎ᠡ ᠵᠡᠷᠬᠡ ᠪᠠᠶᠢᠭᠤᠯᠭ᠎ᠠ ᠨᠢᠬᠡᠴᠡ ᠠᠴᠠ ᠭᠤᠤᠯᠯᠠᠨ ᠡᠷᠬᠢᠯᠡᠭᠰᠡᠨ ᠰᠢᠯᠢ ᠶᠢᠨ ᠭᠤᠤᠯ  ᠠᠶᠢᠮᠠᠭ ᠤᠨ ︽ᠬᠡᠷ ᠪᠦᠯᠢ ᠶᠢᠨ ᠬᠠᠮᠠᠭᠠᠯᠠᠭᠴᠢ︾ ᠤᠷᠤᠭ ᠬᠡᠷ ᠪᠦᠯᠢ ᠶᠢᠨ ᠵᠦᠷᠢᠴᠡᠯ ᠮᠦᠷᠬᠦᠯᠳᠦᠬᠡᠨ ᠤ ᠨᠡᠶᠢᠳᠡᠯᠢᠭ  ᠬᠡᠷᠡᠭ ᠤᠨ ᠵᠢᠱᠢᠶ᠎ᠡ ᠶᠢᠨ ᠲᠠᠭᠤᠷᠢᠶᠠᠮᠠᠯ ᠲᠤᠭᠯᠠᠯᠳᠠ ᠶᠢᠨ ᠦᠨᠡᠯᠡᠡ ᠵᠠᠳᠠᠯᠬᠤ ᠬᠤᠷᠠᠯ ᠮᠠᠨ ᠤ ᠠᠶᠢᠮᠠᠭ ᠤᠨ  ᠨᠠᠰᠤᠳᠠᠶᠢᠴᠤᠳ ᠤᠨ ᠬᠥᠳᠡᠯᠬᠡᠬᠡᠨ ᠤ ᠲᠥᠪ ᠲᠤ ᠶᠠᠪᠤᠭᠳᠠᠪᠠ᠃    ᠲᠤᠰ ᠤᠳᠠᠭᠠᠨ ᠤ ᠦᠨᠡᠯᠡᠨ ᠵᠠᠳᠠᠯᠬᠤ ᠬᠤᠷᠠᠯ ᠨᠢ ︽ᠠᠮᠤᠭᠤᠯᠠᠩ ᠬᠡᠷ ᠪᠦᠯᠢ︾ ᠶᠢ ᠪᠠᠶᠢᠭᠤᠯᠬᠤ  ᠠᠵᠢᠯᠯᠠᠭ᠎ᠠ ᠶᠢ ᠤᠯᠠᠮ ᠢᠶᠠᠷ ᠬᠦᠨᠵᠡᠬᠡᠶᠢᠷᠡᠬᠦᠯᠬᠦ᠂ ᠤᠷᠤᠭ ᠬᠡᠷ ᠪᠦᠯᠢ ᠶᠢᠨ ᠵᠦᠷᠢᠴᠡᠯ ᠮᠦᠷᠬᠦᠯᠳᠦᠬᠡᠨ ᠢ ᠡᠶᠡᠳᠡᠬᠦᠯᠬᠦ  ᠠᠵᠢᠯ ᠢ ᠲᠦᠯᠬᠢᠨ ᠠᠬᠢᠭᠤᠯᠬᠤ ᠪᠠᠷ ᠭᠤᠤᠯ ᠬᠠᠷᠠᠯᠳᠠ ᠪᠠᠨ ᠪᠤᠯᠭᠠᠵᠦ᠂ 3 ᠳ᠋ᠤᠭᠠᠷ ᠰᠠᠷ᠎ᠠ ᠶᠢᠨ 1 ᠤ ᠡᠳᠦᠷ ᠠᠴᠠ  ᠡᠬᠢᠯᠡᠵᠦ ᠵᠢᠩᠭᠢᠨᠢ ᠪᠠᠷ ᠬᠡᠷᠡᠭᠵᠢᠬᠦᠯᠦᠭᠰᠡᠨ ᠮᠠᠨ ᠤ ᠤᠯᠤᠰ ᠤᠨ ᠠᠩᠬᠠᠳᠠᠬᠴᠢ ︽ᠪᠦᠬᠦᠳᠡ ᠨᠠᠶᠢᠷᠠᠮᠳᠠᠬᠤ ᠲᠤᠮᠳᠠᠳᠥ  ᠠᠷᠠᠳ ᠤᠯᠤᠰ ᠤᠨ ᠬᠡᠷ ᠪᠦᠯᠢ ᠶᠢᠨ ᠬᠦᠴᠦᠷᠬᠡᠭᠯᠡᠯ ᠢ ᠡᠰᠡᠷᠬᠦᠴᠡᠬᠦ ᠬᠠᠤᠯᠢ︾ ᠪᠠᠷ ᠲᠤᠯᠢ ᠪᠤᠯᠭᠠᠵᠦ᠂ ᠲᠤᠬᠠᠢ ᠶᠢᠨ  ᠲᠠᠯᠠᠪᠤᠷ ᠲᠤ ᠨᠡᠶᠢᠳᠡᠯᠢᠭ ᠵᠢᠱᠢᠶ᠎ᠡ ᠲᠠᠢ ᠪᠠᠷ ᠲᠠᠭᠤᠷᠢᠶᠠᠨ ᠲᠤᠬᠯᠠᠬᠤ ᠬᠡᠯᠪᠡᠷᠢ ᠪᠠᠷ ᠶᠠᠪᠤᠭᠳᠠᠭᠤᠯᠵᠠᠢ᠃        ᠬᠤᠷᠠᠯ ᠳᠡᠭᠡᠷ᠎ᠡ ᠮᠠᠠ ᠤ ᠠᠶᠢᠮᠠᠭ ᠤᠨ ᠡᠮᠡᠭᠳᠠᠶᠢᠴᠤᠳ ᠤᠨ ᠬᠤᠯᠪᠤᠭᠠᠨ ᠤ ᠳᠡᠳ᠋ ᠲᠡᠷᠢᠬᠦᠯᠡᠭᠴᠢ ᠹᠧᠩ ᠱᠦ  ᠵᠢᠤᠸᠠᠨ ᠠᠴᠠ ︽ᠬᠡᠷ ᠪᠦᠯᠢ ᠶᠢᠨ ᠬᠦᠴᠦᠷᠬᠡᠭᠯᠡᠯ ᠢ ᠡᠰᠡᠷᠬᠦᠴᠡᠬᠦ︾ ᠬᠠᠤᠯᠢ ᠶᠢᠨ ᠬᠡᠷᠡᠭᠵᠢᠬᠦᠯᠦᠭᠳᠡᠭᠰᠡᠨ ᠠᠬᠤᠢ  ᠪᠠᠶᠢᠳᠠᠯ᠂ ᠠᠭᠤᠯᠭ᠎ᠠ ᠪᠠ ᠬᠢᠯᠠᠰ ᠴᠢᠭ ᠲᠤ ᠤᠡᠭᠰᠢᠨ ᠵᠠᠳᠠᠯᠤᠯᠳᠠ ᠬᠢᠭᠰᠡᠨ ᠤ ᠬᠠᠮᠳᠤ ᠮᠠᠨ ᠤ ᠠᠶᠢᠮᠠᠭ ᠤᠨ  ᠡᠮᠡᠭᠳᠠᠶᠢᠴᠤᠳ ᠤᠨ ᠬᠤᠯᠪᠤᠭ᠎ᠠ ᠶᠢᠨ ︽ᠬᠡᠷ ᠪᠦᠯᠢ ᠶᠢᠨ ᠬᠦᠴᠦᠷᠬᠡᠭᠯᠡᠯ ᠢ ᠡᠰᠡᠷᠬᠦᠴᠡᠬᠦ ᠬᠠᠤᠯᠢ︾ ᠶᠢ  ᠤᠬᠠᠭᠤᠯᠤᠭᠰᠠᠨ᠂ ᠬᠡᠷᠡᠭᠵᠢᠬᠦᠯᠦᠭᠰᠡᠨ ᠡᠯ᠎ᠡ ᠲᠦᠷᠦᠯ ᠤᠨ ᠠᠷᠭ᠎ᠠ ᠬᠡᠮᠵᠢᠶ᠎ᠡ ᠶᠢ ᠨᠡᠶᠢᠳᠡᠯᠡᠵᠠᠢ᠃        ᠲᠤᠰ ᠤᠳᠠᠭᠠᠨ ᠤ ᠭᠡᠷ ᠪᠦᠯᠢ ᠶᠢᠨ ᠬᠦᠴᠦᠷᠭᠡᠭᠯᠡᠯ ᠤᠨ ᠨᠡᠶᠢᠳᠡᠯᠢᠭ ᠵᠢᠱᠢᠶ᠎ᠠ ᠶᠢᠨ ᠳᠠᠭᠤᠷᠢᠶᠠᠮᠠᠯ  ᠳᠤᠬᠯᠠᠯᠳᠠ ᠶᠢᠨ ᠦᠨᠡᠯᠡᠨ ᠵᠠᠳᠠᠯᠬᠤ ᠬᠤᠷᠠᠯ ᠳᠡᠭᠡᠷ ᠎ᠡ ᠠᠶᠢᠮᠠᠭ ᠤᠨ ᠡᠮᠡᠭᠳᠠᠶᠢᠴᠤᠳ ᠤᠨ ᠬᠤᠯᠪᠤᠭ᠎ᠠ ᠠᠴᠠ ᠮᠠᠨ ᠤ  ᠠᠶᠢᠮᠠᠭ ᠬᠤᠳᠠ ᠶᠢᠨ ᠬᠤᠶᠠᠷ ᠱᠠᠳᠤᠨ ᠤ ᠰᠢᠬᠦᠬᠦ ᠬᠤᠷᠢᠶᠠᠨ ᠤ ᠶᠡᠭᠡ ᠬᠡᠮᠵᠢᠶᠡᠨ ᠤ ᠬᠡᠷ ᠪᠦᠯᠢ ᠶᠢᠨ ᠵᠦᠷᠢᠴᠡᠯ  ᠮᠦᠷᠬᠦᠯᠳᠦᠬᠡᠨ ᠤ ᠦᠨᠡᠨ ᠪᠤᠳᠠᠳᠠᠢ ᠬᠡᠷᠡᠭ ᠤᠨ ᠵᠢᠱᠢᠶ᠎ᠡ ᠠᠴᠠ ᠰᠤᠩᠭᠤᠭᠰᠠᠠ ᠬᠡᠷ ᠪᠦᠯᠢ ᠶᠢᠨ ᠬᠦᠴᠦᠷᠬᠡᠭᠯᠡᠯ᠂  ᠨᠤᠳᠤᠭ ᠪᠠᠯᠴᠢᠭᠡᠷ ᠤᠨ ᠳᠠᠳᠠᠪᠤᠷᠢᠯᠠᠨ ᠬᠡᠷᠡᠭᠯᠡᠬᠦ ᠨᠥᠬᠦᠪᠦᠷᠢ ᠮᠥᠡᠭᠭᠦᠨ ᠤ ᠵᠦᠷᠢᠴᠡᠯ ᠵᠢᠭᠤᠷᠠᠭᠠᠨ᠂ ︽80 ᠪᠠ  90︾ ᠤᠨ ᠳᠤ ᠲᠦᠷᠦᠭᠰᠡᠤᠨ ᠤᠨ ᠤᠷᠤᠭ ᠰᠠᠯᠬᠤ ᠨᠤᠷᠮ᠎ᠡ ᠥᠨᠳᠦᠷ ᠪᠠ ᠨᠠᠰᠤᠳᠠᠶᠢᠴᠤᠳ ᠤᠨ ᠲᠠᠬᠢᠨ  ᠤᠷᠤᠭᠯᠠᠬᠤ ᠵᠡᠷᠬᠡ 4 ᠨᠡᠶᠢᠳᠡᠯᠢᠭ ᠬᠡᠷᠡᠭ ᠤᠨ ᠵᠢᠱᠢᠶ᠎ᠡ ᠶᠢᠨ ᠬᠡᠰᠡᠭ ᠦᠵᠡᠭᠳᠡᠯ ᠢ ᠲᠤᠬᠠᠢ ᠶᠢᠨ ᠲᠠᠯᠠᠪᠤᠷ ᠲᠤ  ᠲᠠᠭᠤᠷᠢᠶᠠᠨ ᠲᠤᠭᠯᠠᠵᠦ᠂ ᠲᠠᠬᠢᠨ ᠰᠢᠬᠦᠭᠴᠢ ᠶᠢᠨ ᠲᠤᠭᠤᠢᠢᠯᠠᠩ᠂ ᠬᠠᠤᠯᠢᠴᠢ ᠶᠢᠨ ᠲᠤᠭᠤᠢᠢᠯᠠᠩ᠂ ᠰᠡᠳᠬᠢᠴᠡ ᠶᠢᠨ  ᠯᠠᠪᠯᠠᠯᠳᠠ ᠶᠢᠨ ᠲᠤᠭᠤᠢᠢᠯᠠᠩ᠂ ᠤᠷᠤᠭ ᠬᠡᠷ ᠪᠦᠯᠢ ᠶᠢᠨ ᠯᠠᠪᠯᠠᠯᠳᠠ ᠶᠢᠨ ᠲᠤᠭᠤᠢᠢᠯᠠᠩ᠂ ᠡᠮᠡᠭᠳᠠᠶᠢᠴᠤᠳ ᠤᠨ  ᠬᠤᠯᠪᠤᠭᠠᠨ ᠤ ᠡᠷᠬᠡ ᠠᠰᠢᠭ ᠢ ᠬᠠᠮᠠᠭᠠᠯᠠᠬᠤ ᠺᠠᠳ᠋ᠷ ᠤᠨ ᠲᠤᠭᠤᠢᠢᠯᠠᠩ ᠵᠡᠷᠬᠡ 5 ᠲᠤᠰᠬᠠᠢ ᠮᠡᠷᠬᠡᠵᠢᠯ ᠤᠨ  ᠲᠤᠭᠤᠢᠢᠯᠠᠩ ᠤᠨ ᠲᠤᠰᠬᠠᠢ ᠮᠡᠷᠬᠡᠵᠢᠯᠳᠡᠨ ᠨᠠᠷ ᠠᠴᠠ ᠡᠳᠡᠬᠡᠷ 4 ᠨᠡᠶᠢᠳᠡᠯᠢᠭ ᠵᠢᠱᠢᠶ᠎ᠡ ᠳᠤ ᠬᠠᠨᠳᠤᠭᠤᠯᠵᠦ᠂ ᠠᠳᠠᠯᠢ  ᠪᠤᠰᠤ ᠵᠤᠭᠰᠤᠴᠠ ᠠᠴᠠ ᠬᠡᠷᠡᠭ ᠤᠨ ᠵᠢᠱᠢᠶ᠎ᠡ ᠶᠢ ᠵᠠᠳᠠᠯᠵᠦ᠂ ᠡᠶᠢᠮᠦᠷᠬᠦ ᠪᠠᠶᠢᠳᠠᠯ ᠳᠤ ᠵᠦᠷᠢᠴᠡᠯ ᠢ ᠬᠡᠷᠬᠢᠨ  ᠰᠢᠢᠳᠪᠦᠷᠢᠯᠡᠬᠦ᠂ ᠡᠶ᠎ᠡ ᠵᠤᠬᠢᠴᠠᠯᠳᠦ ᠬᠡᠷ ᠪᠦᠯᠢ ᠶᠢ ᠬᠡᠷᠬᠢᠨ ᠴᠤᠭᠴᠠᠯᠠᠨ ᠪᠠᠶᠢᠭᠤᠯᠬᠤ ᠵᠡᠷᠬᠡ ᠲᠠᠯ᠎ᠠ ᠠᠴᠠ ᠰᠠᠨᠠᠯ  ᠵᠦᠪᠯᠡᠯᠬᠡ ᠲᠤᠷᠠᠳᠴᠠᠢ᠃        ᠦᠨᠡᠨ ᠪᠤᠳᠠᠳᠠᠢ ᠬᠡᠷᠡᠭ ᠤᠨ ᠵᠢᠱᠢᠶ᠎ᠡ ᠶᠢᠨ ᠲᠠᠭᠤᠷᠢᠶᠠᠮᠠᠯ ᠲᠤᠭᠯᠠᠯᠳᠠ ᠶᠢᠨ ᠲᠤᠬᠠᠢ ᠶᠢᠨ ᠲᠠᠯᠠᠪᠤᠷ ᠤᠨ  ᠠᠮᠢᠳᠤᠯᠢᠭ ᠲᠤᠭᠯᠠᠯᠳᠠ ᠪᠠ ᠰᠢᠨ᠎ᠡ ᠰᠡᠪᠡᠬᠦᠨ ᠬᠡᠯᠪᠡᠷᠢ ᠨᠢ ᠲᠤᠬᠠᠢ ᠶᠢᠨ ᠲᠠᠯᠠᠪᠤᠷ ᠤᠨ ᠦᠵᠡᠭᠴᠢᠳ ᠤᠨ  ᠠᠩᠬᠠᠷᠤᠯ ᠢ ᠶᠡᠬᠡᠳᠡ ᠳᠠᠳᠠᠵᠦ᠂ ᠬᠡᠷ ᠪᠦᠯᠢ ᠶᠢᠨ ᠬᠦᠴᠦᠷᠬᠡᠭᠯᠡᠯ ᠶᠠᠪᠤᠭᠤᠯᠬᠤ᠂ ᠵᠠᠯᠠᠭᠤᠴᠤᠳ ᠤᠨ ᠬᠤᠷᠴᠠ  ᠰᠢᠷᠦᠬᠦᠨ ᠮᠦᠷᠬᠦᠯᠳᠦᠬᠡᠨ ᠵᠡᠷᠬᠡ ᠬᠡᠰᠡᠭ ᠦᠵᠡᠭᠳᠡᠯ ᠳᠤ ᠵᠠᠷᠢᠮ ᠦᠵᠡᠭᠴᠢᠳ ᠨᠢ ᠬᠢᠯᠢᠩᠨᠡᠨ ᠠᠭᠤᠷᠯᠠᠵᠦ᠂  ᠵᠠᠷᠢᠮ ᠨᠢ ᠨᠢᠯᠪᠤᠰᠤ ᠠᠰᠬᠠᠷᠠᠭᠤᠯᠵᠦ ᠪᠠᠶᠢᠯ᠎ᠠ᠃ ᠠᠶᠢᠮᠠᠭ ᠤᠨ ᠡᠪᠯᠡᠯ ᠤᠨ ᠬᠤᠷᠢᠶᠠᠨ ᠤ ᠬᠠᠰᠬᠤᠸᠠᠷ ︽ᠰᠢᠨ᠎ᠡ  ᠤᠷᠤᠬᠯᠠᠬᠰᠠᠨ ᠵᠠᠯᠠᠭᠤᠴᠤᠳ ᠤᠷᠤᠭ ᠬᠡᠷ ᠪᠦᠯᠢ ᠶᠢᠨ ᠲᠠᠯ ᠎ᠠ ᠳᠤ ᠤᠯᠠᠨ ᠠᠰᠠᠭᠤᠳᠠᠯ ᠤᠷᠤᠰᠢᠵᠦ ᠪᠤᠢ᠂ ᠬᠡᠷ  ᠪᠦᠯᠢ ᠶᠢᠨ ᠪᠦᠷᠢᠯᠳᠦᠬᠦᠨ ᠬᠤᠭᠤᠷᠤᠨᠳᠦ ᠪᠠᠨ ᠡᠶ᠎ᠡ ᠡᠪᠳᠠᠢ᠂ ᠬᠠᠷᠢᠯᠴᠠᠨ ᠬᠦᠨᠳᠦᠳᠬᠡᠵᠦ᠂ ᠬᠠᠷᠢᠯᠴᠠᠨ  ᠬᠠᠶᠢᠷᠠᠯᠠᠯᠴᠠᠵᠦ᠂ ᠡᠶ᠎ᠡ ᠨᠠᠶᠢᠷᠰᠠᠭ ᠵᠤᠯ ᠵᠢᠷᠭᠠᠯᠳᠤ ᠬᠡᠷ ᠪᠦᠯᠢ ᠶᠢ ᠴᠤᠭᠴᠠᠯᠠᠨ ᠪᠠᠶᠢᠭᠤᠯᠬᠤ ᠳᠤ ᠬᠦᠴᠦᠯᠡᠬᠦ  ᠬᠡᠷᠡᠭᠳᠠᠢ ᠬᠡᠳᠡᠭ ᠢ ᠮᠡᠳᠡᠯ᠎ᠡ︾ ᠬᠡᠵᠦ ᠶᠠᠷᠢᠵᠦ ᠪᠠᠶᠢᠯ᠎ᠠ᠃         ᠬᠡᠷᠡᠭ ᠤᠨ ᠵᠢᠱᠢᠶ᠎ᠡ ᠶᠢ ᠲᠤᠬᠠᠢ ᠶᠢᠨ ᠲᠠᠯᠠᠪᠤᠷ ᠲᠤ ᠲᠠᠭᠤᠷᠢᠶᠠᠨ ᠲᠤᠭᠯᠠᠵᠦ᠂ ᠲᠤᠰᠬᠠᠢ ᠮᠡᠷᠬᠡᠵᠢᠯᠳᠡᠨ ᠠᠴᠠ  ᠦᠨᠡᠯᠡᠨ ᠵᠠᠳᠠᠯᠤᠭᠰᠠᠨ ᠨᠢ ᠤᠤᠯ ᠤᠨ ᠬᠡᠷ ᠪᠦᠯᠢ ᠶᠢᠨ ᠵᠦᠷᠢᠴᠡᠯ ᠮᠦᠷᠬᠦᠯᠳᠦᠬᠡᠨ ᠤ ᠠᠰᠠᠭᠤᠳᠠᠯ ᠢ ᠶᠠᠷᠢᠯᠴᠠᠬᠤ ᠳᠤ  ᠵᠦᠪᠬᠡᠨ ᠬᠡᠯᠡᠵᠦ ᠶᠠᠷᠢᠵᠦ ᠪᠠᠶᠢᠭᠰᠠᠠ ᠢ ᠬᠤᠪᠢᠷᠠᠭᠤᠯᠵᠦ᠂ ᠬᠡᠯᠪᠡᠷᠢ ᠶᠢᠨ ᠬᠤᠪᠢ ᠳᠤ ᠨᠡᠩ ᠰᠢᠨ᠎ᠡ ᠰᠡᠪᠡᠬᠦᠨ ᠢᠶᠠᠷ  ᠥᠷᠬᠡᠨ ᠤᠯᠠᠨ ᠦᠵᠡᠭᠴᠢᠳ ᠤᠨ ᠦᠨᠡᠨ ᠪᠤᠳᠠᠳᠠᠢ ᠬᠡᠷᠡᠭ ᠤᠨ ᠵᠢᠱᠢᠶ᠎ᠡ ᠠᠴᠠ ᠤᠷᠤᠭ ᠬᠡᠷ ᠪᠦᠯᠢ ᠶᠢᠨ ᠵᠦᠷᠢᠴᠡᠯ  ᠮᠦᠷᠬᠦᠯᠳᠦᠬᠡᠨ ᠤ ᠠᠰᠠᠭᠤᠳᠠᠯ ᠤᠨ ᠡᠬᠦᠰᠦᠯ᠂ ᠬᠤᠤᠷ ᠬᠥᠨᠥᠬᠡᠯ ᠢ ᠤᠢᠢᠯᠠᠭᠠᠭᠤᠯᠵᠦ᠂ ᠬᠡᠷ ᠪᠦᠯᠢ ᠶᠢᠨ  ᠬᠦᠴᠦᠷᠬᠡᠭᠯᠡᠯ ᠤᠴᠠᠷᠠᠬᠤ ᠦᠶᠡᠰ ᠬᠡᠷᠬᠢᠨ ᠥᠪᠡᠷ ᠤᠨ ᠬᠠᠤᠯᠢ ᠶᠤᠰᠤᠨ ᠤ ᠡᠷᠬᠡ ᠠᠰᠢᠭ ᠢᠶᠠᠨ ᠬᠠᠮᠠᠭᠠᠯᠠᠬᠤ ᠵᠡᠷᠬᠡ  ᠪᠤᠳᠠᠳᠠᠢ ᠠᠷᠭ᠎ᠠ ᠬᠡᠮᠵᠢᠶ᠎ᠠ ᠶᠢ ᠨᠡᠩ ᠬᠦᠨᠵᠡᠬᠡᠢ ᠲᠠᠨᠢᠭᠤᠯᠵᠠᠢ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号