ᠡᠷᠤᠭᠡ ᠠᠮᠠ ᠶᠢᠨ ᠰᠢᠨ᠎ᠠ ᠳᠦᠷᠦ ᠶᠢᠨ ᠪᠤᠳᠤᠯᠭ᠎ᠠ ᠰᠢᠯᠢ ᠶᠢᠨ ᠬᠤᠳᠠ ᠳᠤ
ᠨᠡᠶᠢᠲᠡᠯᠡᠭᠰᠡᠨ ᠴᠠᠭ᠄
2016/7/16
   ᠳᠦᠷᠦ ᠶᠢᠨ ᠶᠠᠪᠤᠳᠠᠯ ᠤᠨ ᠬᠤᠷᠢᠶᠠᠨ ᠤ ︽ᠡᠷᠤᠭᠡ ᠠᠮᠠ ᠦᠭᠡᠢ ᠬᠦᠮᠦᠰ ᠤᠨ ᠡᠷᠤᠭᠡ ᠠᠮᠠ ᠶᠢ ᠤᠷᠤᠭᠤᠯᠬᠤ  ᠠᠰᠠᠭᠤᠳᠠᠯ ᠢ ᠰᠢᠢᠳᠪᠤᠷᠢᠯᠡᠬᠦ ᠲᠤᠬᠠᠢ ᠰᠠᠨᠠᠯ ᠤᠳ︾ ᠤᠨ ᠮᠡᠳᠡᠭᠳᠡᠯ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠬᠤ ᠶᠢᠨ  ᠲᠦᠯᠦᠭᠡ᠂ ᠰᠢᠯᠢ ᠶᠢᠨ ᠬᠤᠳᠠ ᠶᠢᠨ ᠲᠤᠳᠤᠭᠠᠳᠤ ᠶᠢ ᠬᠠᠮᠠᠭᠠᠯᠠᠬᠤ ᠲᠤᠪᠴᠢᠶ᠎ᠠ ᠡᠷᠤᠭᠡ ᠠᠮᠠ ᠶᠢᠨ  ᠬᠠᠮᠢᠶᠠᠷᠤᠯᠳᠠ ᠶᠢᠨ ᠤᠶᠢᠯᠡᠴᠢᠯᠡᠭᠡ ᠳᠤ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠵᠤᠭᠢᠴᠠᠭᠤᠯᠤᠨ ᠨᠡᠪᠳᠡᠷᠡᠯᠴᠡᠬᠦ  ᠠᠵᠢᠯ ᠢ ᠴᠢᠩᠭᠠᠳᠬᠠᠵᠦ᠂ ᠬᠦᠴᠦᠨ ᠪᠦᠬᠦᠢ ᠠᠷᠭ᠎ᠠ ᠬᠡᠮᠵᠢᠶ᠎ᠡ ᠠᠪᠴᠦ᠂ ᠲᠦᠯᠤᠪᠯᠡᠭᠡᠳᠤ ᠦᠷᠡᠵᠢᠯ ᠤᠨ ᠪᠤᠰᠤ  ᠰᠠᠶ᠋ᠢ ᠲᠦᠷᠦᠭᠰᠡᠨ ᠭᠡᠤᠭᠡᠳ ᠤᠨ ᠡᠷᠤᠭᠡ ᠠᠮᠠ ᠶᠢ ᠤᠷᠤᠭᠤᠯᠬᠤ ᠠᠰᠠᠭᠤᠳᠠᠯ ᠢ ᠭᠠᠷᠳᠠᠨ ᠰᠢᠢᠳᠪᠤᠷᠢᠯᠡᠵᠦ ᠪᠠᠶᠢᠨ᠎ᠠ᠃         ᠨᠢᠭᠡ ᠳᠤ ᠲᠦᠯᠤᠪᠯᠡᠭᠡᠳᠤ ᠦᠷᠡᠵᠢᠯ ᠤᠨ ᠲᠦᠷᠤ ᠶᠢᠨ ᠪᠤᠳᠤᠯᠭ᠎ᠠ ᠳᠤ ᠨᠡᠶᠢᠴᠡᠭᠰᠡᠨ ᠰᠠᠶ᠋ᠢ ᠲᠦᠷᠦᠭᠰᠡᠨ  ᠬᠡᠤᠭᠡᠳ ᠤᠨ ᠡᠷᠤᠭᠡ ᠠᠮᠠ ᠶᠢ ᠤᠷᠤᠭᠤᠯᠬᠤ ᠦᠶᠡᠰ᠂ ᠤᠭ ᠤᠨ ᠪᠠᠶᠢᠭᠰᠠᠨ ᠭᠠᠷ ᠬᠦᠢᠴᠡᠳᠭᠡᠯ ᠢ ᠲᠦᠭᠦᠮᠴᠢᠯᠡᠵᠦ᠂ ᠡᠷᠡᠬᠦᠯ ᠬᠠᠮᠠᠭᠠᠯᠠᠯ ᠲᠦᠯᠤᠪᠯᠡᠭᠡᠳᠤ ᠦᠷᠡᠵᠢᠯ ᠤᠨ ᠵᠦᠪᠯᠡᠯ ᠤᠨ ︽ᠭᠤᠷᠪᠠᠨ ᠬᠤᠯᠪᠤᠭ᠎ᠠ ᠪᠠᠷᠢᠮᠳᠠ︾ ᠶᠢ  ᠦᠭᠡᠶᠢᠰᠭᠡᠵᠠᠢ᠃            ᠬᠤᠶᠠᠷ ᠲᠤ ᠲᠦᠯᠤᠪᠯᠡᠭᠡᠳᠤ ᠦᠷᠡᠵᠢᠯ ᠤᠨ ᠲᠦᠷᠦ ᠶᠢᠨ ᠪᠤᠳᠤᠯᠭ᠎ᠠ ᠳᠤ ᠦᠯᠦ ᠨᠡᠶᠢᠴᠡᠬᠦ ᠰᠠᠶ᠋ᠢ ᠲᠦᠷᠦᠭᠰᠡᠨ  ᠬᠡᠤᠭᠡᠳ ᠲᠤ ᠡᠷᠤᠭᠡ ᠠᠮᠠ ᠤᠷᠤᠭᠤᠯᠬᠤ ᠳᠤ ᠰᠠᠶᠢᠨ ᠲᠤᠷ᠎ᠠ ᠠᠴᠠ ᠪᠠᠨ ᠡᠴᠢᠭᠡ ᠡᠭᠡ ᠠᠯᠢ ᠨᠢᠭᠡ ᠲᠠᠯ᠎ᠠ ᠶᠢ ᠨᠢ  ᠴᠦ ᠲᠠᠭᠠᠵᠦ ᠡᠷᠤᠭᠡ ᠠᠮᠠ ᠤᠷᠤᠭᠤᠯᠵᠦ ᠪᠤᠯᠬᠤ ᠲᠦᠷᠦ ᠶᠢᠨ ᠪᠤᠳᠤᠯᠭ᠎ᠠ ᠶᠤᠰᠤᠭᠠᠷ᠂ ᠲᠤᠰ ᠬᠦᠮᠦᠨ ᠪᠤᠶᠤ  ᠲᠡᠭᠦᠨ ᠤ ᠬᠠᠷᠠᠭᠠᠯᠵᠠᠨ ᠬᠠᠮᠠᠭᠠᠯᠠᠭᠴᠢ ᠠᠴᠠ ︽ᠲᠦᠷᠤᠯᠳᠡ ᠶᠢᠨ ᠠᠨᠠᠭᠠᠬᠤ ᠤᠬᠠᠭᠠᠨ ᠤ ᠬᠡᠷᠡᠴᠢ︾ ᠪᠠ ᠡᠴᠢᠭᠡ  ᠡᠭᠡ ᠶᠢᠨ ᠨᠢᠭᠡ ᠲᠠᠯ᠎ᠠ ᠶᠢᠨ ᠰᠠᠭᠤᠭᠠᠯᠢ ᠠᠷᠠᠳ ᠤᠨ ᠡᠷᠤᠭᠡ ᠠᠮᠠ ᠶᠢᠨ ᠲᠡᠪᠳᠡᠷ᠂ ᠤᠷᠤᠭ ᠤᠨ ᠪᠠᠳᠤᠯᠠᠪᠤᠷᠢ ︵ ᠪᠤᠶᠤ ᠤᠷᠤᠭᠯᠠᠭ᠎ᠠ ᠦᠭᠡᠢ ᠪᠠᠷ ᠲᠦᠷᠦᠭᠰᠡᠨ ᠲᠤᠳᠤᠷᠬᠠᠶᠢᠯᠠᠯᠳᠠ︶ ᠪᠠᠨ ᠠᠪᠴᠦ᠂ ᠪᠠᠶᠢᠩᠭᠤ ᠰᠠᠭᠤᠭ᠎ᠠ ᠡᠷᠤᠭᠡ  ᠠᠮᠠ ᠳᠤ ᠲᠡᠮᠳᠡᠭᠯᠡᠬᠦᠯᠬᠦ ᠭᠤᠶᠤᠴᠢᠯᠠᠯ ᠭᠠᠷᠭᠠᠨ᠎ᠠ᠃ ᠬᠡᠷᠪᠡ ᠠᠪᠤ ᠪᠠᠨ ᠲᠠᠭᠠᠵᠦ ᠡᠷᠤᠭᠡ ᠠᠮᠠ ᠤᠷᠤᠭᠤᠯᠬᠤ  ᠴᠢᠬᠤᠯᠠᠳᠠᠢ ᠤᠷᠤᠭᠯᠠᠭ᠎ᠠ ᠦᠭᠡᠢ ᠪᠠᠷ ᠰᠠᠶ᠋ᠢ ᠲᠦᠷᠦᠭᠰᠡᠨ ᠭᠡᠤᠭᠡᠳ ᠨᠢ ᠬᠢᠷᠢ ᠭᠡᠮ ᠤᠨ ᠪᠠᠳᠤᠯᠠᠭ᠎ᠠ ᠲᠠᠢ ᠰᠢᠯᠭᠠᠨ  ᠲᠤᠭᠳᠠᠭᠠᠬᠤ ᠪᠠᠶᠢᠭᠤᠯᠤᠮᠵᠢ ᠠᠴᠠ ᠭᠠᠷᠭᠠᠭᠰᠠᠨ ︽ᠲᠦᠷᠦᠭᠰᠡᠨ ᠭᠡᠤᠭᠡᠳ ᠤᠨ ᠰᠢᠯᠭᠠᠨ ᠲᠤᠭᠳᠠᠭᠠᠯᠳᠠ ᠶᠢᠨ ᠬᠡᠷᠡᠴᠢ  ︾ ᠬᠠᠩᠭᠠᠬᠤ ᠶᠢᠨ ᠬᠠᠮᠳᠤ ᠬᠠᠷᠢᠶ᠎ᠠ ᠲᠤᠭᠤᠷᠢᠭ ᠤᠨ ᠲᠤᠮᠢᠯᠠᠭᠰᠠᠨ ᠰᠠᠯᠪᠤᠷᠢ ᠪᠠᠷ ᠢᠶᠠᠨ ᠬᠢᠨᠠᠨ ᠮᠠᠭᠠᠳᠯᠠᠯᠳᠠ  ᠬᠢᠯᠭᠡᠵᠦ᠂ ᠪᠠᠶᠢᠩᠭᠤ ᠰᠠᠭᠤᠭ᠎ᠠ ᠡᠷᠤᠭᠡ ᠠᠮᠠ ᠳᠤ ᠲᠡᠮᠳᠡᠭᠯᠡᠬᠦᠯᠬᠦ ᠪᠠᠷ ᠭᠤᠶᠤᠴᠢᠯᠡᠵᠦ ᠪᠤᠯᠤᠨ᠎ᠠ᠃         ᠭᠤᠷᠪᠠ ᠳᠤ ︽ᠲᠦᠷᠤᠯᠳᠡ ᠶᠢᠨ ᠠᠨᠠᠭᠠᠬᠤ ᠤᠬᠠᠭᠠᠨ ᠤ ᠬᠡᠷᠡᠴᠢ︾ ᠦᠭᠡᠢ ᠰᠠᠶ᠋ᠢ ᠲᠦᠷᠦᠭᠰᠡᠨ ᠬᠡᠤᠭᠡᠳ ᠨᠢ  ᠡᠷᠤᠭᠡ ᠠᠮᠠ ᠤᠷᠤᠭᠤᠯᠬᠤ ᠳᠠᠭᠠᠨ ᠭᠡᠷᠪᠡ ᠲᠦᠷᠤᠬᠦ ᠳᠤ ᠲᠤᠰᠠᠯᠠᠬᠤ ᠪᠠᠶᠢᠭᠤᠯᠤᠮᠵᠢ ︵ᠵᠢᠱᠢᠶᠡᠯᠡᠪᠠᠯ ᠡᠮᠨᠡᠯᠭᠡ ᠶᠢᠨ  ᠬᠤᠷᠢᠶ᠎ᠠ︶ ᠳᠤ ᠲᠦᠷᠦᠭᠰᠡᠨ ᠪᠠᠶᠢᠪᠠᠯ᠂ ᠲᠤᠰ ᠬᠦᠮᠦᠨ ᠪᠤᠶᠤ ᠲᠡᠬᠦᠨ ᠤ ᠬᠠᠷᠠᠭᠠᠯᠵᠠᠨ ᠬᠠᠮᠠᠭᠠᠯᠠᠭᠴᠢ ᠨᠢ ︽ ᠲᠦᠷᠤᠯᠳᠡ ᠶᠢᠨ ᠠᠨᠠᠭᠠᠬᠤ ᠤᠬᠠᠭᠠᠨ ᠤ ᠬᠡᠷᠡᠴᠢ︾ ᠬᠢᠯᠭᠡᠵᠦ ᠪᠤᠯᠤᠨ᠎ᠠ᠃ ᠬᠡᠷᠪᠡ ᠡᠮᠨᠡᠯᠭᠡ ᠶᠢᠨ ᠬᠤᠷᠢᠶᠠᠨ ᠠᠴᠠ  ᠭᠠᠳᠠᠨ᠎ᠠ ᠲᠦᠷᠦᠭᠰᠡᠨ ᠪᠠᠶᠢᠪᠠᠯ ᠲᠤᠰ ᠬᠦᠮᠦᠨ ᠪᠤᠶᠤ ᠲᠡᠭᠦᠨ ᠤ ᠬᠠᠷᠠᠭᠠᠯᠵᠠᠨ ᠬᠠᠮᠠᠭᠠᠯᠠᠭᠴᠢ ᠨᠢ ᠬᠢᠷᠢ ᠭᠡᠮ ᠤᠨ  