ᠦᠪᠦᠷ ᠮᠤᠩᠭᠤᠯ ᠤᠨ ᠰᠢᠨ᠎ᠡ ᠲᠦᠷᠦ ᠶᠢᠨ ᠪᠤᠳᠤᠯᠭ᠎ᠠ᠄ ᠬᠦᠨᠳᠦ ᠡᠪᠡᠳᠴᠢᠨ ᠤ ᠳᠠᠭᠠᠳᠬᠠᠯ ᠢ ᠨᠢᠭᠡ  ᠦᠷᠳᠡᠭᠡ ᠮᠠᠶ᠋ᠢᠭ ᠢᠶᠠᠷ ᠲᠠᠩᠰᠠ ᠴᠠᠶᠢᠷᠠᠭᠤᠯᠵᠦ ᠦᠭᠬᠦ ᠲᠦᠷᠢᠮ ᠢ ᠪᠦᠬᠦ ᠲᠠᠯ᠎ᠠ ᠪᠠᠷ ᠬᠡᠷᠡᠭᠵᠢᠭᠦᠯᠦᠨ᠎ᠡ
ᠨᠡᠶᠢᠲᠡᠯᠡᠭᠰᠡᠨ ᠴᠠᠭ᠄
2016/7/16
   3 ᠰᠠᠷ᠎ᠠ ᠶᠢᠨ 1 ᠤ ᠡᠳᠦᠷ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ︽2016 ᠤᠨ ᠤ  ᠰᠢᠨ᠎ᠡ ᠮᠠᠶ᠋ᠢᠭ ᠤᠨ ᠬᠦᠳᠡᠭᠡ ᠲᠤᠰᠬᠤᠨ ᠮᠠᠯᠵᠢᠬᠤ ᠤᠷᠤᠨ ᠤ ᠬᠤᠷᠰᠢᠭᠰᠠᠨ ᠡᠮᠨᠡᠯᠭᠡ ᠶᠢᠨ ᠨᠦᠬᠦᠪᠦᠷᠢ ᠦᠭᠬᠦ  ᠠᠷᠭ᠎ᠠ ᠶᠢᠨ ᠵᠢᠯᠤᠭᠤᠳᠬᠤ ᠰᠠᠨᠠᠯ︾ ᠢ ᠭᠠᠷᠭᠠᠵᠦ᠂ ᠬᠦᠨᠳᠦ ᠡᠪᠡᠳᠴᠢᠨ ᠤ ᠳᠠᠭᠠᠳᠬᠠᠯ ᠢ ᠨᠢᠭᠡ ᠦᠷᠳᠡᠭᠡ  ᠮᠠᠶ᠋ᠢᠭ ᠢᠶᠠᠷ ᠲᠠᠩᠰᠠ ᠴᠠᠶᠢᠷᠠᠭᠤᠯᠵᠦ ᠦᠭᠬᠦ ᠶᠢ ᠪᠦᠬᠦ ᠲᠠᠯ᠎ᠠ ᠪᠠᠷ ᠬᠡᠷᠡᠭᠵᠢᠭᠦᠯᠬᠦ ᠪᠠᠷ ᠪᠠᠶᠢᠨ᠎ᠡ᠃ 2016 ᠤᠨ ᠳᠤ  ᠰᠢᠨ᠎ᠡ ᠮᠠᠶ᠋ᠢᠭ ᠤᠨ ᠬᠤᠷᠰᠢᠭᠰᠠᠨ ᠡᠮᠨᠡᠯᠭᠡ ᠳᠤ ᠬᠤᠪᠢ ᠬᠦᠮᠦᠨ ᠰᠦᠢᠳᠬᠡᠯ ᠲᠤᠰᠢᠶᠠᠬᠤ ᠳᠤ 120  ᠲᠦᠭᠦᠷᠢᠭ ᠠᠴᠠ ᠲᠤᠤᠷ᠎ᠠ ᠪᠠᠶᠢᠵᠦ ᠪᠤᠯᠬᠤ ᠦᠭᠡᠢ᠂ ᠡᠯ᠎ᠡ ᠱᠠᠳᠤᠨ ᠤ ᠡᠳ᠋ ᠤᠨ ᠵᠠᠰᠠᠭ ᠠᠴᠠ ᠤᠯᠤᠰ ᠪᠤᠯᠤᠨ  ᠦᠪᠡᠷᠳᠡᠭᠡᠨ ᠵᠠᠰᠠᠬᠤ ᠤᠷᠤᠨ ᠤ ᠱᠠᠭᠠᠷᠳᠠᠯᠭ᠎ᠠ ᠶᠤᠰᠤᠭᠠᠷ ᠲᠠᠷᠤᠶᠢᠬᠠᠨ ᠨᠦᠬᠦᠪᠦᠷᠢ ᠮᠦᠩᠭᠦ ᠶᠢ ᠭᠦᠢᠴᠡᠳ  ᠲᠤᠬᠢᠷᠠᠭᠤᠯᠬᠤ ᠬᠡᠷᠡᠭᠳᠡᠢ᠃ ᠬᠤᠷᠰᠢᠭᠰᠠᠨ ᠡᠮᠨᠡᠯᠭᠡ ᠳᠤ ᠤᠷᠤᠯᠴᠠᠭᠰᠠᠨ ᠡᠪᠡᠳᠴᠢᠳᠠᠨ ᠠᠶᠢᠮᠠᠭ ᠬᠤᠳᠠ ᠶᠢᠨ  ᠲᠤᠭᠲᠠᠭᠰᠠᠨ ᠴᠢᠭ ᠪᠤᠯᠬᠤ ᠪᠦᠬᠦ ᠡᠮᠨᠡᠯᠭᠡ ᠶᠢᠨ ᠪᠠᠶᠢᠭᠤᠯᠤᠮᠵᠢ ᠠᠴᠠ ᠭᠠᠷᠬᠤ ᠳᠠᠭᠠᠨ ᠲᠠᠷᠤᠶᠢᠬᠠᠨ ᠲᠠᠩᠰᠠᠨ  ᠴᠠᠶᠢᠷᠠᠭᠤᠯᠵᠦ ᠪᠤᠯᠤᠨ᠎ᠡ︔ ᠬᠦᠨᠳᠦ ᠡᠪᠡᠳᠴᠢᠨ ᠤ ᠨᠢᠭᠡ ᠦᠷᠳᠡᠭᠡ ᠮᠠᠶ᠋ᠢᠭ ᠤᠨ ᠲᠠᠩᠰᠠ ᠴᠠᠶᠢᠷᠠᠭᠤᠯᠬᠤ ᠲᠦᠷᠢᠮ ᠢ  ᠪᠦᠬᠦ ᠲᠠᠯ᠎ᠠ ᠪᠠᠷ ᠬᠡᠷᠡᠭᠵᠢᠭᠦᠯᠦᠨ᠎ᠡ᠃ ︽2016 ᠤᠨ ᠤ ᠰᠢᠨ᠎ᠡ ᠮᠠᠶ᠋ᠢᠭ ᠤᠨ ᠬᠦᠳᠡᠭᠡ ᠲᠤᠰᠬᠤᠨ ᠮᠠᠯᠵᠢᠬᠤ  ᠤᠷᠤᠨ ᠤ ᠬᠤᠷᠰᠢᠭᠰᠠᠨ ᠡᠮᠨᠡᠯᠭᠡ ᠶᠢᠨ ᠨᠦᠬᠦᠪᠦᠷᠢ ᠦᠭᠬᠦ ᠠᠷᠭ᠎ᠠ ᠶᠢᠨ ᠵᠢᠯᠤᠭᠤᠳᠬᠤ ᠰᠠᠨᠠᠯ︾ ᠳᠤ᠂ ᠡᠮᠨᠡᠯᠭᠡ ᠳᠤ  ᠰᠠᠭᠤᠬᠤ ᠪᠠᠷᠢᠮᠵᠢᠶ᠎ᠡ ᠶᠢ ᠰᠤᠮᠤᠨ ᠤ ᠡᠷᠡᠭᠦᠯ ᠬᠠᠮᠠᠭᠠᠯᠠᠯ ᠤᠨ ᠬᠤᠷᠢᠶ᠎ᠡ ᠳᠤ 150 ᠲᠦᠭᠦᠷᠢᠭ ᠠᠴᠠ ᠲᠡᠭᠡᠭᠰᠢ  ᠵᠠᠷᠤᠭᠰᠠᠨ ᠪᠤᠯ ᠲᠠᠩᠰᠠ ᠴᠠᠶᠢᠷᠠᠭᠤᠯᠵᠦ᠂ ᠨᠦᠬᠦᠪᠦᠷᠢ ᠦᠭᠬᠦ ᠬᠠᠷᠢᠴᠠᠯ ᠨᠢ 100% ᠪᠤᠯᠤᠨ᠎ᠡ︔ ᠬᠤᠰᠢᠭᠤ  ᠰᠢᠶᠠᠨ ᠤ ᠬᠤᠶᠠᠳᠤᠭᠠᠷ ᠲᠡᠰ ᠠᠴᠠ ᠲᠤᠷᠤᠭᠰᠢ ᠡᠮᠨᠡᠯᠭᠡ ᠶᠢᠨ ᠬᠤᠷᠢᠶ᠎ᠡ ︵ᠬᠤᠶᠠᠳᠤᠭᠠᠷ ᠲᠡᠰ ᠢ ᠪᠠᠭᠳᠠᠭᠠᠨ᠎ᠠ︶ ᠳᠤ  400 ᠲᠦᠭᠦᠷᠢᠭ ᠠᠴᠠ ᠲᠡᠭᠡᠭᠰᠢ ᠵᠠᠷᠤᠭᠰᠠᠨ ᠪᠤᠯ ᠲᠠᠩᠰᠠᠨ ᠴᠠᠶᠢᠷᠠᠭᠤᠯᠵᠦ᠂ ᠨᠦᠬᠦᠪᠦᠷᠢ ᠶᠢᠨ ᠬᠠᠷᠢᠴᠠᠯ ᠢ  85% ᠳᠤ ᠬᠦᠷᠭᠡᠨ᠎ᠡ︔ ᠬᠤᠰᠢᠭᠤ ᠰᠢᠶᠠᠨ ᠤ ᠭᠤᠷᠪᠠᠳᠤᠭᠠᠷ ᠲᠡᠰ ᠤᠨ ᠡᠮᠨᠡᠯᠭᠡ ᠶᠢᠨ ᠬᠤᠷᠢᠶ᠎ᠡ ᠳᠤ 600  ᠲᠦᠭᠦᠷᠢᠭ ᠠᠴᠠ ᠲᠡᠭᠡᠭᠰᠢ ᠵᠠᠷᠤᠭᠰᠠᠨ ᠪᠤᠯ ᠲᠠᠩᠰᠠᠨ ᠴᠠᠶᠢᠷᠠᠭᠤᠯᠵᠦ᠂ ᠨᠦᠬᠦᠪᠦᠷᠢ ᠶᠢᠨ ᠬᠠᠷᠢᠴᠠᠯ ᠢ 80% ᠳᠤ  ᠬᠦᠷᠭᠡᠨ᠎ᠡ︔ ᠠᠶᠢᠮᠠᠭ ᠬᠤᠳᠠ ᠶᠢᠨ ︵I ᠲᠦᠷᠦᠯ︶ ᠬᠤᠶᠠᠳᠤᠭᠠᠷ ᠲᠡᠰ ᠠᠴᠠ ᠲᠡᠭᠡᠭᠰᠢᠬᠢ ᠡᠮᠨᠡᠯᠭᠡ ᠶᠢᠨ ᠬᠤᠷᠢᠶ᠎ᠡ  ︵ᠬᠤᠶᠠᠳᠤᠭᠠᠷ ᠲᠡᠰ ᠢ ᠪᠠᠭᠳᠠᠭᠠᠨ᠎ᠠ︶ ᠳᠤ 600 ᠲᠦᠭᠦᠷᠢᠭ ᠠᠴᠠ ᠲᠡᠭᠡᠭᠰᠢ ᠵᠠᠷᠤᠭᠰᠠᠨ ᠪᠤᠯ ᠲᠠᠩᠰᠠᠨ  ᠴᠠᠶᠢᠷᠠᠭᠤᠯᠵᠦ᠂ ᠨᠦᠬᠦᠪᠦᠷᠢ ᠶᠢᠨ ᠬᠠᠷᠢᠴᠠᠯ ᠢ 75% ᠳᠤ ᠬᠦᠷᠭᠡᠨ᠎ᠡ︔ ᠠᠶᠢᠮᠠᠭ ᠬᠤᠳᠠ ᠶᠢᠨ ︵II ᠲᠦᠷᠦᠯ︶  ᠭᠤᠷᠪᠠᠳᠤᠭᠠᠷ ᠲᠡᠰ ᠠᠴᠠ ᠲᠡᠭᠡᠭᠰᠢᠬᠢ ᠡᠮᠨᠡᠯᠭᠡ ᠶᠢᠨ ᠬᠤᠷᠢᠶ᠎ᠡ ᠳᠤ 1000 ᠲᠦᠭᠦᠷᠢᠭ ᠠᠴᠠ ᠲᠡᠭᠡᠭᠰᠢ ᠵᠠᠷᠤᠭᠰᠠᠨ  ᠪᠤᠯ ᠲᠠᠩᠰᠠᠨ ᠴᠠᠶᠢᠷᠠᠭᠤᠯᠵᠦ᠂ ᠨᠦᠬᠦᠪᠦᠷᠢ ᠶᠢᠨ ᠬᠠᠷᠢᠴᠠᠯ ᠢ 65% ᠳᠤ ᠬᠦᠷᠭᠡᠨ᠎ᠡ︔ ᠦᠪᠡᠷᠳᠡᠭᠡᠨ ᠵᠠᠰᠠᠬᠤ  ᠤᠷᠤᠨ ᠤ ᠭᠤᠷᠪᠠᠳᠤᠭᠠᠷ ᠲᠡᠰ ᠤᠨ ᠡᠮᠨᠡᠯᠭᠡ ᠶᠢᠨ ᠬᠤᠷᠢᠶ᠎ᠡ ᠳᠤ 1500 ᠲᠦᠭᠦᠷᠢᠭ ᠠᠴᠠ ᠲᠡᠭᠡᠭᠰᠢ ᠵᠠᠷᠤᠭᠰᠠᠨ  ᠪᠤᠯ ᠲᠠᠩᠰᠠᠨ ᠴᠠᠶᠢᠷᠠᠭᠤᠯᠵᠦ᠂ ᠨᠦᠬᠦᠪᠦᠷᠢ ᠶᠢᠨ ᠬᠠᠷᠢᠴᠠᠯ ᠢ 65% ᠳᠤ ᠬᠦᠷᠭᠡᠨ᠎ᠡ︔ ᠦᠪᠡᠷᠳᠡᠭᠡᠨ ᠵᠠᠰᠠᠬᠤ  ᠤᠷᠤᠨ ᠠᠴᠠ ᠭᠠᠳᠠᠨᠠᠬᠢ ᠡᠮᠨᠡᠯᠭᠡ ᠶᠢᠨ ᠬᠤᠷᠢᠶ᠎ᠡ ᠳᠤ 2000 ᠲᠦᠭᠦᠷᠢᠭ ᠠᠴᠠ ᠲᠡᠭᠡᠭᠰᠢ ᠵᠠᠷᠤᠭᠰᠠᠨ ᠪᠤᠯ ᠲᠠᠩᠰᠠᠨ  ᠴᠠᠶᠢᠷᠠᠭᠤᠯᠵᠦ᠂ ᠨᠦᠬᠦᠪᠦᠷᠢ ᠶᠢᠨ ᠬᠠᠷᠢᠴᠠᠯ ᠢ 55% ᠬᠦᠷᠭᠡᠨ᠎ᠡ ᠭᠡᠵᠦ ᠲᠤᠭᠳᠠᠭᠠᠵᠠᠢ᠃ ᠬᠤᠷᠰᠢᠭᠰᠠᠨ  ᠡᠮᠨᠡᠯᠭᠡ ᠳᠤ ᠤᠷᠤᠭᠰᠠᠨ ᠬᠦᠮᠦᠰ ᠨᠢᠭᠡ ᠵᠢᠯ ᠤᠨ ᠲᠤᠳᠤᠷ᠎ᠠ ᠠᠳᠠᠯᠢ ᠲᠡᠰ ᠤᠨ ᠡᠮᠨᠡᠯᠭᠡ ᠶᠢᠨ ᠪᠠᠶᠢᠭᠤᠯᠤᠮᠵᠢ ᠳᠤ  ᠬᠤᠶᠠᠷ ᠠᠴᠠ ᠲᠡᠭᠡᠭᠰᠢ ᠤᠳᠠᠭ᠎ᠠ ᠡᠮᠨᠡᠯᠭᠡ ᠳᠤ ᠰᠠᠭᠤᠭᠰᠠᠨ ᠪᠠᠶᠢᠪᠠᠯ᠂ ᠡᠬᠢᠯᠡᠨ ᠲᠠᠩᠰᠠ ᠴᠠᠶᠢᠷᠠᠭᠤᠯᠵᠦ ᠦᠭᠬᠦ  ᠬᠠᠷᠢᠴᠠᠯ ᠢ 50% ᠪᠠᠷ ᠪᠠᠭᠠᠰᠬᠠᠨ᠎ᠠ︔ ᠰᠢᠶᠠᠨ ᠤ ᠲᠡᠰ ᠵᠢᠴᠢ ᠡᠭᠦᠨ ᠠᠴᠠ ᠲᠡᠭᠡᠭᠰᠢ ᠬᠢᠳᠡᠳ ᠮᠤᠩᠭᠤᠯ  ᠡᠮᠨᠡᠯᠭᠡ ᠶᠢᠨ ᠬᠤᠷᠢᠶ᠎ᠡ ᠳᠤ ᠰᠠᠭᠤᠵᠦ ᠡᠮᠴᠢᠯᠡᠭᠦᠯᠦᠭᠰᠡᠨ ᠪᠠᠶᠢᠪᠠᠯ ᠡᠬᠢᠯᠡᠨ ᠲᠠᠩᠰᠠ ᠴᠠᠶᠢᠷᠠᠭᠤᠯᠵᠦ ᠦᠭᠬᠦ  ᠬᠠᠷᠢᠴᠠᠯ ᠢ 50% ᠪᠠᠷ ᠪᠠᠭᠠᠰᠬᠠᠨ᠎ᠠ᠃ ᠬᠤᠶᠠᠷ ᠲᠦᠷᠦᠯ ᠤᠨ ᠡᠬᠢᠯᠡᠨ ᠲᠠᠩᠰᠠᠨ ᠴᠠᠶᠢᠷᠠᠭᠤᠯᠬᠤ ᠬᠠᠷᠢᠴᠠᠯ ᠢ  ᠪᠠᠭᠠᠰᠬᠠᠬᠤ ᠬᠠᠷᠠᠭᠠᠯᠵᠠᠯ ᠢ ᠵᠡᠷᠭᠡᠪᠡᠷ ᠬᠦᠷᠳᠡᠵᠦ ᠪᠠᠶᠢᠭ᠎ᠠ ᠪᠤᠯ ᠵᠦᠪᠬᠡᠨ ᠬᠠᠮᠤᠭ ᠦᠨᠳᠦᠷ ᠲᠡᠰ ᠤᠨ  ᠬᠠᠷᠠᠭᠠᠯᠵᠠᠯᠠᠯ ᠢ ᠡᠳ᠋ᠯᠡᠨ᠎ᠡ᠃ ᠲᠠᠩᠰᠠ ᠪᠠᠶᠢᠭᠤᠯᠵᠦ ᠺᠠᠷᠲ ᠬᠢᠯᠭᠡᠭᠰᠡᠨ ᠶᠠᠳᠠᠭᠤ ᠬᠦᠴᠢᠷᠳᠡᠢ ᠬᠦᠮᠦᠰ ᠡᠯ᠎ᠡ ᠲᠡᠰ ᠤᠨ  ᠲᠤᠭᠳᠠᠭᠰᠠᠨ ᠡᠮᠨᠡᠯᠭᠡ ᠶᠢᠨ ᠪᠠᠶᠢᠭᠤᠯᠤᠮᠵᠢ ᠳᠤ ᠰᠠᠭᠤᠵᠦ ᠡᠮᠴᠢᠯᠡᠬᠦᠯᠬᠦ ᠳᠤ ᠡᠬᠢᠯᠡᠨ ᠲᠠᠩᠰᠠ ᠴᠠᠶᠢᠷᠠᠭᠤᠯᠬᠤ  ᠪᠠᠷᠢᠮᠵᠢᠶ᠎ᠡ ᠶᠢ 50% ᠪᠠᠷ ᠪᠠᠭᠠᠰᠬᠠᠵᠦ᠂ ᠲᠠᠩᠰᠠ ᠴᠠᠶᠢᠷᠠᠭᠤᠯᠬᠤ ᠬᠠᠷᠢᠴᠠᠯ ᠢ ᠨᠢ 5 ᠵᠠᠭᠤᠨ ᠤ ᠬᠤᠪᠢ ᠨᠡᠮᠡᠵᠦ  ᠦᠭᠭᠦᠨ᠎ᠡ᠃  
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号