︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠤ ᠮᠠᠨ ᠤ ᠤᠷᠤᠨ ᠤ ᠠᠵᠥ ᠠᠬᠤᠢ  ᠨᠡᠶᠢᠭᠡᠮ ᠤᠨ ᠬᠦᠭᠵᠢᠯᠳᠡ ᠶᠢᠨ ᠭᠤᠤᠯ ᠬᠠᠷᠠᠯᠳᠡ
ᠨᠡᠶᠢᠲᠡᠯᠡᠭᠰᠡᠨ ᠴᠠᠭ᠄
2016/7/16
   ᠨᠢᠬᠡ᠂ ᠠᠵᠥ ᠠᠬᠤᠢ ᠶᠢᠨ ᠨᠡᠯᠢᠶᠡᠳ ᠲᠦᠷᠭᠡᠨ ᠪᠤᠶᠤ ᠲᠦᠷᠭᠡᠨ ᠨᠡᠮᠡᠭᠳᠡᠯ ᠢ ᠪᠠᠳᠤᠯᠠᠨ᠎ᠠ        1. ᠪᠡᠯᠡ ᠤᠷᠤᠭᠤᠯᠤᠯᠳᠠ ᠶᠢᠨ ᠬᠡᠪᠴᠢᠶ᠎ᠡ ᠪᠠᠨ ᠦᠷᠭᠡᠳᠭᠡᠵᠥ᠂ ᠪᠦᠳᠦᠴᠡ ᠶᠢ ᠰᠢᠯᠢᠳᠡᠭᠵᠢᠬᠦᠯᠵᠥ᠂ ᠦᠷ᠎ᠡ  ᠠᠰᠢᠭ ᠢ ᠲᠡᠭᠡᠭᠰᠢᠯᠡᠬᠦᠯᠵᠥ᠂ ᠬᠡᠷᠡᠭᠯᠡᠭᠡ ᠶᠢᠨ ᠠᠵᠥ ᠠᠬᠤᠢ ᠶᠢᠨ ᠨᠡᠮᠡᠭᠳᠡᠯ ᠳᠤ ᠦᠵᠡᠬᠦᠯᠬᠦ ᠬᠤᠪᠢ ᠨᠡᠮᠡᠷᠢ ᠶᠢ  ᠢᠯᠡᠳᠳᠡ ᠲᠡᠭᠡᠭᠰᠢᠯᠡᠬᠦᠯᠵᠥ᠂ ᠭᠠᠳᠠᠭᠠᠳᠤ ᠭᠠᠷᠭᠠᠯᠳᠡ ᠶᠢᠨ ᠠᠵᠥ ᠠᠬᠤᠢ ᠶᠢᠨ ᠨᠡᠮᠡᠭᠳᠡᠯ ᠢ ᠠᠬᠢᠭᠤᠯᠬᠤ  ᠦᠢᠯᠡᠳᠤᠯ ᠢ ᠴᠢᠩᠭᠠᠷᠠᠭᠤᠯᠤᠨ᠎ᠠ᠃        2. ᠬᠠᠩᠭᠠᠯᠭ᠎ᠠ ᠶᠢᠨ ᠬᠡᠪᠴᠢᠶ᠎ᠡ ᠶᠢ ᠦᠷᠭᠡᠳᠭᠡᠵᠥ᠂ ᠶᠠᠰᠤ ᠴᠢᠨᠠᠷ ᠢ ᠰᠠᠶᠢᠵᠢᠷᠠᠭᠤᠯᠤᠨ᠎ᠠ᠃        3. ᠰᠠᠭᠤᠷᠢ ᠲᠦᠬᠦᠭᠡᠷᠤᠮᠵᠢ ᠶᠢᠨ ᠰᠢᠰᠲ᠋ᠧᠮ ᠢ ᠨᠡᠩ ᠲᠡᠬᠦᠯᠳᠡᠷᠵᠢᠬᠦᠯᠥᠨ᠎ᠡ᠃        4. ᠬᠦᠭᠵᠢᠯᠳᠡ ᠶᠢᠨ ᠴᠢᠨᠠᠷ ᠴᠢᠨᠰᠠᠭ᠎ᠠ ᠪᠤᠯᠤᠨ ᠦᠷ᠎ᠡ ᠠᠰᠢᠭ ᠢ ᠲᠡᠭᠡᠭᠰᠢᠯᠡᠬᠦᠯᠵᠥ᠂ ᠤᠯᠠᠨ ᠨᠡᠶᠢᠳᠡ ᠶᠢᠨ  ᠡᠳ᠋ ᠤᠨ ᠵᠠᠰᠠᠭ ᠤᠨ ᠲᠦᠰᠦᠪ ᠤᠨ ᠤᠷᠤᠯᠭ᠎ᠠ᠂ ᠠᠵᠥ ᠠᠬᠤᠢᠢᠯᠠᠯ ᠤᠨ ᠠᠰᠢᠭ ᠤᠯᠵᠠᠪᠤᠷᠢ ᠶᠢ ᠲᠤᠭᠳᠠᠭᠤᠨ ᠢᠶᠠᠷ  ᠲᠡᠭᠡᠭᠰᠢᠯᠡᠬᠦᠯᠵᠥ ᠂ ᠪᠠᠷᠠᠭᠠᠨ ᠤ ᠦᠨ᠎ᠡ ᠶᠢ ᠵᠤᠬᠢᠰᠳᠠᠢ ᠤᠷᠤᠨ ᠵᠠᠢ ᠳᠤ ᠪᠠᠶᠢᠯᠭᠠᠵᠥ᠂ ᠭᠤᠤᠯ ᠪᠤᠯᠬᠤ ᠠᠵᠥ  ᠠᠬᠤᠢ ᠶᠢᠨ ᠬᠦᠢᠴᠡᠳᠭᠡᠬᠦ ᠲᠤᠭ᠎ᠠ ᠶᠢ ᠲᠡᠩᠴᠡᠬᠦᠷᠢᠳᠡᠢ ᠵᠤᠬᠢᠴᠠᠩᠭᠤᠢ ᠪᠠᠶᠢᠯᠭᠠᠨ᠎ᠠ᠃        ᠬᠤᠶᠠᠷ᠂ ᠠᠵᠥ ᠠᠬᠤᠢ ᠶᠢᠨ ᠬᠦᠭᠵᠢᠯᠳᠡ ᠶᠢᠨ ᠠᠷᠭ᠎ᠠ ᠬᠡᠯᠪᠡᠷᠢ ᠪᠠᠨ ᠬᠤᠪᠢᠷᠠᠭᠤᠯᠬᠤ ᠲᠠᠯ᠎ᠠ ᠪᠠᠷ ᠴᠢᠬᠤᠯᠠ  ᠰᠢᠪᠳᠤᠯᠤᠯᠳᠠ ᠲᠠᠢ ᠪᠤᠯᠤᠨ᠎ᠠ        1. ᠠᠵᠥ ᠦᠢᠯᠡᠰ ᠤᠨ ᠬᠦᠭᠵᠢᠯᠳᠡ ᠶᠢ ᠲᠤᠮᠳᠠ ᠲᠡᠭᠡᠳᠤ ᠲᠦᠪᠰᠢᠨ ᠲᠡᠰᠢ ᠠᠬᠢᠭᠤᠯᠵᠥ᠂ ᠤᠯᠠᠨ ᠡᠰᠢᠵᠢᠨ  ᠬᠦᠭᠵᠢᠵᠥ ᠤᠯᠠᠨ ᠲᠦᠢᠯ ᠢᠶᠠᠷ ᠲᠤᠯᠭᠠᠭᠤᠷᠢᠯᠠᠭᠰᠠᠠ ᠤᠳᠤ ᠦᠶ᠎ᠠ ᠶᠢᠨ ᠠᠵᠥ ᠦᠢᠯᠡᠰ ᠤᠨ ᠰᠢᠰᠲ᠋ᠧᠮ ᠢ  ᠪᠦᠷᠢᠯᠳᠦᠬᠦᠯᠥᠨ᠎ᠡ᠃        2. ︽ᠲᠠᠪᠤᠨ ᠶᠡᠭᠡ ᠰᠠᠭᠤᠷᠢᠨ ︾ ᠤ ᠪᠦᠳᠦᠭᠡᠨ ᠪᠠᠶᠢᠭᠤᠯᠤᠯᠳᠠ ᠶᠢ ᠬᠦᠨᠵᠡᠬᠡᠢ ᠠᠬᠢᠭᠤᠯᠵᠥ᠂ ᠡᠬᠢ ᠪᠠᠶᠠᠯᠢᠭ ᠢ  ᠶᠡᠷᠤᠩᠬᠡᠶᠢᠯᠡᠨ ᠠᠰᠢᠬᠯᠠᠬᠤ ᠨᠤᠷᠮ᠎ᠠ ᠪᠤᠯᠤᠨ ᠨᠠᠷᠢᠯᠢᠭ ᠡᠳ᠋ᠰᠢᠬᠦᠯᠬᠦ ᠬᠡᠮᠵᠢᠶ᠎ᠠ ᠶᠢ ᠲᠡᠭᠡᠭᠰᠢᠯᠡᠬᠦᠯᠥᠨ᠎ᠡ᠃        3. ᠰᠢᠨᠵᠢᠯᠡᠬᠦ ᠤᠬᠠᠭᠠᠨ ᠮᠡᠷᠭᠡᠵᠢᠯ ᠤᠨ ᠠᠵᠥ ᠠᠬᠤᠢ ᠶᠢᠨ ᠨᠡᠮᠡᠭᠳᠡᠯ ᠳᠠᠬᠢ ᠬᠤᠪᠢ ᠨᠡᠮᠡᠷᠢ ᠶᠢᠨ ᠨᠤᠷᠮ᠎ᠠ ᠶᠢ  ᠲᠡᠭᠡᠭᠰᠢᠯᠡᠬᠦᠯᠵᠥ᠂ ᠰᠢᠨ᠎ᠡ ᠶᠢ ᠡᠬᠦᠳᠬᠦ ᠪᠠᠷ ᠬᠦᠳᠡᠯᠭᠡᠬᠦᠷ ᠪᠤᠯᠭᠠᠭᠰᠠᠠ ᠬᠦᠭᠵᠢᠯᠳᠡ ᠶᠢᠨ ᠪᠠᠶᠢᠷᠢᠰᠢᠯ ᠢ ᠠᠩᠬ᠎ᠠ  ᠠᠯᠬᠤᠮ ᠪᠦᠷᠢᠯᠳᠦᠬᠦᠯᠥᠨ᠎ᠡ᠃        4. ᠬᠤᠳᠠ ᠪᠠᠯᠭᠠᠰᠤᠵᠢᠯᠳᠠ ᠶᠢᠨ ᠠᠭᠤᠯᠬᠤᠨ ᠢ ᠬᠦᠭᠵᠢᠬᠦᠯᠵᠥ᠂ ᠬᠤᠳᠠ ᠬᠦᠳᠡᠭᠡ ᠵᠤᠬᠢᠴᠠᠩᠭᠤᠢ ᠪᠠᠷ  ᠬᠦᠭᠵᠢᠬᠦ ᠪᠠᠶᠢᠷᠢᠰᠢᠯ ᠢ ᠦᠨᠳᠦᠰᠦᠨ ᠳᠡᠭᠡᠨ ᠪᠦᠷᠢᠯᠳᠦᠬᠦᠯᠥᠨ᠎ᠡ᠃        5. ᠦᠢᠯᠡᠳᠪᠤᠷᠢᠯᠡᠯ ᠤᠨ ᠬᠦᠴᠦᠨ ᠤ ᠲᠠᠷᠬᠠᠴᠠ ᠶᠢ ᠰᠢᠯᠢᠳᠡᠭᠵᠢᠬᠦᠯᠵᠥ᠂ ᠤᠷᠤᠨ ᠪᠦᠰᠡ ᠶᠢᠨ  ᠬᠦᠭᠵᠢᠯᠳᠡ ᠶᠢᠨ ᠵᠤᠬᠢᠴᠠᠩᠭᠤᠢ ᠴᠢᠨᠠᠷ ᠢ ᠲᠠᠰᠤᠷᠠᠯᠳᠡ ᠦᠭᠡᠢ ᠲᠡᠭᠡᠭᠰᠢᠯᠡᠬᠦᠯᠥᠨ᠎ᠡ᠃        ᠭᠤᠷᠪᠠ᠂ ᠠᠷᠠᠳ ᠤᠨ ᠠᠮᠢᠳᠤᠷᠠᠯ ᠤᠨ ᠲᠦᠪᠰᠢᠨ ᠪᠤᠯᠤᠨ ᠴᠢᠨᠠᠷ ᠴᠢᠨᠰᠠᠭ᠎ᠠ ᠶᠢ ᠨᠡᠶᠢᠳᠡᠮ ᠲᠡᠭᠡᠭᠰᠢᠯᠡᠬᠦᠯᠥᠨ᠎ᠡ        1. ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠤᠷᠤᠯᠭ᠎ᠠ ᠶᠢ ᠪᠦᠬᠦ ᠤᠯᠤᠰ ᠤᠨ ᠲᠤᠮᠳᠠᠴᠢ ᠲᠦᠪᠰᠢᠨ ᠳᠤ  ᠬᠦᠷᠭᠡᠨ᠎ᠠ᠃        2. ᠤᠯᠤᠰ ᠤᠨ ᠤᠳᠤ ᠶᠢᠨ ᠬᠡᠷᠡᠭᠵᠢᠬᠦᠯᠵᠥ ᠪᠦᠬᠦᠢ ᠪᠠᠷᠢᠮᠵᠢᠶ᠎ᠠ ᠠᠴᠠ ᠲᠤᠤᠷ᠎ᠠ ᠪᠠᠶᠢᠭ᠎ᠠ ᠶᠠᠳᠠᠭᠤ  ᠬᠦᠴᠢᠷᠳᠡᠯᠳᠡᠢ ᠬᠦᠮᠥᠨ ᠠᠮᠠ ᠶᠢ ᠶᠠᠳᠠᠭᠤ ᠠᠴᠠ ᠠᠩᠬᠢᠵᠢᠷᠠᠭᠤᠯᠵᠥ᠂ ᠶᠠᠳᠠᠭᠤ ᠬᠦᠴᠢᠷᠳᠡᠯᠳᠡᠢ ᠬᠤᠰᠢᠭᠤ ᠰᠢᠶᠠᠨ ᠢ  ᠪᠦᠬᠦᠨ ᠢ ᠶᠠᠳᠠᠭᠤ ᠠᠴᠠ ᠠᠩᠬᠢᠵᠢᠷᠠᠭᠤᠯᠵᠥ᠂ ᠤᠷᠤᠨ ᠲᠤᠭᠤᠷᠢᠭ ᠤᠨ ᠴᠢᠨᠠᠷᠳᠠᠢ ᠪᠦᠬᠦᠯᠢ ᠴᠤᠭᠴᠠ ᠪᠠᠷ ᠢᠶᠠᠨ  ᠶᠠᠳᠠᠭᠤ ᠬᠦᠴᠢᠷᠳᠡᠯᠳᠡᠢ ᠠᠰᠠᠭᠤᠳᠠᠯ ᠢ ᠰᠢᠢᠳᠪᠤᠷᠢᠯᠡᠨ᠎ᠡ᠃        ᠳᠦᠷᠪᠠ᠂ ᠠᠷᠠᠳ ᠢᠷᠭᠡᠳ ᠤᠨ ᠬᠡᠪ ᠪᠤᠯᠪᠠᠰᠤᠷᠠᠯ ᠪᠠ ᠨᠡᠶᠢᠭᠡᠮ ᠤᠨ ᠪᠤᠯᠪᠠᠰᠤᠨ ᠤ ᠲᠦᠪᠰᠢᠨ ᠢ ᠮᠡᠳᠡᠭᠳᠡᠮ᠎ᠡ  ᠲᠡᠭᠡᠭᠰᠢᠯᠡᠬᠦᠯᠥᠨ᠎ᠡ        ᠳᠠᠪᠤ᠂ ᠠᠮᠢ ᠠᠬᠤᠢ ᠶᠢᠨ ᠤᠷᠴᠢᠨ ᠲᠤᠭᠤᠷᠢᠨ ᠤ ᠴᠢᠨᠠᠷ ᠴᠢᠨᠰᠠᠭ᠎ᠠ ᠶᠢ ᠦᠷᠬᠦᠯᠵᠢᠯᠡᠨ ᠰᠠᠶᠢᠵᠢᠷᠠᠭᠤᠯᠤᠨ᠎ᠠ     ᠵᠢᠷᠭᠤᠭ᠎ᠠ᠂ ᠡᠯ᠎ᠡ ᠲᠠᠯ᠎ᠠ ᠶᠢᠨ ᠪᠠᠶᠢᠭᠤᠯᠤᠮᠵᠢ ᠲᠤᠭᠳᠠᠴᠠ ᠶᠢ ᠪᠦᠷᠢᠠᠰᠢᠬᠦᠯᠥᠨ ᠲᠡᠬᠦᠯᠳᠡᠷᠵᠢᠬᠦᠯᠥᠨ᠎ᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号