ᠪᠠᠳᠤᠯᠠᠭ᠎ᠠ ᠲᠠᠢ ᠰᠢᠯᠭᠠᠨ ᠲᠤᠭᠳᠠᠭᠠᠬᠤ ᠪᠠᠶᠢᠭᠤᠯᠤᠮᠵᠢ ᠪᠠᠷ ︽ᠲᠦᠷᠦᠭᠰᠡᠨ ᠭᠡᠤᠭᠡᠳ ᠤᠨ ᠰᠢᠯᠭᠠᠨ  ᠲᠤᠭᠳᠠᠭᠠᠯᠳᠠ ᠶᠢᠨ ᠬᠡᠷᠡᠴᠢ︾ ᠬᠢᠯᠭᠡᠵᠦ᠂ ᠡᠴᠢᠭᠡ ᠡᠬᠡ ᠶᠢᠨ ᠡᠷᠤᠭᠡ ᠠᠮᠠ ᠪᠠᠶᠢᠭ᠎ᠠ ᠭᠠᠵᠠᠷ ᠤᠨ ᠬᠤᠰᠢᠭᠤ ᠰᠢᠶᠠᠨ  ᠱᠠᠳᠤᠨ ᠤ ᠡᠷᠡᠭᠦᠯ ᠬᠠᠮᠠᠭᠠᠯᠠᠯ ᠲᠦᠯᠦᠪᠯᠡᠭᠡᠳᠤ ᠦᠷᠡᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠢ ᠨᠠᠶᠢᠳᠠᠵᠦ ︽ ᠲᠦᠷᠤᠯᠳᠠ ᠶᠢᠨ ᠠᠨᠠᠭᠠᠬᠤ ᠤᠬᠠᠭᠠᠨ ᠤ ᠭᠡᠷᠡᠴᠢ︾ ᠭᠤᠶᠤᠴᠢᠯᠠᠨ᠎ᠠ᠃ ᠲᠡᠬᠢᠨ ᠲᠤᠰ ᠬᠦᠮᠦᠨ ᠪᠤᠶᠤ ᠲᠡᠭᠦᠨ ᠤ  ᠬᠠᠷᠠᠭᠠᠯᠵᠠᠨ ᠬᠠᠮᠠᠭᠠᠯᠠᠭᠴᠢ ᠠᠴᠠ ︽ᠲᠦᠷᠤᠯᠳᠠ ᠶᠢᠨ ᠠᠨᠠᠭᠠᠬᠤ ᠤᠬᠠᠭᠠᠨ ᠤ ᠭᠡᠷᠡᠴᠢ︾ ᠬᠢᠭᠡᠳ ᠡᠴᠢᠭᠡ  ᠡᠭᠡ ᠶᠢᠨ ᠨᠢᠭᠡ ᠲᠠᠯ᠎ᠠ ᠶᠢᠨ ᠰᠠᠭᠤᠭᠠᠯᠢ ᠠᠷᠠᠳ ᠤᠨ ᠡᠷᠤᠭᠡ ᠠᠮᠠ ᠶᠢᠨ ᠲᠡᠪᠳᠡᠷ᠂ ᠤᠷᠤᠭ ᠤᠨ ᠪᠠᠳᠤᠯᠠᠪᠤᠷᠢ ︵ ᠪᠤᠶᠤ ᠤᠷᠤᠭᠯᠠᠭ᠎ᠠ ᠦᠭᠡᠢ ᠪᠠᠷ ᠲᠦᠷᠦᠭᠰᠡᠨ ᠲᠤᠳᠤᠷᠬᠠᠶᠢᠯᠠᠯᠳᠠ︶ ᠪᠠᠨ ᠠᠪᠴᠦ᠂ ᠪᠠᠶᠢᠩᠭᠤ ᠰᠠᠭᠤᠭ᠎ᠠ ᠬᠦᠮᠦᠨ  ᠠᠮᠠ ᠳᠤ ᠲᠡᠮᠳᠡᠭᠯᠡᠬᠦᠯᠬᠦ ᠪᠠᠷ ᠭᠤᠶᠤᠴᠢᠯᠠᠵᠦ ᠪᠤᠯᠤᠨ᠎ᠠ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ 
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号